ᠱᠠᠩᠳᠤ ᠰᠢᠶᠠᠨ ᠤ ᠠᠵᠢᠯ ᠣᠯᠬᠤ ᠳᠤ ᠬᠦᠴᠢᠷᠲᠡᠶ ᠬᠥᠮᠦᠰ ᠤᠨ ᠠᠮᠢᠳᠤᠯᠢᠭ ᠢᠶᠠᠷ ᠠᠵᠢᠯ ᠣᠯᠭᠤᠬᠤ ᠨᠡᠶᠢᠭᠡᠮ ᠤᠨ ᠳᠠᠭᠠᠳᠬᠠᠯ ᠤᠨ ᠨᠥᠬᠦᠪᠥᠷᠢ ᠶᠢ ᠭᠤᠶᠤᠴᠢᠯᠠᠨ ᠮᠡᠳᠡᠭᠦᠯᠬᠦ ᠲᠤᠬᠠᠶ ᠮᠡᠳᠡᠭᠳᠡᠯ
ᠨᠡᠶᠢᠲᠡᠯᠡᠭᠰᠡᠨ ᠴᠠᠭ᠄
2024/7/24
   ᠡᠳ᠋ ᠤᠨ ᠵᠠᠰᠠᠭ ᠤᠨ ᠶᠠᠮᠤᠨ᠂ ᠬᠥᠮᠦᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ ᠶᠢᠨ ᠶᠠᠮᠤᠨ ᠤ ︽ᠠᠵᠢᠯ ᠣᠯᠭᠤᠯᠲᠠ ᠶᠢᠨ ᠨᠥᠬᠦᠪᠥᠷᠢ ᠪᠠᠯᠠ ᠮᠥᠩᠭᠦ ᠶᠢᠨ ᠬᠠᠮᠢᠶᠠᠷᠤᠯᠲᠠ ᠶᠢᠨ ᠠᠷᠭ᠎ᠠ︾ ᠡᠳ᠋ ᠤᠨ ᠵᠠᠰᠠᠭ ᠨᠡᠶᠢᠭᠡᠮ ︹2020︺ 181 ᠳ᠋ᠤᠭᠡᠷ ᠲᠣᠭᠠᠲᠤ ᠪᠢᠴᠢᠭ ᠮᠠᠲ᠋ᠧᠷᠢᠶᠠᠯ ᠪᠠ ︽ᠠᠵᠢᠯ ᠣᠯᠭᠤᠯᠲᠠ ᠶᠢᠨ ᠨᠥᠬᠦᠪᠥᠷᠢ ᠪᠠᠯᠠ ᠮᠥᠩᠭᠦ ᠶᠢᠨ ᠬᠠᠮᠢᠶᠠᠷᠤᠯᠲᠠ ᠶᠢᠨ ᠠᠷᠭ᠎ᠠ ᠶᠢ ᠤᠯᠠᠮᠵᠢᠯᠠᠨ ᠲᠠᠷᠬᠠᠭᠠᠬᠤ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠤᠨ ᠮᠡᠳᠡᠭᠳᠡᠯ︾ ᠥᠪᠥᠷ ᠡᠳ᠋ ᠨᠡᠶᠢᠭᠡᠮ ︹2020︺ 373 ᠳ᠋ᠤᠭᠠᠷ ᠲᠣᠭᠠᠲᠤ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠦᠨᠳᠦᠰᠦᠯᠡᠨ᠂ ᠠᠵᠢᠯ ᠣᠯᠭᠤᠯᠲᠠ ᠶᠢᠨ ᠨᠥᠬᠦᠪᠥᠷᠢ ᠪᠠᠯᠠ ᠮᠥᠩᠭᠦ ᠶᠢᠨ ᠲᠡᠳᠬᠦᠨ ᠳᠡᠮᠵᠢᠬᠦ ᠦᠢᠯᠡᠳᠦᠯ ᠢ ᠭᠦᠢᠴᠡᠳ ᠪᠠᠳᠠᠷᠠᠭᠤᠯᠵᠤ᠂ ᠠᠵᠢᠯ ᠠᠯᠳᠠᠭᠰᠠᠳ ᠤᠨ ᠠᠵᠢᠯ ᠣᠯᠭᠤᠯᠲᠠ ᠶᠢ ᠨᠠᠩ ᠰᠠᠶᠢᠲᠤᠷ ᠠᠬᠢᠭᠤᠯᠵᠤ᠂ ᠠᠵᠢᠯ ᠣᠯᠭᠤᠯᠲᠠ ᠶᠢᠨ ᠪᠠᠶᠢᠳᠠᠯ ᠤᠨ ᠲᠣᠭᠲᠠᠭᠤᠨ ᠪᠠᠶᠢᠬᠤ ᠶᠢ ᠪᠠᠲᠤᠯᠠᠬᠤ ᠶᠢᠨ ᠲᠤᠰᠠᠳᠠ᠂ ᠮᠠᠨ ᠤ ᠰᠢᠶᠠᠨ ᠤ ᠪᠣᠳᠠᠲᠠᠶ ᠲᠠᠢ ᠪᠠᠨ ᠤᠶᠠᠯᠳᠤᠭᠤᠯᠤᠨ᠂ ᠡᠳᠦᠭᠡ 2024 ᠣᠨ ᠤ ᠠᠵᠢᠯ ᠤᠯᠬᠤ ᠳᠤ ᠬᠦᠴᠢᠷᠲᠡᠶ ᠬᠥᠮᠦᠰ ᠤᠨ ᠠᠮᠢᠳᠤᠯᠢᠭ ᠢᠶᠠᠷ ᠠᠵᠢᠯ ᠣᠯᠭᠤᠬᠤ ᠨᠡᠶᠢᠭᠡᠮ ᠤᠨ ᠳᠠᠭᠠᠳᠬᠠᠯ ᠤᠨ ᠨᠥᠬᠦᠪᠥᠷᠢ ᠶᠢᠨ ᠬᠤᠯᠪᠣᠭᠳᠠᠯ ᠪᠥᠬᠦᠶ ᠵᠦᠢᠯᠡᠰ ᠢ ᠳᠣᠤᠷᠠᠬᠢ ᠮᠡᠲᠦ ᠮᠡᠳᠡᠭᠳᠡᠶ᠎ᠡ᠄    ᠨᠢᠭᠡ᠂ ᠭᠥᠯᠢᠶᠡᠨ ᠠᠪᠴᠤ ᠰᠢᠢᠳᠪᠦᠷᠢᠯᠡᠬᠦ ᠬᠡᠪᠴᠢᠶ᠎ᠡ ᠵᠢᠴᠢ ᠮᠠᠭᠠᠳᠯᠠᠨ ᠲᠣᠭᠲᠠᠭᠠᠬᠤ ᠪᠠᠷᠢᠮᠵᠢᠶ᠎ᠠ    ︵ᠨᠢᠭᠡ ᠳᠤ ᠬᠦᠯᠢᠶᠡᠨ ᠠᠪᠴᠤ ᠰᠢᠢᠳᠪᠦᠷᠢᠯᠡᠬᠦ ᠬᠡᠪᠴᠢᠶ᠎ᠡ ᠨᠢ ᠲᠤᠰ ᠰᠢᠶᠠᠨ ᠤ ᠡᠷᠦᠬᠡ ᠠᠮᠠ ᠲᠠᠢ ᠪᠠᠶᠢᠵᠤ᠂ ᠮᠠᠨ ᠤ ᠰᠢᠶᠠᠨ ᠤ ᠬᠡᠪᠴᠢᠶᠡᠨ ᠳᠠᠬᠢ ᠬᠤᠲᠠ ᠪᠠᠯᠭᠠᠰᠤ ᠶᠢᠨ ᠪᠠᠶᠢᠩᠭᠤ ᠰᠠᠭᠤᠭ᠎ᠠ ᠬᠥᠮᠥᠰ ᠤᠨ ᠳᠣᠲᠣᠷᠠᠬᠢ ᠬᠠᠤᠯᠢ ᠪᠠᠷ ᠲᠣᠭᠲᠠᠭᠠᠭᠰᠠᠨ ᠬᠥᠳᠡᠯᠮᠦᠷᠢ ᠬᠦᠴᠦ ︵ᠡᠷᠡᠭᠲᠡᠢ᠂ 1965 ᠣᠨ ᠤ 1 ᠰᠠᠷ᠎ᠠ ᠶᠢᠨ 1 ᠤ ᠡᠳᠦᠷ ᠠᠴᠠ 1967 ᠣᠨ ᠤ 12 ᠰᠠᠷ᠎ᠠ ᠶᠢᠨ 31 ᠤ ᠡᠳᠦᠷ ᠪᠣᠯᠲᠠᠯ᠎ᠠ᠂ ᠡᠮᠡᠭᠲᠡᠢ᠄ 1975 ᠣᠨ ᠤ 1 ᠰᠠᠷ᠎ᠠ ᠶᠢᠨ 1 ᠤ ᠡᠳᠦᠷ ᠠᠴᠠ 1977 ᠣᠨ ᠤ 12 ᠰᠠᠷ᠎ᠠ ᠶᠢᠨ 31 ᠤ ᠡᠳᠦᠷ ᠪᠣᠯᠲᠠᠯ᠎ᠠ᠃︶ ︽ᠬᠥᠳᠡᠯᠮᠦᠷᠢ ᠶᠢᠨ ᠡᠬᠢ ᠪᠠᠶᠠᠯᠢᠭ ᠤᠨ ᠮᠡᠳᠡᠭᠡ ᠵᠠᠩᠭᠢ ᠶᠢᠨ ᠰᠢᠰᠲ᠋ᠧᠮ︾ ᠳᠤ ᠠᠵᠢᠯ ᠠᠯᠳᠠᠭᠰᠠᠨ ᠢᠶᠠᠨ ᠳᠠᠩᠰᠠᠯᠠᠨ ᠲᠡᠮᠳᠡᠭᠯᠡᠭᠦᠯᠬᠦ ᠶᠢᠨ ᠬᠠᠮᠲᠤ ᠠᠵᠢᠯ ᠣᠯᠬᠤ ᠳᠤ ᠬᠦᠴᠢᠷᠲᠡᠶ ᠬᠥᠮᠦᠰ ᠢᠶᠠᠷ ᠦᠨᠡᠮᠰᠢᠭᠰᠡᠨ ᠠᠮᠢᠳᠤᠯᠢᠭ ᠢᠶᠠᠷ ᠠᠵᠢᠯ ᠣᠯᠤᠭᠰᠠᠳ᠃    ︵ᠬᠤᠶᠠᠷ︶ ᠠᠵᠢᠯ ᠣᠯᠬᠤ ᠳᠤ ᠬᠦᠴᠢᠷᠳᠡᠯᠲᠡᠢ ᠬᠥᠮᠥᠰ ᠢ ᠮᠠᠭᠠᠳᠯᠠᠨ ᠲᠣᠭᠲᠠᠭᠠᠬᠤ ᠪᠠᠷᠢᠮᠵᠢᠶ᠎ᠠ ᠶᠢᠨ ᠠᠵᠢᠯ ᠣᠯᠬᠤ ᠳᠤ ᠬᠦᠴᠢᠷᠲᠡᠢ ᠬᠥᠮᠥᠰ ᠭᠡᠳᠡᠭ ᠨᠢ ᠬᠤᠲᠠ ᠪᠠᠯᠭᠠᠰᠤᠨ ᠤ ᠪᠠᠶᠢᠩᠭᠤ ᠰᠠᠭᠤᠭ᠎ᠠ ᠬᠥᠮᠥᠰ ᠤᠨ ᠳᠣᠲᠣᠷᠠᠬᠢ ᠬᠠᠤᠯᠢ ᠪᠠᠷ ᠲᠣᠭᠲᠠᠭᠠᠭᠰᠠᠨ ᠬᠥᠳᠡᠯᠮᠦᠷᠢᠯᠡᠬᠦ ᠨᠠᠰᠤᠨ ᠤ ᠳᠣᠲᠣᠷ᠎ᠠ᠂ ᠬᠥᠳᠡᠯᠮᠦᠷᠢᠯᠡᠬᠦ ᠴᠢᠳᠠᠪᠤᠷᠢ ᠲᠠᠢ ᠪᠥᠭᠡᠳ ᠠᠵᠢᠯ ᠣᠯᠬᠤ ᠬᠦᠰᠡᠯ ᠲᠠᠢ ᠮᠥᠷᠲᠡᠭᠡᠨ ᠨᠢᠭᠡᠨᠲᠡ ᠠᠵᠢᠯ ᠠᠯᠳᠠᠭᠰᠠᠨ ᠢ ᠳᠠᠩᠰᠠᠯᠠᠨ ᠲᠡᠮᠳᠡᠭᠯᠡᠭᠰᠡᠨ ᠳᠣᠣᠷᠠᠬᠢ 6 ᠲᠥᠷᠥᠯ ᠤᠨ ᠬᠥᠮᠥᠰ ᠢ ᠵᠢᠭᠠᠵᠤ ᠪᠠᠶᠢᠨ᠎ᠠ᠃    1. ᠥᠨᠳᠥᠷ ᠨᠠᠰᠤᠨ ᠤ ᠠᠵᠢᠯ ᠠᠯᠳᠠᠭᠰᠠᠳ᠃ ᠪᠠᠶᠢᠩᠭᠤ ᠰᠠᠭᠤᠭ᠎ᠠ ᠭᠠᠵᠠᠷ ᠲᠤ ᠵᠠᠯᠭᠠᠭᠠᠪᠠᠷ 6 ᠰᠠᠷ᠎ᠠ ᠠᠴᠠ ᠳᠡᠭᠡᠭᠰᠢ ᠰᠠᠭᠤᠵᠤ ᠪᠠᠶᠢᠬᠤ ᠪᠥᠭᠡᠳ ᠬᠤᠲᠠ ᠪᠠᠯᠭᠠᠰᠤᠨ ᠤ ᠠᠵᠢᠯᠲᠠᠨ ᠠᠵᠢᠯᠴᠢᠨ ᠤ ᠨᠡᠶᠢᠭᠡᠮ ᠤᠨ ᠳᠠᠭᠠᠳᠬᠠᠯ ᠳᠤ ᠣᠷᠣᠯᠴᠠᠭᠰᠠᠨ 1 ᠵᠢᠯ ᠠᠴᠠ ᠳᠡᠭᠡᠭᠰᠢᠬᠢ ᠡᠮᠡᠭᠲᠡᠶ ᠪᠦᠬᠦᠯᠢ 40 ᠨᠠᠰᠤ ᠬᠦᠷᠦᠭᠰᠡᠨ᠂ ᠡᠷᠡᠭᠲᠡᠶ ᠪᠦᠬᠦᠯᠢ 50 ᠨᠠᠰᠤᠨ ᠠᠴᠠ ᠳᠡᠭᠡᠭᠰᠢᠬᠢ ᠠᠵᠢᠯ ᠠᠯᠳᠠᠭᠰᠠᠳ ᠢ ᠵᠢᠭᠠᠵᠤ ᠪᠤᠶ᠃    2. ᠵᠡᠮᠳᠡᠭ ᠬᠥᠮᠦᠰ᠃ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠡᠮᠳᠡᠭ ᠬᠥᠮᠦᠨ ᠤ ᠦᠨᠡᠮᠯᠡᠯ︾ ᠲᠠᠢ ᠵᠡᠮᠳᠡᠭᠴᠦᠳ ᠢ ᠵᠢᠭᠠᠵᠤ ᠪᠤᠶ᠃    3. ᠣᠯᠳᠠᠪᠤᠷᠢ ᠦᠭᠡᠢ ᠠᠵᠢᠯ ᠣᠯᠣᠭᠰᠠᠨ ᠭᠡᠷ ᠪᠦᠯᠢ ᠶᠢᠨ ᠪᠦᠷᠢᠯᠳᠦᠭᠦᠨ ᠦᠭᠡᠢ᠃ ᠠᠳᠠᠯᠢ ᠨᠢᠭᠡᠨ ᠭᠡᠷ ᠪᠦᠯᠢ ᠶᠢᠨ ᠡᠷᠦᠬᠡ ᠠᠮᠠ ᠳᠤ 2 ᠨᠡᠷᠡᠰ ᠵᠢᠴᠢ 2 ᠠᠴᠠ ᠳᠡᠭᠡᠭᠰᠢ ᠬᠠᠮᠲᠤᠪᠠᠷ ᠠᠮᠢᠳᠤᠷᠠᠵᠤ ᠪᠠᠶᠢᠭ᠎ᠠ ᠪᠦᠷᠢᠯᠳᠦᠬᠦᠨ ᠲᠠᠢ ᠪᠥᠭᠡᠳ ᠬᠠᠤᠯᠢ ᠪᠠᠷ ᠲᠣᠭᠲᠠᠭᠠᠭᠰᠠᠨ ᠬᠥᠳᠡᠯᠮᠦᠷᠢᠯᠡᠬᠦ ᠴᠢᠳᠠᠪᠤᠷᠢ ᠲᠠᠢ ᠪᠠ ᠠᠵᠢᠯ ᠣᠯᠬᠤ ᠱᠠᠭᠠᠷᠳᠠᠯᠭ᠎ᠠ ᠲᠠᠢ ᠭᠡᠷ ᠪᠦᠯᠢ ᠶᠢᠨ ᠪᠦᠷᠢᠯᠳᠦᠬᠦᠨ ᠨᠢ ᠴᠥᠮ ᠠᠵᠢᠯ ᠠᠯᠳᠠᠭᠰᠠᠨ ᠳᠠᠩᠰᠠᠯᠠᠯ ᠬᠢᠬᠦ ᠬᠡᠷᠡᠭᠲᠡᠶ ᠪᠥᠭᠡᠳ ᠡᠵᠡᠩᠨᠡᠯᠲᠡ ᠶᠢᠨ ᠴᠢᠨᠠᠷᠲᠠᠶ᠂ ᠪᠡᠯᠡ ᠣᠷᠣᠭᠤᠯᠤᠯᠲᠠ ᠶᠢᠨ ᠴᠢᠨᠠᠷᠲᠠᠶ ᠣᠷᠣᠯᠭ᠎ᠠ ᠦᠭᠡᠶ ᠬᠤᠲᠠ ᠪᠠᠯᠭᠠᠰᠤ ᠶᠢᠨ ᠰᠠᠭᠤᠭᠠᠯᠢ ᠠᠷᠠᠳ ᠤᠨ ᠭᠡᠷ ᠪᠦᠯᠢ ᠶᠢᠨ ᠬᠥᠮᠦᠰ ᠢ ᠵᠢᠭᠠᠵᠤ ᠪᠤᠶ᠃    4. ᠭᠠᠵᠠᠷ ᠰᠢᠷᠣᠶ ᠪᠠᠨ ᠠᠯᠳᠠᠭᠰᠠᠨ ᠮᠠᠯᠴᠢᠨ ᠲᠠᠷᠢᠶᠠᠴᠢᠨ᠃ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠵᠠᠰᠠᠭ ᠤᠨ ᠣᠷᠳᠣᠨ ᠳᠤ ᠬᠠᠤᠯᠢ ᠶᠣᠰᠣᠭᠠᠷ ᠨᠢᠭᠡᠳᠦᠯᠲᠡᠶ ᠭᠠᠵᠠᠷ ᠲᠠᠲᠠᠪᠤᠷᠢᠯᠠᠭᠰᠠᠨ ᠤ ᠳᠠᠷᠠᠭ᠎ᠠ᠂ ᠤᠤᠯ ᠤᠨ ᠳᠠᠭᠠᠭᠠᠴᠢᠯᠠᠭᠰᠠᠨ ᠲᠠᠷᠢᠶᠠᠨ ᠭᠠᠵᠠᠷ ᠪᠤᠶᠤ ᠬᠠᠳᠤᠯᠠᠩ ᠪᠡᠯᠴᠢᠭᠡᠷ ᠢᠶᠠᠨ ᠪᠦᠷᠢᠮᠦᠰᠦᠨ ᠠᠯᠳᠠᠭᠰᠠᠨ᠂ ᠡᠮᠡᠭᠲᠡᠶ ᠪᠦᠬᠦᠯᠢ 40 ᠨᠠᠰᠤ᠂ ᠡᠷᠡᠭᠲᠡᠶ ᠪᠦᠬᠦᠯᠢ 50 ᠨᠠᠰᠤᠨ ᠠᠴᠠ ᠳᠡᠭᠡᠭᠰᠢᠬᠢ ᠲᠠᠷᠢᠶᠠᠴᠢᠨ ᠮᠠᠯᠴᠢᠳ ᠢ ᠵᠢᠭᠠᠵᠤ ᠪᠤᠶ᠃ ᠶᠠᠭ ᠬᠦᠷᠲᠡᠵᠦ ᠪᠠᠶᠢᠭ᠎ᠠ ᠭᠠᠵᠠᠷ ᠲᠠᠲᠠᠪᠤᠷᠢᠯᠠᠬᠤ ᠨᠥᠬᠦᠪᠥᠷᠢ ᠶᠢᠨ ᠰᠠᠷ᠎ᠠ ᠶᠢᠨ ᠪᠠᠷᠢᠮᠵᠢᠶ᠎ᠠ ᠨᠢ ᠲᠤᠬᠠᠶ ᠶᠢᠨ ᠭᠠᠵᠠᠷ ᠤᠨ ᠠᠵᠢᠯ ᠠᠯᠳᠠᠭᠰᠠᠳ ᠤᠨ ᠳᠠᠭᠠᠳᠬᠠᠯ ᠤᠨ ᠮᠥᠩᠭᠦ ᠶᠢᠨ ᠪᠠᠷᠢᠮᠵᠢᠶ᠎ᠠ ᠠᠴᠠ ᠥᠨᠳᠥᠷ ᠪᠣᠯᠤᠭᠰᠠᠨ ᠬᠥᠮᠦᠰ ᠲᠤᠰ ᠲᠥᠷᠥᠯ ᠤᠨ ᠬᠥᠮᠦᠰ ᠤᠨ ᠬᠡᠪᠴᠢᠶ᠎ᠡ ᠳᠤ ᠪᠠᠶᠢᠬᠤ ᠦᠭᠡᠶ᠃    5. ᠤᠷᠲᠤ ᠬᠤᠭᠤᠴᠠᠭ᠎ᠠ ᠪᠠᠷ ᠠᠵᠢᠯ ᠠᠯᠳᠠᠭᠰᠠᠳ᠃ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠬᠠᠷᠠᠭᠠᠯᠵᠠᠯ ᠬᠦᠷᠲᠡᠵᠦ ᠪᠠᠶᠢᠭ᠎ᠠ ᠪᠥᠭᠡᠳ ᠦᠷᠭᠦᠯᠵᠢᠯᠡᠨ ᠠᠵᠢᠯ ᠠᠯᠳᠠᠭᠰᠠᠨ ᠢᠶᠠᠷ ᠳᠠᠩᠰᠠᠯᠠᠭᠤᠯᠤᠭᠰᠠᠨ 1 ᠵᠢᠯ ᠠᠴᠠ ᠳᠡᠭᠡᠭᠰᠢ ᠡᠮᠡᠭᠲᠡᠶ ᠪᠦᠬᠦᠯᠢ 35 ᠨᠠᠰᠤ ᠬᠦᠷᠦᠭᠰᠡᠨ᠂ ᠡᠷᠡᠭᠲᠡᠶ ᠪᠦᠬᠦᠯᠢ 45 ᠨᠠᠰᠤᠨ ᠤ ᠠᠵᠢᠯ ᠠᠯᠳᠠᠭᠰᠠᠳ ᠢ ᠵᠢᠭᠠᠵᠤ ᠪᠤᠶ᠃    6. ᠠᠵᠢᠯ ᠣᠯᠬᠤ ᠳᠤ ᠬᠦᠴᠢᠷᠲᠡᠶ ᠳᠡᠭᠡᠳᠦ ᠰᠤᠷᠭᠠᠭᠤᠯᠢ ᠲᠡᠭᠦᠰᠦᠭᠰᠡᠨ᠃ ᠰᠤᠷᠭᠠᠭᠤᠯᠢ ᠠᠴᠠ ᠪᠠᠨ 2 ᠵᠢᠯ ᠵᠢᠴᠢ ᠲᠡᠭᠦᠨ ᠠᠴᠠ ᠳᠡᠭᠡᠭᠰᠢ ᠶᠡᠷᠦ ᠠᠴᠠ ᠠᠵᠢᠯ ᠣᠯᠤᠭᠰᠠᠨ ᠦᠭᠡᠶ ᠳᠡᠭᠡᠳᠦ ᠰᠤᠷᠭᠠᠭᠤᠯᠢ ᠲᠡᠭᠦᠰᠦᠭᠰᠡᠳ ︵ᠳᠡᠭᠡᠳᠦ ᠰᠤᠷᠭᠠᠭᠤᠯᠢ ᠲᠡᠭᠦᠰᠦᠭᠰᠡᠳ ᠨᠢ ᠭᠤᠤᠯᠳᠠᠭᠤ ᠪᠦᠬᠦᠯᠢ ᠡᠳᠦᠷ ᠤᠨ ᠳᠦᠷᠢᠮᠲᠦ ᠳᠡᠭᠡᠳᠦ ᠰᠤᠷᠭᠠᠭᠤᠯᠢ ᠠᠴᠠ ᠲᠡᠭᠦᠰᠦᠭᠰᠡᠨ ᠰᠤᠷᠤᠭᠴᠢᠳ ᠢ ᠵᠢᠭᠠᠵᠤ ᠪᠤᠶ︶᠃    ︵ᠭᠤᠷᠪᠠ︶ ᠠᠮᠢᠳᠤᠯᠢᠭ ᠢᠶᠠᠷ ᠠᠵᠢᠯ ᠣᠯᠤᠭᠰᠠᠳ ᠤᠨ ᠠᠮᠢᠳᠤᠯᠢᠭ ᠢᠶᠠᠷ ᠠᠵᠢᠯ ᠣᠯᠬᠤ ᠭᠡᠳᠡᠭ ᠨᠢ ᠵᠢᠩᠬᠢᠨᠢ ᠬᠡᠯᠪᠡᠷᠢ ᠪᠠᠷ ᠠᠵᠢᠯ ᠣᠯᠭᠤᠬᠤ ᠠᠴᠠ ᠭᠠᠳᠠᠨᠠᠬᠢ ᠪᠤᠰᠤᠳ ᠠᠵᠢᠯ ᠣᠯᠭᠤᠯᠲᠠ ᠶᠢᠨ ᠬᠡᠯᠪᠡᠷᠢ ᠶᠢ ᠵᠢᠭᠠᠵᠤ ᠪᠠᠶᠢᠨ᠎ᠠ᠂ ᠭᠤᠣᠯᠳᠠᠭᠤ ᠬᠥᠳᠡᠯᠮᠦᠷᠢᠯᠡᠬᠦ ᠴᠠᠭ᠂ ᠣᠷᠣᠯᠭ᠎ᠠ ᠶᠢᠨ ᠬᠥᠯᠥᠰᠥ ᠣᠯᠭᠤᠮᠵᠢ᠂ ᠠᠵᠢᠯ ᠤᠨ ᠲᠠᠯᠠᠪᠤᠷ᠂ ᠳᠠᠭᠠᠳᠬᠠᠯ ᠠᠰᠠᠷᠠᠮᠵᠢ᠂ ᠬᠥᠳᠡᠯᠮᠦᠷᠢ ᠶᠢᠨ ᠬᠠᠷᠢᠴᠠᠭ᠎ᠠ ᠵᠡᠷᠭᠡ ᠲᠠᠯ᠎ᠠ ᠪᠠᠷ ᠠᠵᠤ ᠦᠢᠯᠡᠳᠪᠦᠷᠢᠵᠢᠯᠲᠡ ᠪᠠ ᠣᠳᠣ ᠦᠶ᠎ᠡ ᠶᠢᠨ ᠦᠢᠯᠡᠳᠪᠦᠷᠢ ᠶᠢᠨ ᠳᠦᠷᠢᠮ ᠤᠨ ᠰᠠᠭᠤᠷᠢᠨ ᠳᠡᠭᠡᠷ᠎ᠡ᠂ ᠤᠯᠠᠮᠵᠢᠯᠠᠯᠲᠤ ᠭᠤᠣᠯ ᠠᠵᠢᠯ ᠣᠯᠭᠤᠯᠲᠠ ᠶᠢᠨ ᠠᠷᠭ᠎ᠠ ᠮᠠᠶ᠋ᠢᠭ ᠤᠨ ᠡᠯ᠎ᠡ ᠵᠦᠢᠯ ᠤᠨ ᠠᠵᠢᠯ ᠣᠯᠭᠤᠯᠲᠠ ᠶᠢᠨ ᠬᠡᠯᠪᠡᠷᠢ ᠶᠢᠨ ᠶᠡᠷᠦᠩᠬᠡᠢ ᠨᠡᠷᠡᠶᠢᠳᠦᠯ ᠢ ᠵᠢᠭᠠᠵᠤ ᠪᠠᠶᠢᠨ᠎ᠠ᠃    ᠬᠤᠶᠠᠷ᠂ ᠮᠡᠳᠡᠭᠦᠯᠬᠦ ᠨᠥᠬᠦᠴᠡᠯ ᠢ ︽ᠤᠷᠢᠳᠠᠪᠠᠷ ᠲᠤᠰᠢᠶᠠᠵᠤ ᠳᠠᠷᠠᠭ᠎ᠠ ᠨᠢ ᠨᠥᠬᠦᠪᠥᠷᠢᠯᠡᠬᠦ︾ ᠵᠠᠷᠴᠢᠮ ᠶᠣᠰᠣᠭᠠᠷ    ᠭᠤᠶᠤᠴᠢᠯᠠᠭᠴᠢ ᠨᠢ ᠳᠣᠤᠷᠠᠬᠢ ᠨᠥᠬᠦᠴᠡᠯ ᠳᠤ ᠵᠡᠷᠭᠡᠪᠡᠷ ᠨᠡᠶᠢᠴᠡᠭᠰᠡᠨ ᠪᠠᠶᠢᠬᠤ ᠬᠡᠷᠡᠭᠲᠡᠶ᠄    1. ᠭᠤᠶᠤᠴᠢᠯᠠᠭᠴᠢᠳ ᠡᠷᠬᠡᠪᠰᠢ ︽ᠬᠥᠳᠡᠯᠮᠦᠷᠢ ᠶᠢᠨ ᠡᠬᠢ ᠪᠠᠶᠠᠯᠢᠭ ᠤᠨ ᠮᠡᠳᠡᠭᠡ ᠵᠠᠩᠭᠢ ᠶᠢᠨ ᠰᠢᠰᠲ᠋ᠧᠮ︾ ᠳᠤ ᠠᠵᠢᠯ ᠠᠯᠳᠠᠭᠰᠠᠨ ᠢᠶᠠᠨ ᠳᠠᠩᠰᠠᠯᠠᠨ ᠲᠡᠮᠳᠡᠭᠯᠡᠭᠦᠯᠦᠭᠰᠡᠨ ᠪᠥᠭᠡᠳ ᠠᠵᠢᠯ ᠣᠯᠭᠤᠬᠤ ᠰᠠᠯᠠᠭ᠎ᠠ ᠮᠥᠴᠢᠷ ᠢᠶᠠᠷ ︽ᠠᠵᠢᠯ ᠣᠯᠬᠤ ᠳᠤ ᠬᠦᠴᠢᠷᠲᠡᠶ ᠬᠥᠮᠦᠰ︾ ᠢᠶᠠᠷ ᠦᠨᠡᠮᠰᠢᠭᠦᠯᠵᠦ᠂ ᠣᠳᠣᠬᠠᠨ ᠳᠤ ᠠᠮᠢᠳᠤᠯᠢᠭ ᠢᠶᠠᠷ ᠠᠵᠢᠯ ᠣᠯᠬᠤ ᠪᠠᠶᠢᠳᠠᠯ ᠳᠤ ᠣᠷᠣᠰᠢᠵᠤ ᠪᠠᠶᠢᠬᠤ ᠬᠡᠷᠡᠭᠲᠡᠶ᠃    2. ᠭᠤᠶᠤᠴᠢᠯᠠᠭᠴᠢ ᠠᠴᠠ ᠲᠤᠰ ᠵᠢᠯ ᠤᠨ ᠳᠣᠲᠣᠷ᠎ᠠ ᠠᠮᠢᠳᠤᠯᠢᠭ ᠢᠶᠠᠷ ᠠᠵᠢᠯ ᠣᠯᠭᠤᠬᠤ ᠬᠡᠷᠡᠭᠲᠡᠢ᠂ ᠳᠠᠷᠤᠢ ᠲᠦᠷ ᠴᠠᠭ ᠤᠨ ᠴᠢᠨᠠᠷᠲᠠᠢ᠂ ᠪᠦᠬᠦᠯᠢ ᠡᠳᠦᠷ ᠤᠨ ᠪᠤᠰᠤ ᠳᠦᠷᠢᠮ᠂ ᠤᠯᠠᠷᠢᠯ ᠤᠨ ᠴᠢᠨᠠᠷᠲᠠᠢ᠂ ᠬᠠᠷᠢᠮᠠᠬᠠᠢ ᠴᠢᠨᠠᠷᠲᠠᠢ ᠠᠵᠢᠯ ᠵᠡᠷᠭᠡ ᠠᠮᠢᠳᠤᠯᠢᠭ ᠣᠯᠠᠨ ᠶᠠᠩᠵᠤ ᠶᠢᠨ ᠬᠡᠯᠪᠡᠷᠢ ᠶᠢᠨ ᠠᠵᠢᠯ ᠢ ᠬᠢᠬᠦ ᠬᠡᠷᠡᠭᠲᠡᠢ᠃    3. ᠭᠤᠶᠤᠴᠢᠯᠠᠭᠴᠢ ᠨᠢ ᠡᠷᠬᠡᠪᠰᠢ ᠱᠠᠩᠳᠤ ᠰᠢᠶᠠᠨ ᠳᠤ ᠳᠠᠭᠠᠳᠬᠠᠯ ᠳᠤ ᠣᠷᠣᠭᠤᠯᠬᠤ ᠶᠢᠨ ᠬᠠᠮᠲᠤ 2024 ᠣᠨ ᠤ ᠦᠨᠳᠦᠰᠦᠨ ᠨᠠᠰᠤᠵᠢᠯ ᠤᠨ ᠠᠰᠠᠷᠠᠮᠵᠢ ᠶᠢᠨ ᠰᠦᠢᠳᠬᠡᠯ ᠲᠤᠰᠢᠶᠠᠬᠤ ᠬᠡᠷᠡᠭᠲᠡᠶ᠃    ᠭᠤᠷᠪᠠ᠂ ᠰᠢᠢᠳᠪᠦᠷᠢᠯᠡᠬᠦ ᠳᠡᠰ ᠳᠠᠷᠠᠭᠠᠯᠠᠯ    1. ᠬᠢᠷᠢ ᠭᠡᠮ ᠤᠨ ᠠᠩᠬᠠᠨ ᠤ ᠬᠢᠨᠠᠯᠲᠠ᠃ ᠠᠵᠢᠯᠲᠠᠳ ᠲᠤᠬᠠᠶ ᠶᠢᠨ ᠲᠠᠯᠠᠪᠤᠷ ᠲᠤ ᠭᠤᠶᠤᠴᠢᠯᠠᠭᠴᠢ ᠶᠢᠨ ᠨᠥᠬᠦᠴᠡᠯ ᠳᠤ ᠠᠩᠬᠠᠨ ᠤ ᠬᠢᠨᠠᠯᠲᠠ ᠬᠢᠵᠦ᠂ ᠠᠩᠬᠠᠨ ᠤ ᠬᠢᠨᠠᠯᠲᠠ ᠳᠤ ᠠᠵᠢᠯ ᠤᠯᠬᠤ ᠳᠤ ᠬᠦᠴᠢᠷᠲᠡᠶ ᠬᠥᠮᠦᠰ ᠢ ᠮᠠᠭᠠᠳᠯᠠᠨ ᠲᠣᠭᠲᠠᠭᠠᠬᠤ ᠪᠠᠷᠢᠮᠵᠢᠶ᠎ᠠ ᠶᠢ ᠴᠢᠩᠭ᠎ᠠ ᠵᠢᠷᠤᠮᠯᠠᠨ ᠬᠢᠨᠠᠨ ᠬᠠᠷᠭᠤᠭᠤᠯᠬᠤ ᠬᠡᠷᠡᠭᠲᠡᠶ᠃ ᠨᠥᠬᠦᠴᠡᠯ ᠳᠤ ᠨᠡᠶᠢᠴᠡᠬᠦ ᠭᠤᠶᠤᠴᠢᠯᠠᠭᠴᠢ ᠳᠤ ᠬᠤᠯᠪᠣᠭᠳᠠᠯ ᠪᠥᠬᠦᠶ ᠮᠡᠳᠡᠭᠡ ᠵᠠᠩᠭᠢ ᠶᠢ ︽ᠬᠥᠳᠡᠯᠮᠦᠷᠢ ᠠᠵᠢᠯ ᠣᠯᠭᠤᠯᠲᠠ ᠶᠢᠨ ᠮᠡᠳᠡᠭᠡ ᠵᠠᠩᠭᠢ ᠶᠢᠨ ᠰᠢᠰᠲ᠋ᠧᠮ︾ ᠳᠤ ᠣᠷᠣᠭᠤᠯᠵᠤ᠂ ᠰᠢᠰᠲ᠋ᠧᠮ ᠤᠨ ᠳ᠋ᠠᠶᠢᠲ᠋ᠠ ᠬᠥᠮᠥᠷᠭᠡ ᠯᠦᠭᠡ ᠬᠠᠷᠢᠴᠠᠭᠤᠯᠤᠨ ᠬᠢᠨᠠᠨ ᠲᠣᠳᠣᠯᠠᠬᠤ ᠬᠡᠷᠡᠭᠲᠡᠶ᠃ ᠨᠥᠬᠦᠴᠡᠯ ᠳᠤ ᠨᠡᠢᠴᠡᠬᠦ ᠦᠭᠡᠢ ᠪᠣᠯ ᠲᠤᠬᠠᠢ ᠶᠢᠨ ᠭᠠᠵᠠᠷ ᠲᠤᠨᠢ ᠱᠢᠯᠲᠠᠭᠠᠨ ᠢ ᠨᠢ ᠡᠳᠡᠭᠳᠡᠨ᠎ᠡ᠃    2. ᠬᠦᠯᠢᠶᠡᠨ ᠠᠪᠴᠤ ᠪᠦᠷᠢᠳᠬᠡᠨ ᠳᠠᠩᠰᠠᠯᠠᠨ᠎ᠠ᠃ ᠨᠥᠬᠦᠴᠡᠯ ᠳᠤ ᠨᠡᠶᠢᠴᠡᠪᠡᠯ᠂ ︽ᠱᠠᠩᠳᠤ ᠰᠢᠶᠠᠨ ᠤ ᠠᠵᠢᠯ ᠤᠯᠬᠤ ᠳᠤ ᠬᠦᠴᠢᠷᠲᠡᠶ ᠬᠥᠮᠦᠰ ᠤᠨ ᠠᠮᠢᠳᠤᠯᠢᠭ ᠢᠶᠠᠷ ᠠᠵᠢᠯ ᠣᠯᠭᠤᠬᠤ ᠨᠡᠶᠢᠭᠡᠮ ᠤᠨ ᠳᠠᠭᠠᠳᠬᠠᠯ ᠤᠨ ᠨᠥᠬᠦᠪᠥᠷᠢ ᠶᠢᠨ ᠭᠤᠶᠤᠴᠢᠯᠠᠯ ᠤᠨ ᠬᠦᠰᠦᠨᠦᠭᠲᠦ︾ ᠶᠢ ᠠᠪᠬᠤ ᠶᠢᠨ ᠬᠠᠮᠲᠤ ᠲᠣᠭᠲᠠᠭᠰᠠᠨ ᠲᠠᠰ ᠳᠠᠷᠠᠭᠠᠯᠠᠯ ᠤᠨ ᠶᠣᠰᠣᠭᠠᠷ ᠭᠤᠶᠤᠴᠢᠯᠠᠨ ᠮᠡᠳᠡᠭᠦᠯᠦᠨ᠎ᠡ᠃    3. ᠰᠠᠯᠠᠭ᠎ᠠ ᠮᠥᠴᠢᠷ ᠤᠳ ᠬᠠᠮᠵᠢᠯᠴᠠᠨ ᠪᠠᠶᠢᠴᠠᠭᠠᠵᠤ᠂ ᠨᠡᠶᠢᠭᠡᠮ ᠨᠡᠶᠢᠲᠡ ᠳᠤ ᠵᠠᠷᠯᠠᠬᠤ ᠬᠡᠷᠡᠭᠲᠡᠶ᠃ ᠮᠡᠳᠡᠭᠦᠯᠦᠭᠰᠡᠨ ᠮᠡᠳᠡᠭᠡ ᠵᠠᠩᠭᠢ ᠶᠢ ᠬᠢᠨᠠᠨ ᠪᠠᠶᠢᠴᠠᠭᠠᠵᠤ ᠬᠤᠷᠢᠶᠠᠩᠭᠤᠶᠢᠯᠠᠨ ᠡᠮᠬᠢᠯᠡᠵᠦ᠂ ᠠᠵᠤ ᠠᠬᠤᠶᠢᠯᠠᠯ ᠤᠨ ᠳᠠᠩᠰᠠᠯᠠᠨ ᠲᠡᠮᠳᠡᠭᠯᠡᠭᠰᠡᠨ ᠳ᠋ᠠᠶᠢᠲ᠋ᠠ ᠬᠥᠮᠥᠷᠭᠡ᠂ ᠠᠵᠤ ᠠᠬᠤᠶᠢᠯᠠᠯ ᠠᠵᠢᠯ ᠦᠢᠯᠡᠰ ᠤᠨ ᠳᠠᠭᠠᠳᠬᠠᠯ ᠤᠨ ᠰᠦᠢᠳᠬᠡᠯ ᠲᠤᠰᠢᠶᠠᠬᠤ ᠳ᠋ᠠᠶᠢᠲ᠋ᠠ ᠬᠥᠮᠥᠷᠭᠡ᠂ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠤᠨ ᠳ᠋ᠠᠶᠢᠲ᠋ᠠ ᠬᠥᠮᠥᠷᠭᠡ ᠯᠦᠭᠡ ᠲᠣᠰ ᠲᠣᠰ ᠬᠠᠷᠢᠴᠠᠭᠤᠯᠵᠤ᠂ ᠬᠤᠪᠢ ᠬᠥᠮᠦᠨ ᠤ ᠠᠵᠢᠯ ᠣᠯᠭᠤᠯᠲᠠ ᠠᠵᠢᠯ ᠠᠯᠳᠠᠯᠲᠠ ᠶᠢᠨ ᠳᠡᠩᠰᠡᠯᠡᠯᠲᠡ ᠶᠢᠨ ᠮᠡᠳᠡᠭᠡ ᠵᠠᠩᠭᠢ᠂ ᠬᠦᠴᠢᠷᠳᠡᠯᠲᠡᠶ ᠬᠥᠮᠦᠰ ᠢ ᠮᠠᠭᠠᠳᠯᠠᠨ ᠲᠣᠭᠲᠠᠭᠠᠭᠰᠠᠨ ᠮᠡᠳᠡᠭᠡ ᠵᠠᠩᠭᠢ᠂ ᠠᠵᠤ ᠦᠢᠯᠡᠳᠪᠦᠷᠢ ᠬᠤᠳᠠᠯᠳᠤᠭᠠᠨ ᠤ ᠳᠠᠩᠰᠠᠯᠠᠯᠲᠠ ᠶᠢᠨ ᠮᠡᠳᠡᠭᠡ ᠵᠠᠩᠭᠢ᠂ ᠳᠠᠭᠠᠳᠬᠠᠯ ᠳᠤ ᠣᠷᠣᠯᠴᠠᠭᠰᠠᠨ ᠮᠡᠳᠡᠭᠡ ᠵᠠᠩᠭᠢ᠂ ᠰᠤᠷᠭᠠᠭᠤᠯᠢ ᠲᠡᠭᠦᠰᠦᠭᠰᠡᠳ ᠢ ᠳᠠᠩᠰᠠᠯᠠᠬᠤ ᠵᠡᠷᠭᠡ ᠮᠡᠳᠡᠭᠡ ᠵᠠᠩᠭᠢ ᠶᠢ ᠬᠢᠨᠠᠨ ᠲᠣᠳᠣᠯᠠᠬᠤ ᠬᠡᠷᠡᠭᠲᠡᠶ᠃    4. ᠨᠥᠬᠦᠪᠥᠷᠢ ᠣᠯᠭᠤᠬᠤ ᠬᠡᠷᠡᠭᠲᠡᠶ᠃ ᠨᠥᠬᠦᠴᠡᠯ ᠳᠤ ᠨᠡᠶᠢᠴᠡᠬᠦ ᠶᠢ ᠨᠢ ᠨᠡᠶᠢᠭᠡᠮ ᠳᠤ ᠵᠠᠷᠯᠠᠨ ᠨᠡᠶᠢᠲᠡᠯᠡᠵᠦ᠂ ᠨᠡᠶᠢᠲᠡ ᠳᠤ ᠵᠠᠷᠯᠠᠬᠤ ᠬᠤᠭᠤᠴᠠᠭ᠎ᠠ ᠨᠢ 5 ᠠᠵᠢᠯᠯᠠᠬᠤ ᠡᠳᠦᠷ ᠪᠠᠶᠢᠵᠤ᠂ ᠣᠨᠳᠣᠤ ᠰᠠᠨᠠᠯ ᠥᠬᠡᠶ ᠪᠠᠶᠢᠪᠠᠯ᠂ ᠲᠠᠰ ᠳᠠᠷᠠᠭᠠᠯᠠᠯ ᠤᠨ ᠶᠣᠰᠣᠭᠠᠷ ᠡᠳ᠋ ᠤᠨ ᠵᠠᠰᠠᠭ ᠠᠴᠠ ᠵᠣᠭᠤᠰ ᠮᠥᠩᠭᠦ ᠪᠠᠨ ᠪᠠᠩᠬᠢ ᠪᠠᠷ ᠳᠠᠮᠵᠢᠭᠤᠯᠤᠨ ᠨᠥᠬᠦᠪᠥᠷᠢ ᠪᠠᠯᠠ ᠮᠥᠩᠭᠦ ᠶᠢ ᠭᠤᠶᠤᠴᠢᠯᠠᠭᠴᠢ ᠶᠢᠨ ᠨᠡᠶᠢᠭᠡᠮ ᠤᠨ ᠳᠠᠭᠠᠳᠬᠠᠯ ᠤᠨ ᠺᠠᠷᠲ ᠤᠨ ᠲᠠᠩᠰᠠᠨ ᠡᠷᠦᠬᠡ ᠳᠤ ᠰᠠᠯᠭᠠᠨ ᠥᠭᠭᠦᠨ᠎ᠡ᠃    ᠳᠥᠷᠪᠡ᠂ ᠮᠡᠳᠡᠭᠦᠯᠬᠦ ᠮᠠᠲ᠋ᠧᠷᠢᠶᠠᠯ ᠭᠤᠶᠤᠴᠢᠯᠠᠭᠴᠢ ᠶᠢᠨ ᠬᠠᠩᠭᠠᠬᠤ ᠬᠡᠷᠡᠭᠲᠡᠶ ᠮᠠᠲ᠋ᠧᠷᠢᠶᠠᠯ    1. ᠭᠤᠶᠤᠴᠢᠯᠠᠭᠴᠢ ᠶᠢᠨ ᠪᠡᠶ᠎ᠡ ᠶᠢᠨ ᠦᠨᠡᠮᠯᠡᠯ᠂ ᠡᠷᠦᠬᠡ ᠠᠮᠠ ᠶᠢᠨ ᠤᠭ ᠤᠨ ᠬᠠᠭᠤᠯᠪᠤᠷᠢ ︵ᠪᠡᠶ᠎ᠡ ᠶᠢᠨ ᠦᠨᠡᠮᠯᠡᠯ ᠤᠨ ᠵᠥᠪ ᠪᠤᠷᠤᠭᠤ ᠲᠠᠯ᠎ᠠ ᠶᠢ ᠨᠢ ᠠᠳᠠᠯᠢ ᠨᠢᠭᠡᠨ ᠴᠠᠭᠠᠰᠤᠨ ᠳᠡᠭᠡᠷ᠎ᠡ ᠳᠠᠷᠤᠮᠠᠯᠯᠠᠵᠤ᠂ ᠡᠷᠦᠬᠡ ᠶᠢᠨ ᠲᠤᠭ᠎ᠠ ᠪᠣᠯᠣᠨ ᠲᠤᠰ ᠬᠥᠮᠥᠨ ᠨᠢ ᠠᠳᠠᠯᠢ ᠨᠢᠭᠡᠨ ᠴᠠᠭᠠᠰᠤᠨ ᠳᠡᠭᠡᠷ᠎ᠡ ᠳᠠᠷᠤᠮᠠᠯᠯᠠᠵᠠᠢ︶᠃    2. ︽ᠠᠵᠢᠯ ᠣᠯᠭᠤᠵᠤ ᠠᠳᠠᠯ ᠦᠢᠯᠡᠰ ᠪᠣᠰᠬᠠᠬᠤ ᠦᠨᠡᠮᠯᠡᠯ︾ ᠤᠨ ᠤᠭ ᠬᠠᠭᠤᠯᠪᠤᠷᠢ ᠶᠢ ︵ᠠᠵᠢᠯᠲᠠᠳ ᠬᠥᠳᠡᠯᠮᠦᠷᠢ ᠶᠢᠨ ᠬᠤᠪᠢᠶᠠᠷᠢ ᠰᠢᠰᠲ᠋ᠧᠮ ᠳᠤ ᠠᠮᠢᠳᠤᠯᠢᠭ ᠢᠶᠠᠷ ᠠᠵᠢᠯ ᠣᠯᠭᠤᠬᠤ ᠪᠣᠯᠭᠠᠨ ᠲᠣᠳᠣᠷᠬᠠᠶᠢᠯᠠᠬᠤ ᠶᠢᠨ ᠬᠠᠮᠲᠤ ︽ᠠᠵᠢᠯ ᠣᠯᠵᠤ ᠠᠳᠠᠯ ᠦᠢᠯᠡᠰ ᠪᠣᠰᠬᠠᠬᠤ ᠦᠨᠡᠮᠯᠡᠯ︾ ᠳᠡᠭᠡᠷ᠎ᠡ ᠠᠮᠢᠳᠤᠯᠢᠭ ᠢᠶᠠᠷ ᠠᠵᠢᠯ ᠣᠯᠭᠤᠬᠤ ᠨᠡᠶᠢᠭᠡᠮ ᠤᠨ ᠳᠠᠭᠠᠳᠬᠠᠯ ᠤᠨ ᠨᠥᠬᠦᠪᠦᠷᠢ ᠬᠦᠷᠲᠡᠬᠦ ᠪᠠᠨ ᠲᠣᠳᠣᠷᠬᠠᠶᠢᠯᠠᠪᠠ︶᠃    3. 2 ᠢᠮᠠᠬᠤ ᠬᠥᠬᠡ ᠰᠡᠭᠦᠳᠡᠷ ᠨᠢᠭᠡ ᠰᠢᠷᠬᠡᠭ᠃    4. ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠬᠢᠨᠠᠨ ᠲᠣᠭᠲᠠᠭᠠᠭᠰᠠᠨ ᠬᠠᠭᠤᠳᠠᠰᠤ ᠪᠠ 2024 ᠬᠤᠪᠢ ᠬᠥᠮᠦᠨ ᠤ ᠳᠠᠭᠠᠳᠬᠠᠯ ᠳᠤ ᠣᠷᠣᠯᠴᠠᠭᠰᠠᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠭᠠᠶᠢᠯᠢ ᠲᠠᠲᠠᠪᠤᠷᠢ ᠲᠤᠰᠢᠶᠠᠭᠰᠠᠨ ᠭᠡᠷᠡᠴᠢ ᠶᠢᠨ ᠤᠤᠯ ᠮᠠᠲ᠋ᠧᠷᠢᠶᠠᠯ ᠤᠨ ᠬᠠᠭᠤᠯᠪᠤᠷᠢ    5. ᠬᠤᠪᠢ ᠬᠥᠮᠥᠨ ᠤ ᠨᠡᠶᠢᠭᠡᠮ ᠤᠨ ᠪᠠᠲᠤᠯᠠᠭ᠎ᠠ ᠶᠢᠨ ᠺᠠᠷᠲ ᠤᠨ ᠬᠠᠭᠤᠯᠪᠤᠷᠢ ︵ᠺᠠᠷᠲ ᠬᠢᠭᠡᠳ ᠪᠡᠶ᠎ᠡ ᠶᠢᠨ ᠦᠨᠡᠮᠯᠡᠯ ᠢ ᠨᠢᠭᠡᠨ ᠴᠠᠭᠠᠰᠤᠨ ᠳᠡᠭᠡᠷ᠎ᠡ ᠳᠠᠷᠤᠮᠠᠯᠯᠠᠵᠠᠢ︶᠃    6. ᠠᠮᠢᠳᠤᠯᠢᠭ ᠢᠶᠠᠷ ᠠᠵᠢᠯ ᠣᠯᠭᠤᠬᠤ ᠨᠢᠭᠡᠴᠡ ᠶᠢᠨ ᠭᠡᠷᠡᠴᠢᠯᠡᠭᠰᠡᠨ ᠪᠤᠶᠤ ᠠᠵᠢᠯ ᠣᠯᠭᠤᠬᠤ ᠬᠡᠯᠡᠯᠴᠡᠭᠡᠷ ᠤᠨ ᠤᠭ ᠮᠠᠲ᠋ᠧᠷᠢᠶᠠᠯ᠃ ︵ᠬᠠᠷᠢᠯᠴᠠᠬᠤ ᠤᠲᠠᠰᠤ᠂ ᠬᠠᠶ᠋ᠢᠭ ᠬᠠᠩᠭᠠᠵᠤ᠂ ᠬᠠᠷᠢᠭᠤ ᠰᠤᠷᠪᠤᠯᠵᠢᠯᠠᠬᠤ ᠳᠤ ᠳᠥᠭᠦᠮ ᠪᠣᠯᠭᠠᠨ᠎ᠠ︶᠃    ᠲᠠᠪᠤ᠂ ᠨᠥᠬᠦᠪᠥᠷᠢ ᠥᠭᠬᠦ ᠪᠠᠷᠢᠮᠵᠢᠶ᠎ᠠ᠂ ᠬᠤᠭᠤᠴᠠᠭ᠎ᠠ ᠬᠢᠵᠠᠭᠠᠷ ᠤᠨ ᠨᠥᠬᠦᠪᠥᠷᠢ ᠶᠢᠨ ᠪᠠᠷᠢᠮᠵᠢᠶ᠎ᠠ    ᠮᠠᠨ ᠤ ᠰᠢᠶᠠᠨ ᠤ ᠲᠤᠬᠠᠢ ᠶᠢᠨ ᠵᠢᠯ ᠤᠨ ᠨᠡᠶᠢᠭᠡᠮ ᠤᠨ ᠳᠠᠭᠠᠳᠬᠠᠯ ᠤᠨ ᠰᠦᠢᠳᠬᠡᠯ ᠲᠤᠰᠢᠶᠠᠬᠤ ᠬᠠᠮᠤᠭ ᠤᠨ ᠳᠣᠣᠷ᠎ᠠ ᠪᠠᠷᠢᠮᠵᠢᠶ᠎ᠠ ᠪᠠᠷ ᠬᠡᠷᠡᠭᠵᠢᠭᠦᠯᠵᠦ᠂ ᠬᠠᠮᠤᠭ ᠤᠨ ᠳᠣᠣᠷ᠎ᠠ ᠰᠦᠢᠳᠬᠡᠯ ᠲᠤᠰᠢᠶᠠᠬᠤ 2 /3 ᠠᠴᠠ ᠬᠡᠲᠦᠷᠡᠵᠦ ᠪᠣᠯᠬᠤ ᠦᠭᠡᠢ︔    ᠨᠥᠬᠦᠪᠥᠷᠢ ᠥᠭᠬᠦ ᠬᠤᠭᠤᠴᠠᠭ᠎ᠠ ᠬᠢᠵᠠᠭᠠᠷ᠄ ᠨᠥᠬᠦᠪᠥᠷᠢ ᠥᠭᠬᠦ ᠬᠤᠭᠤᠴᠠᠭ᠎ᠠ ᠬᠢᠵᠠᠭᠠᠷ ᠢ ᠨᠡᠶᠢᠲᠡ ᠭᠤᠷᠪᠠᠨ ᠵᠢᠯ ᠠᠴᠠ ᠬᠡᠲᠦᠷᠡᠭᠦᠯᠵᠦ ᠪᠣᠯᠬᠤ ᠥᠬᠡᠶ᠂ ᠭᠤᠶᠤᠴᠢᠯᠠᠭᠴᠢ ᠨᠢ ︽ᠬᠥᠳᠡᠯᠮᠦᠷᠢ ᠶᠢᠨ ᠡᠬᠢ ᠪᠠᠶᠠᠯᠢᠭ ᠤᠨ ᠮᠡᠳᠡᠭᠡ ᠵᠠᠩᠭᠢ ᠶᠢᠨ ᠰᠢᠰᠲ᠋ᠧᠮ︾ ᠤᠨ ᠳᠣᠲᠣᠷᠠᠬᠢ ᠠᠵᠢᠯ ᠠᠯᠳᠠᠭᠰᠠᠳ ᠤᠨ ᠪᠠᠶᠢᠳᠠᠯ ᠳᠤ ᠪᠠᠶᠢᠬᠤ ᠪᠥᠭᠡᠳ ᠠᠵᠢᠯ ᠤᠯᠬᠤ ᠳᠤ ᠬᠦᠴᠢᠷᠲᠡᠶ ᠬᠥᠮᠦᠨ ᠢᠶᠠᠷ ᠨᠤᠲᠠᠯᠠᠭᠰᠠᠨ ᠪᠥᠭᠡᠳ ᠨᠢᠭᠡᠨᠲᠡ ᠳᠠᠩᠰᠠᠯᠠᠭᠤᠯᠤᠭᠰᠠᠨ ᠠᠮᠢᠳᠤᠯᠢᠭ ᠢᠶᠠᠷ ᠠᠵᠢᠯ ᠣᠯᠤᠭᠰᠠᠨ ᠡᠳᠦᠷ ᠠᠴᠠ ᠡᠬᠢᠯᠡᠵᠦ ᠪᠣᠳᠣᠨ᠎ᠠ᠃    ᠳᠣᠣᠷᠠᠬᠢ ᠪᠠᠶᠢᠳᠠᠯ ᠢ ᠡᠳ᠋ᠯᠡᠬᠦ ᠬᠡᠪᠴᠢᠶᠡᠨ ᠳᠤ ᠪᠠᠭᠲᠠᠬᠤ ᠦᠭᠡᠢ᠄    1. ᠭᠤᠶᠤᠴᠢᠯᠠᠭᠴᠢ ᠶᠢᠨ ᠨᠡᠷ᠎ᠡ ᠳᠣᠤᠷ᠎ᠠ ᠦᠢᠯᠡᠳᠪᠦᠷᠢ ᠬᠤᠳᠠᠯᠳᠤᠭᠠᠨ ᠤ ᠦᠨᠡᠮᠯᠡᠯ ᠪᠤᠶᠤ ᠪᠡᠯᠡ ᠣᠷᠣᠭᠤᠯᠤᠭᠰᠠᠨ ᠠᠵᠤ ᠠᠬᠤᠶᠢᠯᠠᠯ ᠤᠨ ᠦᠢᠯᠡ ᠠᠵᠢᠯᠯᠠᠭ᠎ᠠ ᠶᠢ ᠳᠠᠩᠰᠠᠯᠠᠭᠤᠯᠤᠨ᠎ᠠ᠃    2. ᠠᠵᠢᠯ ᠠᠴᠠ ᠪᠠᠨ ᠠᠮᠠᠷᠠᠭᠰᠠᠳ ᠢ ᠨᠢᠭᠡᠨᠲᠡ ᠭᠦᠢᠴᠡᠳᠬᠡᠭᠰᠡᠨ ᠪᠠ ᠨᠢᠭᠡᠴᠡ ᠠᠴᠠ ᠨᠡᠶᠢᠭᠡᠮ ᠤᠨ ᠳᠠᠭᠠᠳᠬᠠᠯ ᠤᠨ ᠠᠵᠢᠯᠲᠠᠨ ᠲᠤᠰᠢᠶᠠᠨ᠎ᠠ᠃    3. ᠬᠥᠮᠦᠨ ᠬᠡᠷᠡᠭᠯᠡᠬᠦ ᠨᠢᠭᠡᠴᠡ ᠡᠯᠰᠡᠨ ᠬᠡᠷᠡᠭᠯᠡᠭᠰᠡᠨ ᠪᠥᠭᠡᠳ ᠬᠥᠳᠡᠯᠮᠦᠷᠢ ᠶᠢᠨ ᠭᠡᠷ᠎ᠡ ᠲᠣᠭᠲᠠᠭᠰᠠᠨ ᠪᠣᠯ᠃    4. ᠠᠮᠢᠳᠤᠯᠢᠭ ᠢᠶᠠᠷ ᠠᠵᠢᠯ ᠣᠯᠬᠤ ᠶᠢ ᠵᠣᠭᠰᠣᠭᠠᠨ᠎ᠠ︔    5. ᠠᠵᠢᠯ ᠠᠯᠳᠠᠯᠲᠠ ᠶᠢᠨ ᠳᠠᠭᠠᠳᠬᠠᠯ ᠤᠨ ᠮᠥᠩᠭᠦ ᠪᠤᠶᠤ ᠠᠵᠢᠯ ᠠᠯᠳᠠᠯᠲᠠ ᠶᠢᠨ ᠨᠥᠬᠦᠪᠥᠷᠢ ᠮᠥᠩᠭᠦ ᠶᠢ ᠬᠦᠷᠲᠡᠵᠦ ᠪᠠᠶᠢᠭ᠎ᠠ ᠬᠥᠮᠦᠰ᠃    6. ᠭᠤᠶᠤᠴᠢᠯᠠᠬᠤ ᠬᠤᠳᠠᠯ ᠬᠠᠭᠤᠷᠮᠠᠭ ᠮᠠᠲ᠋ᠧᠷᠢᠶᠠᠯ ᠬᠠᠩᠭᠠᠨ᠎ᠠ︔    7. ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠬᠢᠨᠠᠨ ᠪᠠᠶᠢᠴᠠᠭᠠᠬᠤ ᠠᠵᠢᠯ ᠢ ᠬᠠᠮᠵᠢᠯᠴᠠᠬᠤ ᠦᠭᠡᠢ ᠪᠠ ᠠᠵᠢᠯ ᠣᠯᠭᠤᠬᠤ ᠦᠢᠯᠡᠴᠢᠯᠡᠭᠡ ᠬᠠᠩᠭᠠᠬᠤ᠃    8᠂ ᠠᠵᠢᠯ ᠣᠯᠭᠤᠬᠤ ᠰᠠᠯᠠᠭ᠎ᠠ ᠮᠥᠴᠢᠷ ᠲᠤ ᠨᠡᠶᠢᠲᠡ ᠶᠢᠨ ᠠᠰᠠᠷᠠᠮᠵᠢ ᠶᠢᠨ ᠴᠢᠨᠠᠷᠲᠠᠶ ᠠᠵᠢᠯ ᠤᠨ ᠪᠠᠶᠢᠷᠢ ᠪᠦᠬᠦᠯᠢ 3 ᠵᠢᠯ ᠪᠣᠯᠤᠭᠰᠠᠨ ᠪᠤᠶᠤ ᠨᠡᠶᠢᠲᠡ ᠶᠢᠨ ᠠᠰᠠᠷᠠᠮᠵᠢ ᠶᠢᠨ ᠴᠢᠨᠠᠷᠲᠠᠶ ᠠᠵᠢᠯ ᠤᠨ ᠪᠠᠶᠢᠷᠢ ᠬᠢᠵᠦ ᠪᠠᠶᠢᠭ᠎ᠠ ᠪᠣᠯ    ᠵᠢᠷᠭᠤᠭ᠎ᠠ᠂ ᠴᠢᠩᠭ᠎ᠠ ᠬᠠᠮᠢᠶᠠᠷᠬᠤ    ᠮᠡᠳᠡᠭᠦᠯᠬᠦ ᠬᠥᠮᠦᠰ ᠦᠨᠡᠨ ᠢ ᠪᠠᠷᠢᠮᠲᠠᠯᠠᠨ᠂ ᠬᠤᠪᠢ ᠬᠥᠮᠦᠨ ᠤ ᠠᠮᠠᠯᠠᠯᠲᠠ ᠶᠢ ᠢᠲᠡᠭᠡᠯ ᠲᠠᠢ ᠪᠠᠶᠢᠯᠭᠠᠵᠤ᠂ ᠬᠤᠳᠠᠯ ᠬᠠᠭᠤᠷᠮᠠᠭ ᠢᠶᠠᠷ ᠵᠣᠬᠢᠶᠠᠬᠤ᠂ ᠨᠥᠬᠦᠪᠥᠷᠢ ᠪᠡᠯᠡ ᠮᠥᠩᠭᠦ ᠶᠢ ᠮᠡᠬᠡᠯᠡᠨ ᠠᠪᠬᠤ ᠶᠢ ᠴᠢᠩᠭ᠎ᠠ ᠴᠠᠭᠠᠵᠠᠯᠠᠬᠤ ᠬᠡᠷᠡᠭᠲᠡᠶ᠃ ᠰᠠᠬᠢᠯᠭ᠎ᠠ ᠪᠠᠲᠤ ᠪᠠ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠪᠠᠶᠢᠴᠠᠭᠠᠨ ᠲᠣᠳᠣᠯᠠᠭᠰᠠᠨ ᠤ ᠳᠠᠷᠠᠭ᠎ᠠ᠂ ᠮᠡᠬᠡᠯᠡᠨ ᠠᠪᠤᠭᠰᠠᠨ ᠨᠥᠬᠦᠪᠥᠷᠢ ᠪᠡᠯᠡ ᠮᠥᠩᠭᠦ ᠶᠢ ᠨᠡᠬᠡᠮᠵᠢᠯᠡᠨ ᠲᠤᠰᠢᠶᠠᠯᠭᠠᠬᠤ ᠠᠴᠠ ᠭᠠᠳᠠᠨ᠎ᠠ᠂ ᠬᠠᠮᠲᠤ ᠳᠤᠨᠢ ᠬᠠᠷᠢᠭᠤᠴᠠᠯᠭ᠎ᠠ ᠨᠡᠬᠡᠮᠵᠢᠯᠡᠵᠦ᠂ ᠶᠠᠯ᠎ᠠ ᠳᠤ ᠬᠦᠷᠦᠭᠰᠡᠨ ᠪᠣᠯ ᠬᠠᠤᠯᠢ ᠴᠠᠭᠠᠵᠠ ᠶᠢᠨ ᠪᠠᠶᠢᠭᠤᠯᠤᠯᠭ᠎ᠠ ᠳᠤ ᠰᠢᠯᠵᠢᠭᠦᠯᠦᠨ ᠲᠤᠰᠢᠶᠠᠵᠤ ᠰᠢᠶ᠋ᠳᠪᠦᠷᠢᠯᠡᠭᠦᠯᠬᠦ ᠬᠡᠷᠡᠭᠲᠡᠶ᠃    ᠲᠤᠯᠤᠭ᠎ᠠ᠂ ᠮᠡᠳᠡᠭᠦᠯᠬᠦ ᠴᠠᠭ ᠤᠨ ᠬᠢᠵᠠᠭᠠᠷ᠂ ᠭᠠᠵᠠᠷ ᠵᠢᠴᠢ ᠤᠲᠠᠰᠤ ᠪᠠᠷ ᠮᠡᠳᠡᠭᠦᠯᠬᠦ ᠴᠠᠭ ᠤᠨ ᠬᠢᠵᠠᠭᠠᠷ    2024 ᠣᠨ ᠤ 1 ᠰᠠᠷ᠎ᠠ ᠶᠢᠨ 1 ᠤ ᠡᠳᠦᠷ ᠠᠴᠠ 2024 ᠣᠨ ᠤ 12 ᠰᠠᠷ᠎ᠠ ᠶᠢᠨ 31 ᠤ ᠡᠳᠦᠷ ᠪᠣᠯᠲᠠᠯ᠎ᠠ᠃    1 ᠳ᠋ᠦ᠋ᠭᠡᠷ ᠰᠠᠷ᠎ᠠ ᠶᠢᠨ 1 ᠤ ᠡᠳᠦᠷ ᠠᠴᠠ 10 ᠳ᠋ᠤᠭᠠᠷ ᠰᠠᠷ᠎ᠠ ᠶᠢᠨ 31 ᠤ ᠡᠳᠦᠷ ᠪᠣᠯᠲᠠᠯ᠎ᠠ ᠠᠵᠢᠯ ᠣᠯᠬᠤ ᠳᠤ ᠬᠦᠴᠢᠷᠲᠡᠢ ᠬᠥᠮᠥᠰ ᠢ ᠮᠠᠭᠠᠳᠯᠠᠨ ᠲᠣᠭᠲᠠᠭᠠᠬᠤ ᠶᠢᠨ ᠬᠠᠮᠲᠤ ᠠᠮᠢᠳᠤᠯᠢᠭ ᠢᠶᠠᠷ ᠠᠵᠢᠯ ᠣᠯᠭᠤᠬᠤ ᠶᠢ ᠪᠡᠶᠡᠯᠡᠭᠦᠯᠦᠨ᠎ᠡ︔    11 ᠳ᠋ᠤᠭᠡᠷ ᠰᠠᠷ᠎ᠠ ᠶᠢᠨ 1 ᠤ ᠡᠳᠦᠷ ᠠᠴᠠ 12 ᠳ᠋ᠤᠭᠠᠷ ᠰᠠᠷ᠎ᠠ ᠶᠢᠨ 20 ᠤ ᠡᠳᠦᠷ ᠪᠣᠯᠲᠠᠯ᠎ᠠ ᠠᠮᠢᠳᠤᠯᠢᠭ ᠢᠶᠠᠷ ᠠᠵᠢᠯ ᠣᠯᠭᠤᠬᠤ ᠨᠡᠶᠢᠭᠡᠮ ᠤᠨ ᠳᠠᠭᠠᠳᠬᠠᠯ ᠤᠨ ᠨᠥᠬᠦᠪᠥᠷᠢ ᠶᠢ ᠬᠢᠨᠠᠨ ᠬᠠᠷᠭᠤᠭᠤᠯᠬᠤ᠂ ᠪᠠᠶᠢᠴᠠᠭᠠᠨ ᠰᠢᠯᠭᠠᠵᠤ ᠢᠯᠡ ᠨᠡᠶᠢᠲᠡᠯᠡᠬᠦ᠂ ᠪᠠᠯᠠ ᠮᠥᠩᠭᠦ ᠶᠢ ᠭᠤᠶᠤᠴᠢᠯᠠᠨ ᠮᠡᠳᠡᠭᠦᠯᠬᠦ ᠵᠢᠴᠢ ᠰᠠᠯᠭᠠᠨ ᠥᠭᠬᠦ ᠵᠡᠷᠭᠡ ᠠᠵᠢᠯ ᠢ ᠭᠥᠯᠢᠶᠡᠨ ᠠᠪᠴᠤ ᠰᠢᠶ᠋ᠳᠪᠦᠷᠢᠯᠡᠬᠦ ᠶᠢᠨ ᠲᠥᠯᠥᠭᠡ᠃    ᠡᠷᠬᠡ ᠲᠡᠭᠰᠢ ᠲᠥᠪ ᠭᠤᠣᠯᠴᠢ ᠵᠠᠷᠴᠢᠮ ᠶᠣᠰᠣᠭᠠᠷ ᠬᠤᠭᠤᠴᠠᠭ᠎ᠠ ᠥᠩᠭᠡᠷᠡᠲᠡᠯ᠎ᠡ ᠬᠦᠯᠢᠶᠡᠨ ᠠᠪᠴᠤ ᠰᠢᠢᠳᠪᠦᠷᠢᠯᠡᠬᠦ ‍ᠦᠭᠡᠢ᠃    ᠮᠡᠳᠡᠭᠦᠯᠬᠦ ᠭᠠᠵᠠᠷ᠄ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠢᠯᠡᠴᠢᠯᠡᠭᠡᠨ ᠤ ᠶᠡᠭᠡ ᠲᠢᠩᠬᠢᠮ ᠤᠨ ᠨᠢᠭᠡᠳᠦᠭᠡᠷ ᠳᠠᠪᠬᠤᠷᠯᠢᠭ ᠤᠨ ᠶᠡᠷᠦᠩᠬᠡᠶᠢᠯᠡᠭᠰᠡᠨ ᠴᠣᠩᠬᠤ 3 ᠭᠦᠢᠴᠡᠳᠬᠡᠨ᠎ᠡ᠃    ᠠᠰᠠᠭᠤᠨ ᠯᠠᠪᠯᠠᠬᠤ ᠤᠲᠠᠰᠤ᠄ 0474 - 6919755    ᠱᠠᠩᠳᠤ ᠰᠢᠶᠠᠨ ᠤ ᠠᠵᠢᠯ ᠣᠯᠭᠤᠯᠲᠠ ᠶᠢᠨ ᠦᠢᠯᠡᠴᠢᠯᠡᠭᠡᠨ ᠤ ᠲᠥᠪᠣᠷᠴᠢᠭᠤᠯᠣᠭᠴᠢ᠄  ᠬᠠᠨᠠᠭᠠᠷᠬᠢᠨᠠᠭᠴᠢ᠄  ᠬᠠᠨᠠᠭᠠᠷ
 
ᠢᠷᠡᠯᠲᠡ᠄ ᠱᠠᠩᠳᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004288号-2