ᠨᠢᠭᠡ ᠤᠳᠠᠭᠠᠨ ᠤ ᠣᠨᠴᠠᠭᠠᠢ ᠭᠤᠣᠯ ᠰᠡᠳᠦᠪᠲᠦ ᠨᠠᠮ ᠤᠨ ᠡᠳᠦᠷ ᠤᠨ ᠠᠵᠢᠯᠯᠠᠭ᠎ᠠ
ᠨᠡᠶᠢᠲᠡᠯᠡᠭᠰᠡᠨ ᠴᠠᠭ᠄
2024/7/2
   ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ 103 ᠵᠢᠯ ᠤᠨ ᠤᠢ ᠶᠢ ᠪᠡᠯᠭᠡᠯᠡᠬᠦ ᠶᠢᠨ ᠲᠥᠯᠥᠭᠡ᠂ 6 ᠰᠠᠷ᠎ᠠ ᠶᠢᠨ 25 ᠤ ᠡᠳᠦᠷ᠂ ᠱᠠᠩᠳᠤ ᠰᠢᠶᠠᠨ ᠤ ᠴᠢ ᠲᠠᠢ ᠪᠠᠯᠭᠠᠰᠤᠨ ᠤ ᠢᠳᠡᠰᠢᠨ ᠨᠣᠭᠤᠭᠠᠨ ᠤ ᠲᠠᠯᠠᠪᠠᠢ ᠨᠡᠶᠢᠭᠡᠮ ᠲᠣᠭᠤᠷᠢᠭ ︽ᠡᠭᠦᠷᠢᠳᠡ ᠨᠠᠮ ᠢᠶᠠᠨ ᠳᠠᠭᠠᠬᠤ︾ ᠭᠤᠣᠯ ᠰᠡᠳᠦᠪᠲᠦ ᠨᠠᠮ ᠤᠨ ᠡᠳᠦᠷ ᠢ ᠪᠡᠯᠭᠡᠯᠡᠬᠦ ᠠᠵᠢᠯᠯᠠᠭ᠎ᠠ ᠶᠢ ᠨᠠᠷᠢᠨ ᠨᠢᠮᠪᠠᠢ ᠲᠥᠰᠦᠪᠯᠡᠨ ᠡᠷᠬᠢᠯᠡᠪᠡ᠃    ᠲᠣᠰ ᠤᠳᠠᠭᠠᠨ ᠤ ᠠᠵᠢᠯᠯᠠᠭ᠎ᠠ ᠶᠢᠨ ᠵᠣᠷᠢᠯᠭ᠎ᠠ ᠨᠢ ᠨᠠᠮ ᠤᠨ ᠬᠡᠷᠡᠯ ᠰᠠᠴᠤᠷᠠᠩᠭᠤᠶ ᠥᠩᠭᠡᠷᠡᠯᠲᠡ ᠶᠢ ᠡᠷᠭᠢᠴᠡᠭᠦᠯᠵᠦ᠂ ᠨᠠᠮ ᠤᠨ ᠰᠢᠯᠢᠳᠡᠭ ᠤᠯᠠᠮᠵᠢᠯᠠᠯ ᠢ ᠪᠠᠳᠠᠷᠠᠭᠤᠯᠵᠤ᠂ ᠨᠡᠶᠢᠭᠡᠮ ᠲᠣᠭᠤᠷᠢᠭ ᠤᠨ ᠨᠠᠮ ᠤᠨ ᠭᠡᠰᠢᠭᠦᠨ ᠤ ᠨᠠᠮ ᠢᠶᠠᠨ ᠬᠠᠶᠢᠷᠠᠯᠠᠵᠤ ᠤᠯᠤᠰ ᠢᠶᠠᠨ ᠬᠠᠶᠢᠷᠠᠯᠠᠬᠤ ᠰᠡᠳᠬᠢᠯᠭᠡ ᠶᠢ ᠬᠥᠭᠵᠢᠭᠡᠵᠦ᠂ ᠨᠡᠶᠢᠭᠡᠮ ᠲᠣᠭᠤᠷᠢᠭ ᠤᠨ ᠨᠠᠮ ᠤᠨ ᠵᠣᠬᠢᠶᠠᠨ ᠪᠠᠶᠢᠭᠤᠯᠤᠯᠲᠠ ᠶᠢᠨ ᠳᠣᠲᠣᠨᠤ ᠬᠦᠴᠦᠨ᠂ ᠨᠢᠭᠲᠠᠷᠠᠯ ᠤᠨ ᠬᠦᠴᠦᠨ᠂ ᠳᠠᠶᠢᠴᠢᠨ ᠬᠦᠴᠦᠨ ᠢ ᠨᠡᠮᠡᠭᠳᠡᠭᠦᠯᠬᠦ ᠶᠢᠨ ᠲᠥᠯᠥᠭᠡ ᠶᠤᠮ᠃ ᠨᠡᠶᠢᠭᠡᠮ ᠲᠣᠭᠤᠷᠢᠭ ᠤᠨ ︽ᠬᠤᠶᠠᠷ ᠵᠥᠪᠯᠡᠯ︾ ᠤᠨ ᠪᠦᠷᠢᠯᠳᠦᠬᠦᠨ᠂ ᠨᠠᠮ ᠤᠨ ᠭᠡᠰᠢᠭᠦᠨ᠂ ᠰᠢᠨ᠎ᠡ ᠪᠠᠷ ᠡᠯᠰᠡᠭᠰᠡᠨ ᠨᠠᠮ ᠤᠨ ᠭᠡᠰᠢᠭᠦᠨ ᠤ ᠲᠥᠯᠥᠭᠡᠯᠡᠭᠴᠢ᠂ ᠨᠡᠶᠢᠭᠡᠮ ᠲᠣᠭᠤᠷᠢᠭ ᠤᠨ ᠤᠳᠬ᠎ᠠ ᠤᠷᠠᠯᠢᠭ ᠤᠨ ᠪᠦᠯᠬᠦᠮ ᠪᠣᠯᠤᠨ ᠬᠠᠷᠢᠶ᠎ᠠ ᠣᠷᠣᠨ ᠤ ᠰᠠᠭᠤᠭᠠᠯᠢ ᠠᠷᠠᠳ ᠤᠨ ᠲᠥᠯᠥᠭᠡᠯᠡᠭᠴᠢ ᠠᠵᠢᠯᠯᠠᠭ᠎ᠠ ᠳᠤ ᠣᠷᠣᠯᠴᠠᠪᠠ᠃    ᠪᠦᠬᠦ ᠨᠠᠮ ᠤᠨ ᠭᠡᠰᠢᠭᠦᠳ ᠨᠠᠮ ᠳᠤ ᠣᠷᠣᠬᠤ ᠲᠠᠩᠭᠠᠷᠢᠭ ᠤᠨ ᠦᠭᠡᠰ ᠢᠶᠠᠨ ᠳᠠᠬᠢᠨ ᠤᠩᠰᠢᠪᠠ᠃    ᠨᠡᠶᠢᠭᠡᠮ ᠲᠣᠭᠤᠷᠢᠭ ᠤᠨ ᠤᠳᠬ᠎ᠠ ᠤᠷᠠᠯᠢᠭ ᠤᠨ ᠪᠦᠯᠬᠦᠮ ᠣᠷᠭᠢᠯᠤᠮ᠎ᠠ ᠬᠠᠯᠠᠭᠤᠨ ᠰᠡᠳᠬᠢᠯᠭᠡ᠂ ᠬᠠᠩᠭᠢᠨᠠᠮ᠎ᠠ ᠰᠠᠶᠢᠬᠠᠨ ᠳᠠᠭᠤᠤ ᠪᠠᠷ ᠢᠶᠠᠨ ᠨᠠᠮ ᠢᠶᠠᠨ ᠮᠠᠭᠲᠠᠨ ᠳᠠᠭᠤᠯᠠᠵᠤ᠂ ᠡᠬᠡ ᠤᠯᠤᠰ ᠢᠶᠠᠨ ᠮᠠᠭᠲᠠᠨ ᠳᠠᠭᠤᠯᠠᠭᠰᠠᠨ ᠪᠠᠶᠢᠯᠳᠤᠭᠠᠨ ᠤ ᠳᠠᠭᠤᠤ ᠶᠢ ᠳᠠᠭᠤᠯᠠᠪᠠ᠃ ︽ᠳᠣᠷᠣᠨ᠎ᠠ ᠵᠦᠭ ᠤᠯᠠᠭᠠᠨ︾᠂ ︽ᠳᠠᠯᠠᠢ ᠶᠢᠨ ᠠᠶᠠᠯᠠᠯ ᠤᠨ ᠵᠠᠯᠠᠭᠤᠷᠴᠢᠨ︾᠂ ︽ᠡᠪ ᠬᠠᠮᠲᠤ ᠨᠠᠮ ᠪᠠᠶᠢᠬᠤ ᠦᠭᠡᠢ ᠪᠣᠯ ᠰᠢᠨ᠎ᠡ ᠳᠤᠮᠳᠠᠳᠤ ᠤᠯᠤᠰ ᠪᠠᠶᠢᠵᠤ ᠴᠢᠳᠠᠬᠤ ᠦᠭᠡᠢ︾ ᠵᠡᠷᠭᠡ ᠤᠯᠠᠨ ᠰᠣᠩᠭᠤᠳᠠᠭ ᠬᠤᠪᠢᠰᠬᠠᠯᠲᠤ ᠳᠠᠭᠤᠤ ᠨᠢ ᠲᠤᠬᠠᠢ ᠶᠢᠨ ᠲᠠᠯᠠᠪᠠᠢ ᠳᠤ ᠪᠠᠶᠢᠭᠰᠠᠨ ᠨᠠᠮ ᠤᠨ ᠭᠡᠰᠢᠭᠦᠨ ᠤ ᠳᠦᠭᠦᠷᠡᠩ ᠡᠷᠭᠢᠴᠡᠭᠦᠯᠦᠯ ᠢ ᠵᠢᠷᠤᠭᠯᠠᠵᠠᠢ᠃    ᠨᠡᠶᠢᠭᠡᠮ ᠲᠣᠭᠤᠷᠢᠭ ᠤᠨ ᠰᠦᠯᠵᠢᠶᠡᠨ ᠤ ᠠᠵᠢᠯᠲᠠᠨ ᠤ ᠠᠪᠴᠢᠷᠠᠭᠰᠠᠨ ᠬᠠᠮᠲᠤ ᠶᠢᠨ ᠢᠷᠠᠭᠤ ᠤᠩᠰᠢᠯᠭ᠎ᠠ᠂ ︽ᠡᠪ ᠬᠠᠮᠲᠤ ᠨᠠᠮ ᠢᠶᠠᠨ ᠡᠭᠦᠷᠢᠳᠡ ᠳᠠᠭᠠᠬᠤ︾ ᠭᠤᠷᠪᠠᠨ ᠥᠭᠦᠯᠡᠪᠦᠷᠢ ᠬᠠᠭᠠᠰ ᠵᠡᠷᠭᠡ ᠫᠷᠤᠭ᠍ᠷᠠᠮ ᠳᠤ᠂ ᠨᠠᠮ ᠤᠨ ᠲᠦᠷᠦᠭᠰᠡᠨ ᠡᠳᠦᠷ ᠤᠨ ᠪᠠᠶᠠᠷ ᠲᠤ ᠵᠥᠩᠨᠡᠯ ᠳᠡᠪᠰᠢᠭᠦᠯᠪᠡ᠃ ᠣᠯᠠᠨ ᠢᠶᠠᠷ ᠢᠶᠠᠨ ᠬᠤᠪᠴᠠᠰᠤ ᠵᠠᠰᠠᠯ ᠨᠢ ᠨᠢᠭᠡᠳᠦᠯᠲᠡᠶ᠂ ᠴᠤᠭ ᠵᠢᠪᠬᠤᠭ᠎ᠠ ᠲᠡᠭᠦᠯᠳᠡᠷ᠂ ᠲᠠᠭᠤᠨ ᠬᠦᠩᠭᠢᠨᠡᠮ᠎ᠡ ᠪᠠᠶᠢᠵᠤ᠂ ᠬᠠᠷᠢᠶᠠᠲᠤ ᠣᠷᠣᠨ ᠤ ᠨᠠᠮ ᠤᠨ ᠭᠡᠰᠢᠭᠦᠨ ᠤ ᠴᠤᠭ ᠪᠠᠳᠠᠷᠠᠩᠭᠤᠶ ᠣᠶᠤᠨ ᠰᠠᠨᠠᠭᠠᠨ ᠤ ᠳᠦᠷᠰᠦ ᠪᠠᠶᠢᠳᠠᠯ ᠢ ᠭᠦᠢᠴᠡᠳ ᠢᠯᠡᠷᠡᠭᠦᠯᠪᠡ᠃    ᠨᠣᠭᠤᠭᠠᠨ ᠤ ᠲᠠᠯᠠᠪᠠᠢ ᠨᠡᠶᠢᠭᠡᠮ ᠲᠣᠭᠤᠷᠢᠭ ᠤᠨ ᠨᠠᠮ ᠤᠨ ᠡᠭᠦᠷ ᠪᠠᠰᠠ ︽ᠲᠤᠯᠤᠭᠠᠨ ᠰᠠᠷ᠎ᠠ ᠶᠢᠨ ᠨᠢᠭᠡᠨ︾ ᠤ ᠪᠣᠭᠤᠷᠰᠤᠭ ᠢᠶᠠᠷ ᠨᠠᠮ ᠤᠨ ᠲᠥᠷᠥᠭᠰᠡᠨ ᠡᠳᠦᠷ ᠤᠨ ᠪᠠᠶᠠᠷ ᠲᠤ ᠲᠤᠰᠬᠠᠶᠢᠯᠠᠨ ᠪᠡᠯᠡᠭᠯᠡᠪᠡ᠃ ᠤᠯᠤᠰ ᠲᠥᠷᠥ ᠶᠢᠨ ᠲᠥᠷᠥᠭᠰᠡᠨ ᠡᠳᠦᠷ ᠤᠨ ᠪᠠᠶᠠᠷ ᠢ ᠪᠠᠲᠤ ᠴᠡᠭᠡᠵᠢᠯᠡᠶ᠎ᠡ᠃ ᠨᠡᠶᠢᠭᠡᠮ ᠲᠣᠭᠤᠷᠢᠭ ᠤᠨ ᠱᠦᠵᠢ ᠭᠦᠨ ᠵᠤᠵᠠᠭᠠᠨ ᠢᠷᠥᠭᠡᠯ ᠵᠥᠩᠨᠡᠯ ᠲᠠᠢ ︽ᠲᠤᠯᠤᠭᠠᠨ ᠰᠠᠷ᠎ᠠ ᠶᠢᠨ ᠨᠢᠭᠡᠨ︾ ᠤ ᠪᠣᠭᠤᠷᠰᠤᠭ ᠢ ᠲᠤᠬᠠᠢ ᠶᠢᠨ ᠲᠠᠯᠠᠪᠠᠢ ᠶᠢᠨ ᠠᠬᠠᠮᠠᠳ ᠨᠠᠮ ᠤᠨ ᠭᠡᠰᠢᠭᠦᠨ ᠤ ᠭᠠᠷ ᠲᠤ ᠬᠦᠷᠭᠡᠵᠦ᠂ ᠲᠡᠳᠡᠨ ᠳᠤ ᠵᠣᠬᠢᠶᠠᠨ ᠪᠠᠶᠢᠭᠤᠯᠤᠯᠲᠠ ᠶᠢᠨ ᠬᠠᠶᠢᠷ᠎ᠠ ᠬᠠᠯᠠᠮᠵᠢ ᠶᠢ ᠮᠡᠳᠡᠷᠡᠭᠦᠯᠵᠦ᠂ ᠠᠬᠠᠮᠠᠳ ᠨᠠᠮ ᠤᠨ ᠭᠡᠰᠢᠭᠦᠨ ᠤ ᠵᠣᠬᠢᠶᠠᠨ ᠪᠠᠶᠢᠭᠤᠯᠤᠯᠲᠠ ᠶᠢᠨ ᠬᠠᠷᠢᠶᠠᠯᠠᠭᠳᠠᠬᠤ ᠰᠡᠳᠬᠢᠯᠭᠡ ᠪᠠ ᠪᠡᠶ᠎ᠡ ᠶᠢᠨ ᠬᠢᠷᠢ ᠬᠡᠮ ᠤᠨ ᠮᠡᠳᠡᠷᠡᠮᠵᠢ ᠶᠢ ᠨᠡᠮᠡᠭᠳᠡᠭᠦᠯᠦᠨ᠎ᠡ᠃    ᠨᠠᠮ ᠤᠨ ᠭᠡᠰᠢᠭᠦᠳ᠄ ︽ᠲᠦᠷᠦᠯ ᠰᠠᠳᠤᠨ ᠨᠠᠶᠢᠵᠠ ᠨᠥᠬᠦᠳ ᠤᠨ ᠲᠦᠷᠦᠭᠰᠡᠨ ᠡᠳᠦᠷ ᠤᠨ ᠴᠤᠭᠯᠠᠭᠠᠨ ᠳᠤ ᠣᠷᠣᠯᠴᠠᠵᠤ ᠥᠩᠭᠡᠷᠡᠭᠰᠡᠨ ᠪᠣᠯᠪᠠᠴᠤ ᠠᠩᠬ᠎ᠠ ᠤᠳᠠᠭ᠎ᠠ ᠡᠶᠢᠮᠦ ᠲᠥᠪ ᠴᠢᠩᠭ᠎ᠠ ᠪᠥᠭᠡᠳ ᠶᠣᠰᠣᠯᠠᠯ ᠤᠨ ᠲᠥᠷᠥᠭᠳᠡᠯ ᠲᠠᠢ ︿ᠤᠯᠤᠰ ᠲᠦᠷᠦ ᠶᠢᠨ ᠲᠦᠷᠦᠭᠰᠡᠨ ᠡᠳᠦᠷ ᠤᠨ ᠬᠤᠷᠠᠯ﹀ ᠳᠤ ᠣᠷᠣᠯᠴᠠᠵᠤ᠂ ᠡᠯ᠎ᠡ ᠵᠦᠢᠯ ᠤᠨ ᠲᠥᠷᠥᠭᠰᠡᠨ ᠡᠳᠦᠷ ᠤᠨ ᠪᠣᠭᠤᠷᠰᠤᠭ ᠢ ᠢᠳᠡᠵᠦ ᠥᠩᠭᠡᠷᠡᠭᠰᠡᠨ ᠪᠣᠯᠪᠠᠴᠤ ᠠᠩᠬ᠎ᠠ ᠤᠳᠠᠭ᠎ᠠ ᠡᠶᠢᠮᠦ ᠥᠪᠡᠷᠮᠢᠴᠡ ︿ᠲᠤᠯᠤᠭᠠᠨ ᠰᠠᠷ᠎ᠠ ᠶᠢᠨ ᠨᠢᠭᠡᠨ﹀ ᠤ ᠪᠣᠭᠤᠷᠰᠤᠭ︾ ᠢ ᠠᠮᠲᠠᠯᠠᠵᠤ ᠪᠠᠶᠢᠭ᠎ᠠ ᠨᠢ᠃    ︽ᠨᠠᠮ ᠤᠨ ᠬᠠᠯᠠᠮᠵᠢᠯᠠᠯ ᠪᠠ ᠬᠥᠮᠦᠵᠢᠭᠦᠯᠦᠯ ᠳᠤ ᠲᠠᠯᠠᠷᠬᠠᠵᠤ᠂ ᠨᠠᠮ ᠳᠤ ᠤᠷᠤᠭᠰᠠᠨ 50 ᠭᠠᠷᠤᠶ ᠵᠢᠯ ᠤᠨ ᠢᠷᠠᠭᠤ ᠠᠯᠳᠠᠷᠲᠤ ᠤᠨ ᠰᠠᠷ᠎ᠠ ᠪᠠ ᠡᠬᠡ ᠤᠯᠤᠰ ᠤᠨ ᠲᠩᠷᠢ ᠭᠠᠵᠠᠷ ᠢ ᠳᠣᠩᠰᠣᠯᠭᠠᠮ᠎ᠠ ᠬᠤᠪᠢᠷᠠᠯᠲᠠ ᠶᠢ ᠡᠷᠭᠢᠴᠡᠭᠦᠯᠵᠦ᠂ ᠰᠡᠳᠬᠢᠯ ᠳᠣᠭᠳᠣᠯᠤᠨ᠂ ᠬᠡᠳᠦ᠋ᠢᠪᠡᠷ ᠠᠵᠢᠯ ᠠᠴᠠ ᠪᠠᠨ ᠠᠮᠠᠷᠠᠭᠰᠠᠨ ᠪᠣᠯᠪᠠᠴᠤ ᠨᠡᠶᠢᠭᠡᠮ ᠲᠣᠭᠤᠷᠢᠭ ᠲᠤ ᠦᠯᠡᠳᠡᠪᠦᠷᠢ ᠢᠯᠴᠢ ᠪᠠᠨ ᠢᠳᠡᠪᠬᠢᠲᠡᠢ ᠪᠠᠳᠠᠷᠠᠭᠤᠯᠵᠤ᠂ ᠪᠣᠳᠠᠲᠤ ᠠᠵᠢᠯᠯᠠᠭ᠎ᠠ ᠪᠠᠷ ᠢᠶᠠᠨ ᠨᠠᠮ ᠤᠨ ᠲᠤᠭ ᠲᠤ ᠥᠩᠭᠡ ᠬᠡᠷᠡᠯ ᠨᠡᠮᠡᠷᠢᠯᠡᠪᠡ︕︾ ᠭᠡᠪᠡ
 
ᠢᠷᠡᠯᠲᠡ᠄ ᠱᠠᠩᠳᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004288号-2