ᠱᠠᠩᠳᠤ ᠰᠢᠶᠠᠨ ᠤ ᠡᠮᠡᠭᠲᠡᠶᠢᠴᠦᠳ ᠤᠨ ᠬᠤᠯᠪᠣᠭ᠎ᠠ ︽ᠨᠠᠮ ᠤᠨ ᠠᠴᠢ ᠶᠢ ᠮᠡᠳᠡᠷᠡᠬᠦ᠂ ᠨᠠᠮ ᠤᠨ ᠦᠭᠡ ᠶᠢ ᠰᠣᠨᠣᠰᠬᠤ᠂ ᠨᠠᠮ ᠢᠶᠠᠨ ᠳᠠᠭᠠᠬᠤ︾ ᠭᠤᠤᠯ ᠰᠡᠳᠦᠪᠲᠦ ᠤᠷᠠᠨ ᠤᠩᠰᠢᠯᠭ᠎ᠠ ᠶᠢᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/7/2
    ᠨᠠᠮ ᠤᠨ ᠲᠡᠦᠬᠡ ᠤᠭ ᠰᠠᠨᠠᠭ᠎ᠠ ᠪᠠᠨ ᠬᠥᠪᠴᠢᠯᠡᠵᠦ᠂ ᠬᠦᠰᠡᠯ ᠵᠡᠭᠦᠳᠦ ᠪᠠᠨ ᠲᠡᠷᠭᠡᠯᠰᠢᠭᠦᠯᠦᠨ ᠰᠢᠨ᠎ᠡ ᠠᠶᠠᠨ ᠢᠶᠠᠨ ᠡᠬᠢᠯᠡᠭᠦᠯᠵᠦ᠂ ᠥᠷᠭᠡᠨ ᠣᠯᠠᠨ ᠡᠮᠡᠭᠲᠡᠶᠢᠴᠦᠳ ᠤᠨ ᠨᠠᠮ ᠢᠶᠠᠨ ᠬᠠᠶᠢᠷᠠᠯᠠᠵᠤ ᠦᠢᠯᠡᠰ ᠢᠶᠠᠨ ᠳᠡᠭᠡᠳᠦᠯᠡᠬᠦ ᠬᠠᠷᠢᠭᠤᠴᠠᠯᠭᠠᠲᠤ ᠰᠡᠳᠬᠢᠯᠭᠡ ᠪᠠ ᠡᠭᠦᠷᠭᠡᠲᠦ ᠰᠡᠳᠬᠢᠯᠭᠡ ᠶᠢ ᠤᠯᠠᠮ ᠨᠢᠭᠡ ᠠᠯᠬᠤᠮ ᠬᠥᠭᠵᠢᠭᠡᠬᠦ ᠶᠢᠨ ᠲᠥᠯᠥᠭᠡ᠂ 7 ᠰᠠᠷ᠎ᠠ ᠶᠢᠨ 1 ᠤ ᠡᠳᠦᠷ᠂ ᠱᠠᠩᠳᠤ ᠰᠢᠶᠠᠨ ᠤ ᠡᠮᠡᠭᠲᠡᠶᠢᠴᠦᠳ ᠤᠨ ᠬᠤᠯᠪᠣᠭ᠎ᠠ ︽ᠨᠠᠮ ᠤᠨ ᠠᠴᠢ ᠶᠢ ᠮᠡᠳᠡᠷᠡᠵᠦ᠂ ᠨᠠᠮ ᠤᠨ ᠦᠭᠡ ᠶᠢ ᠰᠣᠨᠣᠰᠴᠤ᠂ ᠨᠠᠮ ᠢᠶᠠᠨ ᠳᠠᠭᠠᠬᠤ︾ ᠲᠤᠯᠤᠭᠠᠨ ᠰᠠᠷ᠎ᠠ ᠶᠢᠨ ᠨᠢᠭᠡᠨ ᠢ ᠪᠡᠯᠭᠡᠯᠡᠬᠦ ᠭᠤᠤᠯ ᠰᠡᠳᠦᠪᠲᠦ ᠤᠷᠠᠨ ᠤᠩᠰᠢᠯᠭ᠎ᠠ ᠶᠢᠨ ᠠᠵᠢᠯᠯᠠᠭ᠎ᠠ ᠥᠷᠨᠢᠭᠦᠯᠪᠡ᠃    ᠠᠵᠢᠯᠯᠠᠭ᠎ᠠ ᠶᠢᠨ ᠳᠤᠮᠳᠠ ︽ᠨᠠᠮ ᠡ᠂ ᠲᠦᠷᠦᠭᠰᠡᠨ ᠡᠳᠦᠷ ᠤᠨ ᠪᠠᠶᠠᠷ ᠲᠠᠢ︾᠂ ︽ᠵᠠᠭᠤᠨ ᠵᠢᠯ ᠢ ᠠᠯᠤᠰᠯᠠᠭᠰᠠᠨ ᠠᠮᠠᠯᠠᠯᠲᠠ︾᠂ ︽ᠵᠠᠯᠠᠭᠤ ᠨᠠᠰᠤᠨ ᠤ ᠳᠤᠮᠳᠠᠳᠤ ᠤᠯᠤᠰ︾᠂ ︽ᠨᠠᠮ ᠤᠨ ᠮᠠᠭᠲᠠᠭᠠᠯ ᠳᠠᠭᠤᠤ︾᠂ ︽ᠡᠭᠦᠷᠢᠳᠡ ᠨᠠᠮ ᠢᠶᠠᠨ ᠳᠠᠭᠠᠨ᠎ᠠ︾ ᠵᠡᠷᠭᠡ ᠣᠷᠴᠢᠨ ᠦᠶ᠎ᠡ ᠶᠢᠨ ᠬᠤᠪᠢᠰᠬᠠᠯᠲᠤ ᠰᠣᠩᠭᠤᠳᠠᠭ ᠰᠢᠯᠦᠭ᠂ ᠤᠯᠤᠰ ᠢᠶᠠᠨ ᠬᠠᠶᠢᠷᠠᠯᠠᠬᠤ ᠭᠠᠷᠴᠠᠭ ᠢᠶᠠᠷ ᠭᠤᠣᠯ ᠰᠡᠳᠦᠪ ᠪᠣᠯᠭᠠᠭᠰᠠᠨ ᠰᠢᠯᠦᠭ ᠳᠠᠭᠤᠯᠠᠯ ᠢ ᠮᠠᠭᠲᠠᠨ ᠰᠠᠶᠢᠰᠢᠶᠠᠵᠤ᠂ ᠪᠦᠬᠦ ᠰᠢᠶᠠᠨ ᠤ ᠡᠯ᠎ᠡ ᠹᠷᠣᠨᠲ ᠠᠴᠠ ᠢᠷᠡᠭᠰᠡᠨ ᠡᠮᠡᠭᠲᠡᠶᠢᠴᠦᠳ ᠤᠯᠠᠨ ᠲᠦᠮᠡᠨ ᠤ ᠭᠦᠨ ᠰᠡᠳᠬᠢᠯᠭᠡ ᠲᠠᠢ ᠪᠠᠷ ᠤᠶᠠᠩᠭᠠᠯᠠᠨ ᠤᠩᠰᠢᠵᠤ᠂ ᠴᠢᠩ ᠰᠡᠳᠬᠢᠯ ᠤᠨ ᠲᠣᠭᠯᠠᠯᠲᠠ ᠪᠠᠷ ᠳᠠᠮᠵᠢᠭᠤᠯᠤᠨ᠂ ᠠᠳᠠᠯᠢ ᠪᠤᠰᠤ ᠬᠠᠷᠠᠭᠠᠰᠤ ᠠᠴᠠ ᠨᠠᠮ ᠤᠨ ᠶᠠᠪᠤᠵᠤ ᠥᠩᠭᠡᠷᠡᠭᠰᠡᠨ ᠭᠡᠷᠡᠯ ᠰᠠᠴᠤᠷᠠᠩᠭᠤᠢ ᠲᠡᠦᠬᠡ ᠶᠢ ᠡᠷᠭᠢᠴᠡᠭᠦᠯᠵᠦ᠂ ᠨᠠᠮ ᠤᠨ ᠠᠭᠤᠤ ᠭᠠᠪᠢᠶ᠎ᠠ ᠠᠤᠭ᠎ᠠ ᠵᠢᠳᠬᠦᠯ ᠢ ᠮᠠᠭᠲᠠᠨ ᠳᠠᠭᠤᠯᠠᠵᠤ᠂ ᠨᠠᠮ ᠤᠨ ᠪᠠᠯᠠᠷᠠᠰᠢ ᠦᠭᠡᠢ ᠵᠣᠷᠢᠭ ᠰᠠᠨᠠᠭ᠎ᠠ ᠶᠢ ᠣᠶᠢᠯᠠᠭᠠᠵᠤ᠂ ᠲᠤᠬᠠᠢ ᠶᠢᠨ ᠲᠠᠯᠠᠪᠠᠢ ᠳᠤ ᠪᠠᠶᠢᠭᠰᠠᠨ ᠬᠥᠮᠦᠰ ᠤᠨ ᠬᠠᠶᠢᠷ᠎ᠠ ᠰᠡᠳᠬᠢᠯᠭᠡ ᠶᠢ ᠬᠥᠭᠵᠢᠭᠡᠪᠡ᠃    ᠤᠶᠠᠩᠭᠠᠯᠠᠨ ᠤᠩᠰᠢᠬᠤ ᠳᠤ ᠣᠷᠣᠯᠴᠠᠭᠰᠠᠨ ᠡᠮᠡᠭᠲᠡᠶᠢᠴᠦᠳ ᠬᠤᠶᠢᠰᠢᠳᠠ ᠶᠢᠨ ᠠᠵᠢᠯ ᠤᠨ ᠳᠤᠮᠳᠠ ᠪᠠᠨ ᠢᠮᠠᠭᠲᠠ ᠬᠦᠰᠡᠯᠡᠩ ᠢᠲᠡᠭᠡᠯ ᠪᠢᠰᠢᠷᠡᠯ ᠢᠶᠠᠨ ᠪᠠᠲᠤᠳᠬᠠᠵᠤ᠂ ᠨᠠᠮ ᠳᠠᠭᠠᠨ ᠦᠨᠡᠨᠴᠢ ᠰᠢᠳᠤᠷᠭᠤ ᠪᠠᠶᠢᠬᠤ ᠤᠯᠤᠰ ᠲᠦᠷᠦ ᠶᠢᠨ ᠬᠡᠪ ᠴᠢᠨᠠᠷ ᠢᠶᠠᠨ ᠢᠮᠠᠭᠲᠠ ᠪᠠᠷᠢᠮᠲᠠᠯᠠᠵᠤ᠂ ᠤᠬ ᠰᠠᠨᠠᠭ᠎ᠠ ᠪᠠᠨ ᠰᠠᠬᠢᠵᠤ᠂ ᠡᠭᠦᠷᠭᠡ ᠬᠠᠷᠢᠭᠤᠴᠠᠯᠭ᠎ᠠ ᠪᠠᠨ ᠡᠭᠦᠷᠭᠡᠯᠡᠵᠦ᠂ ᠬᠤᠪᠢᠰᠬᠠᠯ ᠤᠨ ᠤᠳᠤᠮᠰᠢᠯ ᠢ ᠤᠯᠠᠮᠵᠢᠯᠠᠵᠤ᠂ ᠬᠤᠪᠢᠰᠬᠠᠯ ᠤᠨ ᠵᠣᠷᠢᠭ ᠰᠠᠨᠠᠭ᠎ᠠ ᠶᠢ ᠪᠠᠳᠠᠷᠠᠭᠤᠯᠵᠤ᠂ ᠨᠠᠮ ᠤᠨ ᠠᠴᠢ ᠳᠤ ᠨᠡᠩ ᠡᠷᠡᠰ ᠪᠠᠲᠤ ᠮᠡᠳᠡᠷᠡᠵᠦ᠂ ᠨᠠᠮ ᠤᠨ ᠦᠭᠡ ᠶᠢ ᠰᠣᠨᠣᠰᠴᠤ᠂ ᠨᠠᠮ ᠢᠶᠠᠨ ᠳᠠᠭᠠᠬᠤ ᠠᠵᠢᠯᠯᠠᠭ᠎ᠠ ᠶᠢᠨ ᠤᠬᠠᠮᠰᠠᠷ ᠢᠶᠠᠨ ᠨᠡᠩ ᠡᠷᠡᠰ ᠪᠠᠲᠤ ᠪᠣᠯᠭᠠᠵᠤ᠂ ᠮᠠᠨ ᠤ ᠰᠢᠶᠠᠨ ᠢ ᠨᠡᠩ ᠪᠠᠶᠠᠨ ᠴᠢᠨᠡᠭᠡᠯᠢᠭ ᠰᠠᠶᠢᠨ ᠰᠠᠶᠢᠬᠠᠨ ᠪᠣᠯᠭᠠᠨ ᠪᠦᠳᠦᠭᠡᠨ ᠪᠠᠶᠢᠭᠤᠯᠬᠤ ᠶᠢᠨ ᠲᠥᠯᠥᠭᠡ ᠴᠥᠬᠦᠷᠡᠰᠢ ᠦᠭᠡᠢ ᠲᠡᠮᠡᠴᠡᠨ᠎ᠡ ᠭᠡᠵᠦ ᠢᠯᠡᠳᠬᠡᠵᠡᠭᠡᠪᠡ᠃    ᠤᠩᠰᠢᠯᠭ᠎ᠠ ᠶᠢᠨ ᠬᠤᠭᠤᠴᠠᠭᠠᠨ ᠳᠤ᠂ ᠲᠤᠬᠠᠢ ᠶᠢᠨ ᠲᠠᠯᠠᠪᠠᠢ ᠳᠤ ᠪᠠᠶᠢᠭᠰᠠᠨ ᠲᠣᠭᠯᠠᠭᠴᠢ ᠪᠠᠰᠠ ᠬᠤᠣᠰ ᠳᠠᠭᠤᠤ᠂ ᠪᠥᠵᠢᠭ᠂ ᠵᠡᠭᠦᠨ ᠵᠠᠮ ᠤᠨ ᠬᠤᠶᠠᠷ ᠬᠥᠮᠦᠨ ᠤ ᠲᠠᠪᠴᠠᠩ ᠵᠡᠷᠭᠡ ᠠᠳᠠᠯᠢ ᠪᠤᠰᠤ ᠤᠷᠠᠯᠢᠭ ᠤᠨ ᠢᠯᠡᠷᠡᠯ ᠤᠨ ᠬᠡᠯᠪᠡᠷᠢ ᠪᠠᠷ ᠳᠠᠮᠵᠢᠭᠤᠯᠵᠤ᠂ ᠤᠯᠠᠨ ᠢᠶᠠᠷ ᠢᠶᠠᠨ ᠨᠠᠮ᠂ ᠡᠬᠡ ᠤᠯᠤᠰ ᠲᠠᠭᠠᠨ ᠬᠢᠵᠠᠭᠠᠯᠠᠰᠢ ᠦᠭᠡᠢ ᠬᠠᠶᠢᠷ᠎ᠠ ᠰᠡᠳᠬᠢᠯᠭᠡ ᠪᠠᠨ ᠢᠯᠡᠳᠬᠡᠵᠡᠢ᠃    ᠰᠢᠶᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠵᠠᠰᠠᠭ ᠤᠨ ᠣᠷᠳᠣᠨ᠂ ᠤᠯᠤᠰ ᠲᠦᠷᠦ ᠶᠢᠨ ᠵᠥᠪᠯᠡᠯᠭᠡᠨ᠂ ᠰᠠᠬᠢᠯᠭ᠎ᠠ ᠪᠠᠲᠤ ᠪᠠᠶᠢᠴᠠᠭᠠᠬᠤ ᠵᠡᠷᠭᠡ ᠰᠠᠯᠠᠭ᠎ᠠ ᠮᠥᠴᠢᠷ ᠨᠢᠭᠡᠴᠡ ᠶᠢᠨ ᠬᠠᠷᠢᠭᠤᠴᠠᠯᠭᠠᠲᠠᠨ ᠠᠵᠢᠯᠯᠠᠭ᠎ᠠ ᠶᠢ ᠰᠣᠨᠢᠷᠬᠠᠪᠠ᠃
 
ᠢᠷᠡᠯᠲᠡ᠄ ᠱᠠᠩᠳᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004288号-2