ᠱᠠᠩᠳᠤ ᠰᠢᠶᠠᠨ ᠤ ᠠᠭᠤᠯᠠᠨ ᠦᠶᠡᠷ ᠤᠨ ᠭᠠᠮᠰᠢᠭ ᠢ ᠰᠡᠷᠭᠡᠶᠢᠯᠡᠬᠦ ᠰᠣᠷᠢᠯᠲᠠ ᠥᠷᠨᠢᠭᠦᠯᠪᠡ
ᠨᠡᠶᠢᠲᠡᠯᠡᠭᠰᠡᠨ ᠴᠠᠭ᠄
2024/7/2
   ᠦᠶᠡᠷ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠤᠬᠠᠮᠰᠠᠷ ᠢ ᠪᠠᠲᠤ ᠪᠠᠬᠢ ᠪᠤᠢ ᠪᠣᠯᠭᠠᠵᠤ᠂ ᠦᠶᠡᠷ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠠᠵᠢᠯ ᠢ ᠴᠢᠩᠭ᠎ᠠ ᠪᠥᠭᠡᠳ ᠪᠣᠳᠠᠲᠠᠶ ᠪᠠᠷ ᠰᠠᠶᠢᠲᠤᠷ ᠬᠢᠵᠦ᠂ ᠠᠷᠠᠳ ᠤᠯᠠᠨ ᠤ ᠠᠮᠢ ᠨᠠᠰᠤ ᠡᠳ᠋ ᠬᠦᠷᠦᠩᠭᠡ ᠶᠢᠨ ᠠᠮᠤᠷ ᠲᠦᠪᠰᠢᠨ ᠢ ᠪᠠᠲᠤᠯᠠᠬᠤ ᠶᠢᠨ ᠲᠥᠯᠥᠭᠡ᠂ 7 ᠰᠠᠷ᠎ᠠ ᠶᠢᠨ 1 ᠤ ᠡᠳᠦᠷ᠂ ᠱᠠᠩᠳᠤ ᠰᠢᠶᠠᠨ ᠠᠭᠤᠯᠠᠨ ᠦᠶᠡᠷ ᠤᠨ ᠭᠠᠮᠰᠢᠭ ᠢ ᠰᠡᠷᠭᠡᠶᠢᠯᠡᠬᠦ ᠰᠣᠷᠢᠯᠲᠠ ᠬᠢᠪᠡ᠃ ᠵᠠᠰᠠᠭ ᠤᠨ ᠣᠷᠳᠣᠨ ᠤ ᠳᠡᠳ᠋ ᠰᠢᠶᠠᠨ ᠤ ᠳᠠᠷᠤᠭ᠎ᠠ ᠵᠠᠩ ᠭᠤᠸᠠᠩ ᠪᠣᠯᠤᠨ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠲᠣᠰ ᠤᠳᠠᠭᠠᠨ ᠤ ᠰᠣᠷᠢᠯᠲᠠ ᠶᠢ ᠲᠣᠭᠤᠷᠢᠨ ᠦᠵᠡᠪᠡ᠃    ᠲᠣᠰ ᠤᠳᠠᠭᠠᠨ ᠤ ᠰᠣᠷᠢᠯᠲᠠ ᠳᠤ ᠵᠢᠯᠣᠭᠤᠳᠬᠤ ᠭᠠᠵᠠᠷ ᠤᠨ ᠵᠢᠯᠣᠭᠤᠳᠣᠯᠭ᠎ᠠ ᠪᠠ ᠦᠵᠡᠭᠳᠡᠯ ᠠᠴᠠ ᠪᠣᠯᠵᠤ ᠪᠠᠶᠢᠭᠤᠯᠬᠤ ᠠᠷᠭ᠎ᠠ ᠬᠡᠯᠪᠡᠷᠢ ᠶᠢ ᠠᠪᠴᠤ᠂ ᠱᠠᠩᠳᠤ ᠰᠢᠶᠠᠨ ᠤ ᠪᠦᠳᠦᠭᠦᠨ ᠭᠤᠤᠯ ᠤᠨ ᠤᠰᠤᠨ ᠴᠥᠭᠦᠷᠥᠮ ᠤᠨ ᠳᠡᠭᠡᠳᠦ ᠤᠷᠤᠰᠬᠠᠯ ᠭᠡᠨᠡᠳᠲᠡ ᠰᠢᠷᠦᠭᠦᠨ ᠪᠣᠷᠣᠭᠠᠨ ᠣᠷᠣᠵᠤ᠂ ᠬᠥᠮᠥᠷᠭᠡ ᠳᠤ ᠣᠷᠣᠭᠤᠯᠬᠤ ᠤᠷᠤᠰᠬᠠᠯ ᠤᠨ ᠬᠡᠮᠵᠢᠶ᠎ᠡ ᠨᠡᠮᠡᠭᠳᠡᠵᠦ᠂ ᠤᠰᠤᠨ ᠴᠥᠭᠦᠷᠥᠮ ᠤᠨ ᠤᠰᠤᠨ ᠲᠦᠪᠰᠢᠨ ᠳᠡᠭᠡᠭᠰᠢᠯᠡᠵᠦ᠂ ᠬᠠᠰᠢᠯᠭ᠎ᠠ ᠰᠡᠲᠡᠷᠡᠬᠦ ᠠᠶᠤᠯ ᠳᠤ ᠴᠠᠭ ᠢᠮᠠᠭᠲᠠ ᠲᠤᠯᠭᠠᠷᠠᠵᠤ ᠪᠠᠶᠢᠨ᠎ᠠ᠃ ᠰᠣᠷᠢᠯᠲᠠ ᠶᠢᠨ ᠶᠠᠪᠤᠴᠠ ᠳᠤ᠂ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠡᠩᠨᠡᠭᠡ ᠦᠳᠲᠡᠷ ᠲᠦᠷᠭᠡᠨ ᠴᠤᠭᠯᠠᠷᠠᠵᠤ᠂ ᠰᠣᠷᠢᠯᠲᠠ ᠶᠢᠨ ᠶᠡᠷᠦᠩᠬᠡᠶ ᠵᠢᠯᠣᠭᠤᠳᠣᠭᠴᠢ ᠶᠢᠨ ᠨᠢᠭᠡᠳᠦᠯᠲᠡᠶ ᠵᠢᠯᠣᠭᠤᠳᠣᠯᠭ᠎ᠠ ᠳᠣᠤᠷ᠎ᠠ᠂ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ ᠶᠣᠰᠣᠭᠠᠷ᠂ ᠡᠷᠡᠭᠦᠯ ᠬᠠᠮᠠᠭᠠᠯᠠᠯ᠂ ᠴᠠᠭ ᠠᠭᠤᠷ᠂ ᠳᠣᠲᠣᠭᠠᠳᠤ ᠶᠢ ᠬᠠᠮᠠᠭᠠᠯᠠᠬᠤ ᠵᠡᠷᠭᠡ ᠰᠠᠯᠠᠭ᠎ᠠ ᠮᠥᠴᠢᠷ ᠤᠳ ᠬᠢᠨᠠᠨ ᠬᠡᠮᠵᠢᠬᠦ ᠲᠥᠬᠦᠭᠡᠷᠦᠮᠵᠢ ᠪᠠ ᠬᠢᠨᠠᠨ ᠬᠡᠮᠵᠢᠬᠦ ᠲᠠᠪᠴᠠᠩ ᠢ ᠬᠤᠯᠪᠣᠭᠠᠯᠠᠨ ᠬᠥᠳᠡᠯᠦᠯᠴᠡᠵᠦ ᠠᠰᠢᠭᠯᠠᠨ᠂ ᠪᠠᠴᠢᠮ ᠪᠠᠶᠢᠳᠠᠯ ᠢ ᠠᠷᠭᠠᠴᠠᠬᠤ ᠶᠢ ᠳᠠᠭᠠᠬᠤ᠂ ᠵᠥᠪᠳᠡᠯᠴᠡᠨ ᠰᠤᠳᠤᠯᠤᠨ ᠮᠠᠭᠠᠳᠯᠠᠵᠤ ᠪᠠᠶᠢᠷᠢᠯᠠᠭᠤᠯᠬᠤ᠂ ᠪᠠᠴᠢᠮ ᠰᠢᠯᠵᠢᠭᠦᠯᠦᠨ ᠬᠡᠷᠡᠭᠵᠢᠭᠦᠯᠬᠦ ᠶᠢ ᠬᠡᠷᠡᠭᠵᠢᠭᠦᠯᠬᠦ ᠶᠢᠨ ᠬᠠᠮᠲᠤ ᠲᠣᠰᠬᠤᠨ ᠤ ᠠᠷᠠᠳ ᠢ ᠲᠥᠪᠬᠢᠨᠡᠭᠦᠯᠬᠦ ᠵᠡᠷᠭᠡ ᠪᠣᠳᠠᠲᠤ ᠪᠠᠶᠢᠯᠳᠤᠭᠠᠨ ᠤ ᠰᠣᠷᠢᠯᠲᠠ ᠶᠢ ᠥᠷᠨᠢᠭᠦᠯᠪᠡ᠃    ᠱᠠᠩᠳᠤ ᠰᠢᠶᠠᠨ ᠤ ᠤᠰᠤᠨ ᠠᠰᠢᠭᠯᠠᠯᠲᠠ ᠶᠢᠨ ᠲᠣᠪᠴᠢᠶᠠᠨ ᠤ ᠳᠡᠳ᠋ ᠳᠠᠷᠤᠭ᠎ᠠ ᠵᠠᠩ ᠰᠢᠤᠸᠠᠢ ᠡᠦ᠄ ︽ᠡᠨᠡ ᠤᠳᠠᠭᠠᠨ ᠤ ᠰᠣᠷᠢᠯᠲᠠ ᠶᠢ ᠡᠷᠬᠢᠯᠡᠬᠦ ᠨᠢ ᠠᠭᠤᠯᠠᠨ ᠦᠶᠡᠷ ᠤᠨ ᠭᠠᠮᠰᠢᠭ ᠢ ᠰᠡᠷᠭᠡᠶᠢᠯᠡᠬᠦ ᠠᠵᠢᠯ ᠢ ᠤᠯᠠᠮ ᠨᠢᠭᠡ ᠠᠯᠬᠤᠮ ᠰᠠᠶᠢᠲᠤᠷ ᠬᠢᠵᠦ᠂ ᠠᠷᠠᠳ ᠣᠯᠠᠨ ᠤ ᠦᠶᠡᠷ ᠢ ᠰᠡᠷᠭᠡᠶᠢᠯᠡᠵᠦ ᠭᠠᠮᠰᠢᠭ ᠲᠠᠢ ᠲᠡᠮᠡᠴᠡᠬᠦ ᠤᠬᠠᠮᠰᠠᠷ ᠢ ᠳᠡᠭᠡᠭᠰᠢᠯᠡᠭᠦᠯᠵᠦ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠪᠠᠴᠢᠮ ᠪᠠᠶᠢᠳᠠᠯ ᠢ ᠠᠷᠭᠠᠴᠠᠵᠤ ᠠᠶᠤᠯ ᠠᠴᠠ ᠠᠪᠤᠷᠠᠬᠤ ᠴᠢᠳᠠᠪᠤᠷᠢ ᠪᠠ ᠬᠢᠷᠢ ᠲᠦᠪᠰᠢᠨ ᠢ ᠳᠡᠭᠡᠭᠰᠢᠯᠡᠭᠦᠯᠬᠦ ᠶᠢᠨ ᠲᠥᠯᠥᠭᠡ ᠶᠤᠮ︾ ᠭᠡᠵᠦ ᠬᠡᠯᠡᠪᠡ᠃    ᠲᠣᠰ ᠤᠳᠠᠭᠠᠨ ᠤ ᠰᠣᠷᠢᠯᠲᠠ ᠪᠠᠷ ᠳᠠᠮᠵᠢᠭᠤᠯᠤᠨ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ ᠤᠨ ᠬᠡᠷᠡᠭᠯᠡᠭᠡᠨ ᠤ ᠴᠢᠨᠠᠷ ᠪᠠ ᠬᠡᠷᠡᠭᠵᠢᠭᠦᠯᠵᠦ ᠪᠣᠯᠬᠤᠶᠢᠴᠠ ᠴᠢᠨᠠᠷ ᠢ ᠰᠢᠯᠭᠠᠨ ᠪᠠᠶᠢᠴᠠᠭᠠᠵᠤ᠂ ᠪᠠᠴᠢᠮ ᠪᠠᠶᠢᠳᠠᠯ ᠢ ᠠᠷᠭᠠᠴᠠᠵᠤ ᠠᠶᠤᠯ ᠠᠴᠠ ᠠᠪᠤᠷᠠᠬᠤ ᠡᠩᠨᠡᠭᠡᠨ ᠤ ᠪᠣᠳᠠᠲᠤ ᠪᠠᠶᠢᠯᠳᠤᠭᠠᠨ ᠤ ᠬᠢᠷᠢ ᠬᠡᠮᠵᠢᠶ᠎ᠡ ᠪᠠ ᠭᠡᠨᠡᠳᠲᠡ ᠶᠢᠨ ᠭᠠᠮᠰᠢᠭ ᠤᠨ ᠠᠳᠡᠯ ᠢ ᠵᠢᠯᠣᠭᠤᠳᠤᠨ ᠰᠢᠢᠳᠪᠦᠷᠢᠯᠡᠬᠦ ᠴᠢᠳᠠᠪᠤᠷᠢ ᠶᠢ ᠳᠡᠭᠡᠭᠰᠢᠯᠡᠭᠦᠯᠦᠨ᠂ ᠥᠷᠭᠡᠨ ᠣᠯᠠᠨ ᠠᠷᠠᠳ ᠲᠦᠮᠡᠨ ᠤ ᠭᠡᠨᠡᠳᠲᠡ ᠶᠢᠨ ᠦᠶᠡᠷ ᠤᠨ ᠭᠠᠮᠰᠢᠭ ᠢ ᠰᠢᠨᠵᠢᠯᠡᠬᠦ ᠤᠬᠠᠭᠠᠨᠴᠢ ᠪᠠᠷ ᠠᠷᠭᠠᠴᠠᠭᠠᠵᠤ᠂ ᠠᠶᠤᠯ ᠢ ᠰᠡᠷᠭᠡᠶᠢᠯᠡᠬᠦ ᠤᠬᠠᠮᠰᠠᠷ ᠢᠶᠠᠨ ᠳᠡᠭᠡᠭᠰᠢᠯᠡᠭᠦᠯᠦᠨ᠂ ᠭᠠᠮᠰᠢᠭ ᠤᠨ ᠬᠤᠬᠢᠷᠠᠯ ᠢ ᠬᠠᠮᠤᠭ ᠤᠨ ᠳᠣᠣᠷ᠎ᠠ ᠬᠡᠮᠵᠢᠶᠡᠨ ᠳᠤ ᠬᠦᠷᠲᠡᠯ᠎ᠡ ᠪᠠᠭᠤᠷᠠᠭᠤᠯᠪᠠ᠃
 
ᠢᠷᠡᠯᠲᠡ᠄ ᠱᠠᠩᠳᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004288号-2