ᠵᠤᠨ ᠤ ᠠᠮᠠᠷᠠᠯᠲᠠ ᠶᠢᠨ ︽ᠤᠰᠤᠨ ᠳᠤ ᠵᠢᠪᠪᠦᠬᠦ ᠶᠢ ᠰᠡᠷᠭᠡᠶᠢᠯᠡᠬᠦ︾ ᠠᠮᠤᠷ ᠲᠦᠪᠰᠢᠨ ᠤ ᠬᠥᠮᠦᠵᠢᠯ ᠤᠨ ᠰᠠᠨᠠᠭᠤᠯᠤᠮᠵᠢ
ᠨᠡᠶᠢᠲᠡᠯᠡᠭᠰᠡᠨ ᠴᠠᠭ᠄
2024/7/23
   ᠬᠠᠶᠢᠷᠠᠲᠤ ᠰᠤᠷᠤᠭᠴᠢᠳ᠂ ᠭᠡᠷ ᠤᠨ ᠠᠬᠠᠮᠠᠳ ᠲᠤ᠄    ᠵᠤᠨ ᠤ ᠡᠳᠦᠷ ᠤᠨ ᠠᠯᠬᠤᠭ᠎ᠠ ᠶᠢ ᠳᠠᠭᠠᠵᠤ ᠰᠡᠮᠡᠭᠡᠷ ᠬᠦᠷᠴᠦ ᠢᠷᠡᠳᠡᠭ ᠪᠥᠭᠡᠳ ᠣᠳᠣ ᠶᠢᠨ ᠵᠤᠨ ᠤ ᠠᠮᠠᠷᠠᠯᠲᠠ ᠴᠤ ᠳᠠᠭᠠᠯᠳᠤᠨ ᠢᠷᠡᠳᠡᠭ ᠪᠢᠯᠡ᠃ ᠡᠨᠡᠬᠦ ᠬᠠᠯᠠᠭᠤᠨ ᠤᠷᠲᠤ ᠠᠮᠠᠷᠠᠯᠲᠠ ᠳᠤ ᠤᠮᠪᠠᠭ᠋ᠤ ᠤᠰᠤ ᠨᠢ ᠣᠯᠠᠨ ᠤ ᠬᠠᠯᠠᠭᠤᠨ ᠢ ᠳᠠᠷᠤᠬᠤ ᠬᠠᠯᠠᠭᠤᠨ ᠰᠣᠩᠭᠤᠯᠲᠠ ᠪᠣᠯᠤᠭᠰᠠᠨ ᠪᠠᠶᠢᠨ᠎ᠠ᠃ ᠭᠡᠲᠡᠯ᠎ᠡ᠂ ᠤᠰᠤᠨ ᠤ ᠬᠥᠪᠡᠭᠡ ᠬᠡᠳᠦ᠋ᠢᠪᠡᠷ ᠰᠠᠶᠢᠨ ᠪᠣᠯᠪᠠᠴᠤ ᠠᠮᠤᠷ ᠲᠦᠪᠰᠢᠨ ᠢ ᠣᠮᠲᠣᠭᠠᠶᠢᠯᠠᠵᠤ ᠪᠣᠯᠬᠤ ᠦᠭᠡᠢ᠃ ᠬᠠᠮᠲᠤ ᠰᠤᠷᠤᠭᠴᠢ ᠨᠢᠭᠡᠪᠦᠷᠢ ᠠᠮᠤᠷ ᠲᠦᠪᠰᠢᠨ᠂ ᠪᠠᠶᠠᠷ ᠬᠥᠷ ᠲᠠᠢ ᠵᠤᠨ ᠤ ᠠᠮᠠᠷᠠᠯᠲᠠ ᠶᠢ ᠥᠩᠭᠡᠷᠡᠭᠦᠯᠬᠦ ᠶᠢ ᠪᠠᠲᠤᠯᠠᠬᠤ ᠶᠢᠨ ᠲᠥᠯᠥᠭᠡ᠂ ᠱᠠᠩᠳᠤ ᠰᠢᠶᠠᠨ ᠤ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠲᠣᠪᠴᠢᠶ᠎ᠠ ᠳᠣᠤᠷᠠᠬᠢ ᠮᠡᠲᠦ ᠤᠰᠤᠨ ᠳᠤ ᠵᠢᠪᠬᠦ ᠶᠢ ᠰᠡᠷᠭᠡᠶᠢᠯᠡᠬᠦ ᠠᠮᠤᠷ ᠲᠦᠪᠰᠢᠨ ᠤ ᠰᠠᠨᠠᠭᠤᠯᠤᠮᠵᠢ ᠶᠢ ᠨᠡᠶᠢᠲᠡᠯᠡᠪᠡ᠃    ᠨᠢᠭᠡ᠂ ᠰᠣᠨᠣᠷ ᠰᠡᠷᠡᠮᠵᠢ ᠪᠠᠨ ᠳᠡᠭᠡᠭᠰᠢᠯᠡᠭᠦᠯᠵᠦ᠂ ᠠᠮᠤᠷ ᠲᠦᠪᠰᠢᠨ ᠤ ᠤᠬᠠᠮᠰᠠᠷ ᠢᠶᠠᠨ ᠴᠢᠩᠭᠠᠳᠬᠠᠬᠤ ᠬᠡᠷᠡᠭᠲᠡᠢ    ᠤᠰᠤᠨ ᠳᠤ ᠵᠢᠪᠬᠦ ᠠᠶᠤᠯ ᠲᠦᠭᠰᠢᠭᠦᠷᠢ ᠶᠢ ᠲᠠᠨᠢᠬᠤ᠄ ᠤᠰᠤᠨ ᠳᠤ ᠤᠨᠠᠭᠰᠠᠨ ᠠᠳᠡᠯ ᠶᠡᠷᠦ ᠨᠢ ᠰᠠᠨᠠᠭᠠᠨ ᠳᠤ ᠦᠭᠡᠢ ᠪᠠᠶᠢᠳᠠᠯ ᠳᠤ ᠡᠭᠦᠰᠳᠡᠭ᠂ ᠭᠦᠨ ᠤᠰᠤᠨ ᠤ ᠣᠷᠣᠨ ᠪᠤᠶᠤ ᠭᠦᠢᠬᠡᠨ ᠤᠰᠤᠨ ᠤ ᠣᠷᠣᠨ ᠳᠤ ᠭᠡᠰᠡᠨ ᠦᠭᠡᠢ᠂ ᠪᠦᠷ ᠳᠠᠯᠳᠠ ᠠᠶᠤᠯ ᠣᠷᠣᠰᠢᠵᠤ ᠪᠠᠶᠢᠳᠠᠭ᠃ ᠰᠤᠷᠤᠭᠴᠢᠳ ᠴᠠᠭ ᠢᠮᠠᠭᠲᠠ ᠰᠣᠨᠣᠷ ᠰᠡᠷᠡᠮᠵᠢ ᠲᠠᠢ ᠪᠠᠶᠢᠵᠤ᠂ ᠶᠠᠮᠠᠷᠪᠠ ᠤᠰᠤᠨ ᠣᠷᠣᠨ ᠤ ᠠᠮᠤᠷ ᠲᠦᠪᠰᠢᠨ ᠤ ᠳᠠᠯᠳᠠ ᠭᠡᠮ ᠢ ᠬᠥᠩᠭᠡᠪᠴᠢᠯᠡᠵᠦ ᠪᠣᠯᠬᠤ ᠦᠭᠡᠶ᠃    ᠲᠤᠰ ᠪᠡᠶ᠎ᠡ ᠶᠢᠨ ᠨᠥᠬᠦᠴᠡᠯ ᠢᠶᠠᠨ ᠣᠢᠯᠠᠭᠠᠶ᠎ᠠ᠄ ᠬᠥᠮᠦᠨ ᠪᠣᠯᠭᠠᠨ ᠤᠰᠤᠨ ᠳᠤ ᠤᠮᠪᠠᠭ᠋ᠤ ᠳᠤ ᠲᠣᠬᠢᠷᠠᠬᠤ ᠪᠢᠱᠢ ᠂ ᠣᠨᠴᠠᠭᠠᠢᠯᠠᠨ ᠡᠷᠳᠡᠮᠲᠡᠳ ᠪᠣᠯᠤᠨ ᠲᠠᠮᠢᠷ ᠲᠡᠩᠬᠡᠭᠡ ᠮᠠᠭᠤᠲᠠᠢ ᠬᠥᠮᠦᠨ ᠪᠢᠱᠢ᠃ ᠤᠰᠤ ᠠᠪᠬᠤ ᠪᠠᠷ ᠲᠣᠭᠲᠠᠭᠠᠬᠤ ᠠᠴᠠ ᠡᠮᠦᠨ᠎ᠡ ᠤᠰᠤᠨ ᠣᠷᠣᠨ ᠤ ᠠᠮᠤᠷ ᠲᠦᠪᠱᠢᠨ ᠢ ᠣᠢᠯᠠᠭᠠᠵᠤ᠂ ᠰᠣᠬᠤᠷ ᠪᠠᠯᠠᠢ ᠪᠠᠷ ᠢᠲᠡᠭᠡᠵᠦ ᠪᠣᠯᠬᠤ ᠦᠭᠡᠢ᠃    ᠬᠤᠶᠠᠷ᠂ ᠲᠣᠭᠲᠠᠭᠠᠯ ᠢ ᠵᠢᠷᠤᠮᠯᠠᠨ ᠰᠠᠬᠢᠵᠤ᠂ ᠠᠮᠤᠷ ᠲᠦᠪᠰᠢᠨ ᠤ ᠲᠠᠯᠠᠪᠤᠷ ᠢ ᠰᠣᠩᠭᠤᠨ᠎ᠠ    ᠤᠮᠪᠠᠯᠲᠠ ᠶᠢᠨ ᠵᠢᠩᠬᠢᠨᠢ ᠲᠠᠯᠠᠪᠤᠷ᠄ ᠠᠪᠤᠷᠠᠭᠴᠢ ᠲᠠᠢ ᠪᠠᠶᠢᠬᠤ ᠪᠠ ᠠᠮᠤᠷ ᠲᠦᠪᠰᠢᠨ ᠤ ᠲᠥᠬᠦᠭᠡᠷᠦᠮᠵᠢ ᠪᠠᠨ ᠲᠡᠭᠦᠯᠳᠡᠷᠵᠢᠭᠦᠯᠬᠦ ᠶᠢᠨ ᠵᠢᠩᠬᠢᠨᠢ ᠤᠮᠪᠠᠯᠲᠠ ᠶᠢᠨ ᠲᠠᠯᠠᠪᠠᠶ ᠣᠷᠳᠣᠨ ᠢ ᠤᠷᠢᠳᠠᠪᠠᠷ ᠰᠣᠩᠭᠤᠵᠤ ᠤᠰᠤᠨ ᠳᠤ ᠤᠮᠪᠠᠨ᠎ᠠ᠃ ᠡᠳᠡᠭᠡᠷ ᠣᠷᠳᠣᠨ ᠲᠠᠯᠠᠪᠠᠢ ᠳᠤ ᠶᠡᠷᠦ ᠨᠢ ᠴᠢᠩᠭ᠎ᠠ ᠠᠮᠤᠷ ᠲᠦ᠋ᠪᠰᠢᠨ ᠤ ᠬᠠᠮᠢᠶᠠᠷᠤᠯᠲᠠ ᠪᠠ ᠠᠪᠤᠷᠠᠨ ᠲᠤᠰᠠᠯᠠᠬᠤ ᠠᠷᠭ᠎ᠠ ᠬᠡᠮᠵᠢᠶ᠎ᠡ ᠲᠠᠢ᠃    ᠬᠡᠭᠡᠷ᠎ᠡ ᠤᠰᠤᠨ ᠳᠤ ᠤᠮᠪᠠᠭ᠋ᠤ᠄ ᠭᠤᠣᠯ ᠮᠥᠷᠡᠨ᠂ ᠨᠠᠭᠤᠷ᠂ ᠴᠥᠭᠦᠷᠥᠮ ᠵᠡᠷᠭᠡ ᠪᠠᠢᠭᠠᠯᠢ ᠶᠢᠨ ᠤᠰᠤᠨ ᠳᠤ ᠤᠮᠪᠠᠭ᠋ᠤ ᠪᠤᠶᠤ ᠤᠰᠤ ᠨᠠᠭᠠᠳᠬᠤ ᠶᠢ ᠴᠠᠭᠠᠵᠠᠯᠠᠨ᠎ᠠ᠃ ᠡᠳᠡᠭᠡᠷ ᠤᠰᠤᠨ ᠣᠷᠣᠨ ᠤ ᠭᠠᠵᠠᠷ ᠤᠨ ᠪᠠᠶᠢᠴᠠ ᠨᠢ ᠪᠤᠳᠤᠯᠢᠶᠠᠨ ᠲᠠᠢ᠂ ᠤᠰᠤᠨ ᠤ ᠤᠷᠤᠰᠬᠠᠯ ᠨᠢ ᠲᠦᠷᠭᠡᠨ ᠪᠥᠭᠡᠳ ᠳᠠᠯᠳᠠ ᠤᠷᠤᠰᠴᠤ ᠤᠰᠤᠨ ᠳᠤ ᠵᠢᠪᠬᠦ ᠠᠳᠡᠯ ᠠᠮᠠᠷᠬᠠᠨ ᠭᠠᠷᠳᠠᠭ᠃    ᠭᠤᠷᠪᠠ᠂ ᠮᠡᠷᠭᠡᠵᠢᠯ ᠴᠢᠳᠠᠪᠤᠷᠢ ᠶᠢ ᠡᠵᠡᠮᠰᠢᠵᠤ᠂ ᠦᠪᠡᠷ ᠢ ᠪᠠᠨ ᠠᠪᠤᠷᠠᠬᠤ ᠴᠢᠳᠠᠪᠤᠷᠢ ᠪᠠᠨ ᠳᠡᠭᠡᠭᠰᠢᠯᠡᠭᠦᠯᠬᠦ ᠬᠡᠷᠡᠭᠲᠡᠢ    ᠤᠮᠪᠠᠯᠲᠠ ᠶᠢᠨ ᠮᠡᠷᠭᠡᠵᠢᠯ ᠰᠤᠷᠬᠤ᠄ ᠰᠤᠷᠤᠭᠴᠢᠳ ᠭᠡᠷ ᠤᠨ ᠠᠬᠠᠮᠠᠳ ᠪᠤᠶᠤ ᠲᠤᠰᠭᠠᠢ ᠮᠡᠷᠭᠡᠵᠢᠯ ᠤᠨ ᠳᠠᠰᠭᠠᠯᠵᠢᠭᠤᠯᠤᠭᠴᠢ ᠶᠢᠨ ᠵᠢᠯᠣᠭᠤᠳᠤᠯᠭ᠎ᠠ ᠳᠣᠣᠷ᠎ᠠ ᠤᠮᠪᠠᠯᠲᠠ ᠶᠢᠨ ᠮᠡᠷᠭᠡᠵᠢᠯ ᠰᠤᠷᠬᠤ ᠬᠡᠷᠡᠭᠲᠡᠢ ᠭᠡᠵᠦ ᠰᠠᠨᠠᠭᠤᠯᠪᠠ ᠃ ᠤᠰᠤᠨ ᠳᠤ ᠵᠢᠪᠦᠭᠰᠡᠨ ᠪᠠᠶᠢᠳᠠᠯ ᠪᠣᠯᠤᠨ ᠥᠪᠡᠷ ᠢ ᠪᠠᠨ ᠠᠪᠤᠷᠠᠬᠤ ᠠᠷᠭ᠎ᠠ ᠶᠢ ᠡᠵᠡᠮᠰᠢᠬᠦ ᠳᠤ ᠲᠦᠢᠯ ᠤᠨ ᠴᠢᠬᠤᠯᠠ ᠪᠠᠶᠢᠳᠠᠭ᠃    ᠠᠪᠤᠷᠠᠨ ᠲᠤᠰᠯᠠᠬᠤ ᠮᠡᠳᠡᠯᠭᠡ ᠶᠢ ᠣᠶᠢᠯᠠᠭᠠᠬᠤ᠄ ᠤᠰᠤᠨ ᠳᠤ ᠴᠠᠴᠠᠵᠤ ᠠᠪᠤᠷᠠᠨ ᠲᠤᠰᠯᠠᠬᠤ ᠦᠨᠳᠦᠰᠦᠨ ᠮᠡᠳᠡᠯᠭᠡ ᠪᠣᠯᠤᠨ ᠮᠡᠷᠭᠡᠵᠢᠯ ᠴᠢᠳᠠᠪᠤᠷᠢ ᠶᠢ ᠰᠤᠷᠴᠤ᠂ ᠵᠢᠷᠦᠬᠡᠨ ᠤ ᠠᠭᠤᠰᠬᠢ ᠶᠢ ᠰᠡᠷᠭᠦᠭᠡᠬᠦ ᠮᠡᠷᠭᠡᠵᠢᠯ ᠭᠡᠬᠦ ᠮᠡᠲᠦ ᠪᠠᠶᠢᠳᠠᠭ᠃ ᠵᠠᠩᠭᠢᠯᠠᠭ᠎ᠠ ᠶᠢᠨ ᠦᠶ᠎ᠡ ᠳᠤ ᠡᠳᠡᠭᠡᠷ ᠮᠡᠳᠡᠯᠭᠡ ᠨᠢ ᠠᠮᠢ ᠨᠠᠰᠤ ᠶᠢ ᠠᠪᠤᠷᠠᠨ᠎ᠠ᠃    ᠳᠥᠷᠪᠡ᠂ ᠭᠡᠷ ᠤᠨ ᠠᠬᠠᠮᠠᠳ ᠬᠢᠨᠠᠨ ᠬᠠᠮᠠᠭᠠᠯᠠᠵᠤ᠂ ᠠᠮᠤᠷ ᠲᠦᠪᠰᠢᠨ ᠢ ᠬᠠᠮᠲᠤᠪᠠᠷ ᠬᠠᠮᠠᠭᠠᠯᠠᠨ᠎ᠠ    ᠬᠢᠨᠠᠯᠲᠠ ᠬᠠᠮᠢᠶᠠᠷᠤᠯᠲᠠ ᠪᠠᠨ ᠴᠢᠩᠭᠠᠳᠬᠠᠬᠤ ᠬᠡᠷᠡᠭᠲᠡᠶ᠄ ᠭᠡᠷ ᠤᠨ ᠠᠬᠠᠮᠠᠳ ᠠᠰᠠᠷᠠᠨ ᠬᠠᠮᠠᠭᠠᠯᠠᠬᠤ ᠬᠠᠷᠢᠭᠤᠴᠠᠯᠭ᠎ᠠ ᠪᠠᠨ ᠦᠨᠡᠨᠬᠦ ᠭᠦᠢᠴᠡᠳᠬᠡᠵᠦ᠂ ᠬᠡᠦᠬᠡᠳ ᠤᠨ ᠶᠠᠪᠤᠵᠤ ᠰᠠᠭᠤᠬᠤ ᠪᠠ ᠠᠮᠤᠷ ᠲᠦᠪᠰᠢᠨ ᠤ ᠪᠠᠶᠢᠳᠠᠯ ᠢ ᠴᠠᠭ ᠢᠮᠠᠭᠲᠠ ᠠᠩᠬᠠᠷᠬᠤ ᠬᠡᠷᠡᠭᠲᠡᠶ᠃ ᠢᠯᠠᠩᠭᠤᠶ᠎ᠠ ᠬᠡᠦᠬᠡᠳ ᠭᠠᠳᠠᠭᠰᠢ ᠭᠠᠷᠴᠤ ᠤᠮᠪᠠᠭ᠋ᠤ ᠳᠤ ᠨᠠᠰᠤᠨ ᠳᠤ ᠬᠦᠷᠦᠭᠰᠡᠳ ᠤᠨ ᠪᠠᠷ᠎ᠠ ᠪᠣᠯᠵᠤ ᠠᠮᠤᠷ ᠲᠦᠪᠰᠢᠨ ᠤ ᠰᠡᠷᠭᠡᠶᠢᠯᠡᠯᠲᠡ ᠶᠢ ᠪᠠᠲᠤᠯᠠᠬᠤ ᠬᠡᠷᠡᠭᠲᠡᠶ᠃    ᠭᠡᠷ ᠤᠨ ᠠᠬᠠᠮᠠᠳ ︽ᠳᠥᠷᠪᠡ ᠶᠢ ᠮᠡᠳᠡᠨ᠎ᠡ︾ ᠭᠡᠵᠦ ᠬᠡᠯᠡᠨ᠎ᠡ᠃    1. ᠣᠴᠢᠬᠤ ᠴᠢᠭᠯᠡᠯ ᠢ ᠮᠡᠳᠡᠬᠦ    2. ᠨᠠᠶᠢᠵᠠ ᠨᠥᠬᠦᠳ᠃    3. ᠪᠤᠴᠠᠬᠤ ᠴᠠᠭ ᠢ ᠮᠡᠳᠡᠬᠦ    4. ᠠᠭᠤᠯᠭ᠎ᠠ ᠶᠢ ᠮᠡᠳᠡᠬᠦ ᠬᠡᠷᠡᠭᠲᠡᠶ᠃    ᠠᠮᠤᠷ ᠲᠦᠪᠰᠢᠨ ᠤ ᠬᠥᠮᠦᠵᠢᠯ᠄ ᠭᠡᠷ ᠤᠨ ᠠᠬᠠᠮᠠᠳ ᠬᠡᠦᠬᠡᠳ ᠲᠠᠢ ᠠᠮᠤᠷ ᠲᠦᠪᠰᠢᠨ ᠤ ᠬᠥᠮᠦᠵᠢᠯ ᠢ ᠭᠦᠨᠵᠡᠭᠡᠶᠢᠷᠡᠭᠦᠯᠵᠦ᠂ ᠤᠰᠤᠨ ᠳᠤ ᠵᠢᠪᠬᠦ ᠶᠢᠨ ᠬᠤᠣᠷ ᠬᠥᠨᠥᠭᠡᠯᠲᠦ ᠴᠢᠨᠠᠷ ᠪᠠ ᠤᠷᠢᠳᠴᠢᠯᠠᠨ ᠰᠡᠷᠭᠡᠶᠢᠯᠡᠬᠦ ᠠᠷᠭ᠎ᠠ ᠬᠡᠮᠵᠢᠶ᠎ᠡ ᠶᠢᠨ ᠴᠢᠬᠤᠯᠠ ᠴᠢᠨᠠᠷ ᠢ ᠭᠦᠢᠴᠡᠳ ᠲᠠᠨᠢᠭᠤᠯᠤᠨ᠎ᠠ᠃ ᠡᠭᠦᠨ ᠤ ᠬᠠᠮᠲᠤ᠂ ᠬᠡᠦᠬᠡᠳ ᠢ ᠠᠮᠤᠷ ᠲᠦᠪᠰᠢᠨ ᠤ ᠲᠣᠭᠲᠠᠭᠠᠯ ᠪᠣᠯᠤᠨ ᠠᠩᠬᠠᠷᠬᠤ ᠵᠦᠢᠯ ᠢ ᠵᠢᠷᠤᠮᠯᠠᠭᠤᠯᠵᠤ᠂ ᠰᠠᠨᠠᠭᠠᠨ ᠳᠤ ᠦᠭᠡᠶ ᠬᠡᠷᠡᠭ ᠭᠠᠷᠬᠤ ᠠᠴᠠ ᠰᠡᠷᠭᠡᠶᠢᠯᠡᠬᠦ ᠬᠡᠷᠡᠭᠲᠡᠶ᠃    ᠬᠡᠤᠬᠡᠳ ᠢ ︽ᠳᠤᠯᠤᠭ᠎ᠠ ᠦᠭᠡᠢ︾ ᠪᠠᠷ ᠰᠤᠷᠭᠠᠨ ᠬᠦᠮᠦᠵᠢᠬᠦᠯᠬᠦ ᠬᠡᠷᠡᠭᠳᠡᠢ    1. ᠤᠰᠤᠨ ᠳᠤ ᠤᠮᠪᠠᠵᠤ ᠳᠤᠷ᠎ᠠ ᠲᠠᠪᠠ ᠪᠠᠷ ᠢᠶᠠᠨ ᠤᠮᠪᠠᠭ᠋ᠤ ᠦᠭᠡᠢ᠃    2. ᠳᠤᠷ᠎ᠠ ᠲᠠᠪᠠ ᠪᠠᠷ ᠢᠶᠠᠨ ᠬᠠᠮᠲᠤ ᠰᠤᠷᠤᠭᠴᠢ ᠲᠠᠢ ᠪᠠᠨ ᠬᠠᠨᠢᠯᠠᠨ ᠤᠮᠪᠠᠭ᠋ᠤ ᠦᠭᠡᠢ᠃    3. ᠭᠡᠷ ᠤᠨ ᠠᠬᠠᠮᠠᠳ ᠦᠭᠡᠢ ᠪᠤᠶᠤ ᠬᠢᠨᠠᠨ ᠬᠠᠮᠠᠭᠠᠯᠠᠭᠴᠢ ᠶᠢᠨ ᠳᠠᠭᠠᠭᠤᠯᠭ᠎ᠠ ᠦᠭᠡᠢ ᠪᠠᠶᠢᠳᠠᠯ ᠳᠣᠣᠷ᠎ᠠ ᠤᠮᠪᠠᠭ᠋ᠤ ᠦᠭᠡᠢ᠃    4. ᠠᠮᠤᠷ ᠲᠦᠪᠰᠢᠨ ᠤ ᠲᠦᠬᠦᠭᠡᠷᠦᠮᠵᠢ ᠦᠭᠡᠢ᠂ ᠠᠪᠤᠷᠠᠨ ᠲᠤᠰᠠᠯᠠᠬᠤ ᠬᠦᠮᠦᠨ ᠦᠭᠡᠢ ᠤᠰᠤᠨ ᠤᠷᠤᠨ ᠤ ᠤᠮᠪᠠᠯᠲᠠ    5. ᠲᠠᠨᠢᠯ ᠪᠤᠰᠤ ᠤᠰᠤᠨ ᠣᠷᠣᠨ ᠳᠤ ᠤᠮᠪᠠᠭ᠋ᠤ᠃    6. ᠰᠤᠷᠭᠠᠭᠤᠯᠢ ᠳᠤ ᠰᠤᠷᠤᠯᠴᠠᠬᠤ ᠪᠠᠷ ᠪᠠᠷᠠᠬᠤ ᠦᠭᠡᠢ ᠵᠠᠮ ᠵᠠᠭᠤᠷ᠎ᠠ ᠭᠤᠣᠯ᠂ ᠭᠤᠤ᠂ ᠤᠰᠤᠨ ᠴᠥᠭᠦᠷᠥᠮ ᠂ ᠤᠰᠤᠨ ᠨᠦᠬᠡ᠂ ᠠᠭᠤᠯᠠᠨ ᠲᠣᠭᠤᠷᠢᠮ ᠴᠥᠭᠦᠷᠥᠮ ᠵᠡᠷᠭᠡ ᠠᠶᠤᠯᠲᠠᠢ ᠤᠰᠤᠨ ᠣᠷᠣᠨ ᠤ ᠤᠰᠤᠨ ᠳᠤ ᠤᠮᠪᠠᠭ᠋ᠤ᠂ ᠵᠤᠭᠠᠴᠠᠨ ᠨᠠᠭᠠᠳᠬᠤ᠂ ᠤᠰᠤ ᠨᠠᠭᠠᠳᠬᠤ ᠵᠡᠷᠭᠡ ᠠᠶᠤᠯ ᠲᠠᠢ ᠪᠠᠶᠢᠳᠠᠭ᠃    7. ᠰᠣᠬᠤᠷ ᠪᠠᠯᠠᠢ ᠪᠠᠷ ᠠᠪᠤᠷᠠᠬᠤ ᠦᠭᠡᠢ᠃    ᠬᠡᠤᠬᠡᠳ ᠢ ︽ᠬᠤᠶᠠᠷ ᠬᠤᠷᠠᠯ︾ ᠢ ᠬᠢᠵᠦ ᠦᠭᠬᠦ ᠶᠢ ᠵᠢᠭᠠᠭᠠᠷᠠᠢ    1. ᠲᠦᠭᠰᠢᠭᠦᠷᠢᠲᠦ ᠪᠠᠶᠢᠳᠠᠯ ᠢ ᠣᠯᠵᠤ ᠮᠡᠳᠡᠪᠡᠯ ᠬᠠᠷᠢᠯᠴᠠᠨ ᠰᠠᠨᠠᠭᠤᠯᠤᠨ᠂ ᠢᠳᠬᠠᠨ ᠬᠤᠷᠢᠭᠯᠠᠵᠤ ᠮᠡᠳᠡᠭᠦᠯᠦᠨ᠎ᠡ︔    2. ᠦᠨᠳᠦᠰᠦᠨ ᠪᠡᠶ᠎ᠡ ᠪᠠᠨ ᠬᠠᠮᠠᠭᠠᠯᠠᠬᠤ᠂ ᠥᠪᠡᠷ ᠢ ᠪᠠᠨ ᠠᠪᠤᠷᠠᠬᠤ ᠠᠷᠭ᠎ᠠ ᠶᠢ ᠰᠤᠷᠭᠠᠨ᠎ᠠ᠃    ᠬᠡᠦᠬᠡᠳ ᠢ ︽ᠳᠥᠷᠪᠡ ᠶᠢ ᠪᠠᠲᠤ ᠴᠡᠭᠡᠵᠢᠯᠡᠬᠦ︾ ᠶᠢ ᠰᠤᠷᠭᠠᠭᠠᠷᠠᠢ᠃    1. ᠠᠭᠤᠷ ᠠᠮᠢᠰᠬᠤᠯ ᠲᠠᠬᠢᠨ ᠬᠠᠯᠠᠭᠤᠨ ᠪᠤᠯᠬᠤ ᠦᠶᠡᠰ ᠭᠤᠤᠯ ᠮᠦᠷᠡᠨ ᠬᠦᠷᠬᠦ ᠦᠭᠡᠢ ᠲᠤᠯᠠᠭᠠᠴᠠᠭᠤᠯᠤᠨ᠎ᠠ    2. ᠤᠰᠤᠨ ᠦᠵᠡᠮᠵᠢ ᠬᠡᠳᠦᠢ ᠭᠤᠶᠤ᠂ ᠤᠰᠤᠨ ᠳᠣᠲᠣᠷ᠎ᠠ ᠣᠴᠢᠵᠤ ᠮᠡᠳᠡᠷᠡᠭᠳᠡᠨ᠎ᠡ᠃    3. ᠤᠰᠤᠨ ᠤ ᠴᠢᠨᠠᠷ ᠬᠡᠳᠦᠢ ᠰᠠᠶᠢᠨ ᠪᠣᠯ ᠤᠰᠤ ᠶᠢ ᠦᠯᠦ ᠪᠠᠲᠤᠯᠠᠬᠤ᠃    4. ᠥᠭᠡᠷ᠎ᠡ ᠬᠥᠮᠦᠨ ᠳᠠᠬᠢᠨ ᠢᠳᠬᠠᠶ᠎ᠠ᠂ ᠠᠮᠢ ᠨᠠᠰᠤ ᠪᠠᠷ ᠢᠶᠠᠨ ᠴᠢᠳᠠᠯ ᠭᠠᠷᠭᠠᠬᠤ ᠬᠡᠷᠡᠭ ᠦᠭᠡᠢ︕    ᠠᠮᠢ ᠨᠠᠰᠤ ᠵᠥᠪᠬᠡᠨ ᠨᠢᠭᠡ ᠯᠡ ᠤᠳᠠᠭ᠎ᠠ ᠪᠠᠶᠢᠵᠤ᠂ ᠠᠮᠤᠷ ᠲᠦᠪᠰᠢᠨ ᠲᠠᠶᠢᠱᠠᠨ ᠠᠭᠤᠯᠠᠨ ᠠᠴᠠ ᠬᠦᠨᠳᠦ᠃ ᠤᠰᠤᠨ ᠳᠤ ᠵᠢᠪᠬᠦ ᠶᠢ ᠰᠡᠷᠭᠡᠶᠢᠯᠡᠬᠦ ᠠᠮᠤᠷ ᠲᠦᠪᠰᠢᠨ ᠤ ᠰᠡᠷᠭᠡᠶᠢᠯᠡᠯᠲᠡ ᠶᠢᠨ ᠱᠤᠭᠤᠮ ᠢ ᠭᠠᠷ ᠬᠤᠯᠪᠣᠨ ᠬᠠᠮᠲᠤ ᠪᠠᠷ ᠪᠠᠶᠢᠭᠤᠯᠵᠤ᠂ ᠬᠠᠮᠲᠤ ᠰᠤᠷᠤᠭᠴᠢ ᠨᠢᠭᠡᠪᠦᠷᠢ ᠴᠥᠮ ᠠᠮᠤᠷ ᠲᠦᠪᠰᠢᠨ᠂ ᠡᠷᠡᠭᠦᠯ ᠴᠢᠭᠢᠷᠠᠭ᠂ ᠪᠠᠶᠠᠷ ᠬᠥᠷ ᠲᠠᠢ ᠵᠤᠨ ᠤ ᠠᠮᠠᠷᠠᠯᠲᠠ ᠶᠢ ᠥᠩᠭᠡᠷᠡᠭᠦᠯᠬᠦ ᠶᠢ ᠪᠠᠲᠤᠯᠠᠶ᠎ᠠ︕    ᠤᠯᠠᠨ ᠢᠶᠠᠷ ᠢᠶᠠᠨ ᠠᠮᠠᠷᠠᠯᠲᠠ ᠶᠢ ᠵᠦᠩᠨᠡᠶ ᠎ᠡ︕    ᠱᠠᠩᠳᠤ ᠰᠢᠶᠠᠨ ᠤ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠲᠣᠪᠴᠢᠶ᠎ᠠ    2024 ᠣᠨ ᠤ 7 ᠰᠠᠷ᠎ᠠ ᠶᠢᠨ 22 ᠤᠨ ᠡᠳᠦᠷᠣᠷᠴᠢᠭᠤᠯᠣᠭᠴᠢ᠄  ᠬᠠᠨᠠᠭᠠᠷᠬᠢᠨᠠᠭᠴᠢ᠄  ᠬᠠᠨᠠᠭᠠᠷ
 
ᠢᠷᠡᠯᠲᠡ᠄ ᠱᠠᠩᠳᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004288号-2