ᠱᠠᠩᠳᠤ ᠰᠢᠶᠠᠨ ᠤ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢᠨ ︽ᠳᠡᠯᠭᠡᠬᠦ ᠦᠵᠡᠭᠦᠯᠬᠦ ᠠᠳᠠᠯᠢᠳᠬᠠᠬᠤ︾ ᠲᠡᠷᠢᠭᠦᠨ ᠤ ᠬᠢ ᠶᠢ ᠡᠭᠦᠳᠴᠦ ᠰᠢᠯᠢᠳᠡᠭ ᠪᠣᠯᠬᠤ ᠪᠠᠷ ᠴᠢᠷᠮᠠᠶᠢᠬᠤ ᠠᠵᠢᠯᠯᠠᠭ᠎ᠠ ᠵᠢᠴᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ︽ᠲᠠᠶᠢᠰᠠᠨ ᠤ ᠮᠥᠷᠦ᠋ᠢᠴᠡᠭᠡᠨ︾ ᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/7/25
  ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ ᠶᠢᠨ ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ ᠬᠥᠭᠵᠢᠯᠲᠡ ᠶᠢ ᠡᠷᠢᠯᠬᠢᠯᠡᠬᠦ᠂ ᠬᠦᠴᠢᠷ ᠢ ᠲᠤᠭᠤᠯᠤᠨ ᠪᠡᠷᠬᠡ ᠶᠢ ᠳᠠᠪᠠᠵᠤ ᠦᠢᠯᠡᠰ ᠪᠦᠲᠦᠭᠡᠬᠦ ᠠᠵᠢᠯ ᠤᠨ ᠬᠠᠯᠠᠭᠤᠨ ᠰᠡᠳᠬᠢᠯᠭᠡ ᠶᠢ ᠤᠯᠠᠮ ᠴᠢᠨᠠᠭᠰᠢᠳᠠ ᠬᠥᠭᠵᠢᠭᠡᠵᠦ᠂ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ ᠶᠢᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠠᠪᠤᠴᠠ ᠳᠠᠬᠢ ︽ᠳᠠᠭᠠᠭᠤᠯᠤᠭᠴᠢ︾ ᠶᠢᠨ ᠦᠢᠯᠡᠳᠦᠯ ᠢ ᠪᠠᠳᠠᠷᠠᠭᠤᠯᠬᠤ ᠶᠢᠨ ᠲᠥᠯᠥᠭᠡ᠂ 7 ᠰᠠᠷ᠎ᠠ ᠶᠢᠨ 16 ᠤ ᠡᠳᠦᠷ ᠠᠴᠠ 17 ᠤ ᠡᠳᠦᠷ ᠪᠣᠯᠲᠠᠯ᠎ᠠ᠂ ᠱᠠᠩᠳᠤ ᠰᠢᠶᠠᠨ ᠤ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢᠨ ︽ᠳᠡᠯᠭᠡᠬᠦ ᠦᠵᠡᠭᠦᠯᠬᠦ ᠠᠳᠠᠯᠢᠳᠬᠠᠬᠤ︾ ᠲᠡᠷᠢᠭᠦᠨ ᠤ ᠬᠢ ᠶᠢ ᠡᠭᠦᠳᠴᠦ ᠰᠢᠯᠢᠳᠡᠭ ᠪᠣᠯᠬᠤ ᠪᠠᠷ ᠴᠢᠷᠮᠠᠶᠢᠬᠤ ᠠᠵᠢᠯᠯᠠᠭ᠎ᠠ ᠵᠢᠴᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ︽ᠲᠠᠶᠢᠰᠠᠨ ᠤ ᠮᠥᠷᠦ᠋ᠢᠴᠡᠭᠡᠨ︾ ᠤ ᠠᠵᠢᠯᠯᠠᠭ᠎ᠠ ᠥᠷᠨᠢᠭᠦᠯᠪᠡ ᠃ ᠰᠢᠶᠠᠨ ᠤ ᠨᠠᠮ ᠤᠨ ᠬᠤᠷᠢᠶᠠᠨ ᠤ ᠱᠦᠵᠢ ᠭᠤᠤ ᠶᠦᠩ ᠪᠢᠨ᠂ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠰᠢᠶᠠᠨ ᠤ ᠳᠠᠷᠤᠭ᠎ᠠ ᠶᠠᠩ ᠸᠧᠨ ᠾᠦᠢ᠂ ᠰᠢᠶᠠᠨ ᠤ ᠵᠠᠮᠴᠢᠯᠠᠭᠴᠢ ᠼᠦᠢ ᠴᠢᠨ᠂ ᠮᠧᠩ ᠶᠦᠩ ᠴᠢᠩ᠂ ᠮᠧᠩ ᠽᠧ ᠴᠢᠶᠦ᠋ᠩ᠂ ᠵᠠᠩ ᠭᠤᠸᠠᠩ ᠵᠢᠴᠢ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠥᠬᠦᠳ ᠣᠷᠣᠯᠴᠠᠪᠠ᠃    ︽ᠤᠷᠤᠯᠳᠤᠭᠠᠨ ᠤ ᠲᠠᠪᠴᠠᠩ ᠤᠨ ᠮᠥᠷᠦ᠋ᠢᠴᠡᠭᠡᠨ︾ ᠤ ᠠᠵᠢᠯᠯᠠᠭ᠎ᠠ ᠶᠢ ᠲᠤᠬᠠᠶ ᠶᠢᠨ ᠭᠠᠵᠠᠷ ᠲᠤᠨᠢ ᠲᠣᠭᠤᠷᠢᠨ ᠦᠵᠡᠬᠦ ᠪᠠ ᠬᠠᠷᠢᠭᠤ ᠮᠡᠳᠡᠭᠦᠯᠦᠯᠲᠡ ᠶᠢ ᠰᠣᠨᠣᠰᠬᠤ ᠠᠷᠭ᠎ᠠ ᠮᠠᠶ᠋ᠢᠭ ᠢᠶᠠᠷ ᠳᠠᠮᠵᠢᠭᠤᠯᠤᠨ᠂ ᠡᠯ᠎ᠡ ᠰᠢᠶᠠᠩ ᠪᠠᠯᠭᠠᠰᠤᠨ ᠤ ᠨᠠᠮ ᠤᠨ ᠬᠤᠷᠢᠶᠠᠨ ᠤ ᠱᠦᠵᠢ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ᠂ ᠠᠵᠤ ᠦᠢᠯᠡᠰ ᠤᠨ ᠬᠥᠭᠵᠢᠯᠲᠡ᠂ ᠦᠨᠳᠦᠰᠦᠨ ᠱᠠᠲᠤᠨ ᠤ ᠵᠠᠰᠠᠯᠲᠠ᠂ ︽ᠭᠤᠷᠪᠠᠨ ᠵᠦᠶ᠋ᠯ ᠤᠨ ᠠᠵᠢᠯ︾ ᠢ ᠨᠢᠭᠡᠳᠦᠯᠲᠡᠶ ᠲᠥᠯᠥᠪᠯᠡᠨ ᠥᠷᠨᠢᠭᠦᠯᠦᠭᠰᠡᠨ ᠪᠠᠶᠢᠳᠠᠯ ᠪᠠ ᠣᠨᠴᠠᠯᠢᠭᠲᠤ ᠬᠢᠯᠠᠰ ᠴᠡᠭ ᠤᠨ ᠰᠢᠨ᠎ᠡ ᠶᠢ ᠡᠭᠦᠳᠬᠦ ᠠᠵᠢᠯ ᠵᠡᠷᠭᠡ ᠲᠠᠪᠤᠨ ᠲᠠᠯ᠎ᠠ ᠶᠢᠨ ᠲᠣᠭᠤᠷᠢᠨ ᠳᠤ ᠲᠤᠬᠠᠶ ᠶᠢᠨ ᠲᠠᠯᠠᠪᠤᠷ ᠤᠨ ᠬᠠᠷᠢᠭᠤ ᠮᠡᠳᠡᠭᠦᠯᠦᠯᠲᠡ ᠬᠢᠵᠡᠶ᠃ ᠲᠣᠰ ᠤᠳᠠᠭᠠᠨ ᠤ ᠠᠵᠢᠯᠯᠠᠭ᠎ᠠ ᠶᠢ ᠥᠷᠨᠢᠭᠦᠯᠦᠭᠰᠡᠨ ᠨᠢ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ ᠶᠢᠨ ᠤᠯᠤᠰ ᠲᠥᠷᠥ ᠶᠢᠨ ᠬᠡᠪ ᠴᠢᠨᠠᠷ᠂ ᠲᠤᠬᠠᠶᠢᠯᠠᠭᠰᠠᠨ ᠠᠵᠢᠯ ᠤᠨ ᠴᠢᠳᠠᠪᠤᠷᠢ ᠪᠠ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠭᠡᠬᠦ ᠬᠢᠷᠢ ᠲᠦᠪᠰᠢᠨ ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠠᠳᠠᠯᠢᠳᠬᠠᠬᠤ ᠰᠤᠷᠤᠯᠴᠠᠬᠤ ᠬᠥᠭᠡᠭᠡᠵᠦ ᠭᠦᠢᠴᠡᠬᠦ ᠳᠠᠪᠠᠵᠤ ᠭᠠᠷᠬᠤ᠂ ᠲᠡᠷᠢᠭᠦᠨ ᠤ ᠬᠢ ᠶᠢ ᠡᠭᠦᠳᠴᠦ ᠰᠢᠯᠢᠳᠡᠭ ᠪᠣᠯᠬᠤ ᠪᠠᠷ ᠴᠢᠷᠮᠠᠶᠢᠬᠤ ᠭᠦᠨ ᠵᠤᠵᠠᠭᠠᠨ ᠠᠭᠤᠷ ᠠᠮᠢᠰᠬᠤᠯ ᠢ ᠪᠣᠶ ᠪᠣᠯᠭᠠᠪᠠ᠃ ᠮᠥᠷᠦ᠋ᠢᠴᠡᠭᠡᠨ ᠳᠠᠭᠤᠰᠤᠭᠰᠠᠨ ᠤ ᠳᠠᠷᠠᠭ᠎ᠠ᠂ ᠳ᠋ᠦᠩᠨᠡᠯᠲᠡ ᠶᠢᠨ ᠶᠡᠭᠡ ᠬᠤᠷᠠᠯ ᠬᠤᠷᠠᠯᠳᠤᠭᠤᠯᠵᠤ᠂ ᠡᠯ᠎ᠡ ᠰᠢᠶᠠᠩ ᠪᠠᠯᠭᠠᠰᠤᠨ ᠤ ᠠᠵᠢᠯ ᠤᠨ ᠬᠢᠯᠠᠰ ᠴᠡᠭ ᠪᠠ ᠬᠦᠷᠦᠯᠴᠡᠬᠦ ᠥᠬᠡᠶ ᠲᠠᠯ᠎ᠠ ᠣᠷᠣᠰᠢᠵᠤ ᠪᠠᠶᠢᠭ᠎ᠠ ᠵᠡᠷᠭᠡ ᠲᠠᠯ᠎ᠠ ᠪᠠᠷ ᠦᠨᠡᠯᠡᠯᠲᠡ ᠬᠢᠪᠡ᠃    ᠬᠤᠷᠠᠯ ᠠᠴᠠ ᠴᠢᠬᠤᠯᠠᠴᠢᠯᠠᠭᠰᠠᠨ ᠨᠢ᠂ ᠡᠯ᠎ᠡ ᠰᠢᠶᠠᠩ ᠪᠠᠯᠭᠠᠰᠤᠨ ᠤ ᠨᠠᠮ ᠤᠨ ᠬᠤᠷᠢᠶᠠᠨ ᠤ ᠱᠦᠵᠢ ᠡᠨᠡ ᠤᠳᠠᠭ᠎ᠠ ᠶᠢᠨ ︽ᠤᠷᠤᠯᠳᠤᠭᠠᠨ ᠤ ᠲᠠᠪᠴᠠᠩ ᠤᠨ ᠮᠥᠷᠦ᠋ᠢᠴᠡᠭᠡᠨ︾ ᠢᠶᠠᠷ ᠠᠵᠠ ᠲᠣᠬᠢᠶᠠᠯ ᠪᠣᠯᠭᠠᠵᠤ᠂ ᠠᠳᠠᠯᠢᠳᠬᠠᠨ ᠰᠤᠷᠤᠯᠴᠠᠵᠤ ᠳᠠᠪᠠᠵᠤ ᠭᠠᠷᠬᠤ᠂ ᠰᠢᠯᠢᠳᠡᠭ ᠢ ᠡᠭᠦᠳᠴᠦ ᠲᠡᠷᠢᠭᠦᠨ ᠳᠤ ᠣᠷᠣᠬᠤ ᠪᠠᠷ ᠴᠢᠷᠮᠠᠶᠢᠬᠤ ᠳᠤᠮᠳᠠ ᠠᠵᠢᠯ ᠬᠢᠵᠦ ᠦᠢᠯᠡᠰ ᠪᠤᠰᠬᠠᠬᠤ ᠴᠢᠳᠠᠪᠤᠷᠢ ᠶᠢ ᠳᠡᠭᠡᠭᠰᠢᠯᠡᠭᠦᠯᠵᠦ᠂ ᠨᠠᠮ ᠤᠨ ᠪᠠᠶᠢᠭᠤᠯᠤᠯᠲᠠ ᠶᠢ ᠠᠳᠬᠤᠵᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ᠂ ᠠᠵᠤ ᠦᠢᠯᠡᠰ ᠤᠨ ᠬᠥᠭᠵᠢᠯᠲᠡ ᠂ ᠦᠨᠳᠦᠰᠦᠨ ᠱᠠᠲᠤᠨ ᠤ ᠵᠠᠰᠠᠯᠲᠠ᠂ ᠬᠤᠳᠠᠯᠳᠤᠭ᠎ᠠ ᠡᠷᠬᠢᠯᠡᠬᠦ ᠣᠷᠴᠢᠨ ᠲᠣᠭᠤᠷᠢᠨ᠂ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ ᠵᠡᠷᠭᠡ ᠭᠤᠣᠯᠳᠠᠯᠭ᠎ᠠ ᠲᠠᠢ ᠠᠵᠢᠯ ᠢ ᠰᠠᠶᠢᠲᠤᠷ ᠬᠢᠬᠦ ᠬᠡᠷᠡᠭᠲᠡᠢ᠃ᠣᠷᠴᠢᠭᠤᠯᠣᠭᠴᠢ᠄  ᠬᠠᠨᠠᠭᠠᠷ ᠬᠢᠨᠠᠭᠴᠢ᠄  ᠬᠠᠨᠠᠭᠠᠷ
 
ᠢᠷᠡᠯᠲᠡ᠄ ᠱᠠᠩᠳᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004288号-2