ᠥᠪᠥᠷ ᠮᠣᠩᠭᠤᠯ ᠤᠨ ᠠᠨᠠᠭᠠᠬᠤ ᠤᠬᠠᠭᠠᠨ ᠤ ᠶᠡᠭᠡ ᠰᠤᠷᠭᠠᠭᠤᠯᠢ ᠶᠢᠨ ᠬᠢᠲᠠᠳ ᠡᠮᠨᠡᠯᠭᠡ ᠶᠢᠨ ᠳᠡᠭᠡᠳᠦ ᠰᠤᠷᠭᠠᠭᠤᠯᠢ ᠱᠠᠩᠳᠤ ᠰᠢᠶᠠᠨ ᠳᠤ ᠬᠦᠷᠴᠦ ᠵᠣᠨ ᠤ ᠠᠮᠠᠷᠠᠯᠲᠠ ᠶᠢᠨ ᠬᠤᠭᠤᠴᠠᠭᠠᠨ ᠤ ︽ᠭᠤᠷᠪᠠ ᠶᠢ ᠬᠥᠳᠡᠭᠡ ᠪᠠᠭᠤᠯᠭᠠᠬᠤ︾ ᠨᠡᠶᠢᠭᠡᠮ ᠤᠨ ᠦᠢᠯᠡᠳᠦᠯᠭᠡ ᠶᠢᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/7/25
  ᠣᠯᠠᠨ ᠲᠦᠮᠡᠨ ᠳᠤ ᠴᠢᠨᠠᠷ ᠰᠠᠶᠢᠲᠠᠶ ᠳᠥᠭᠦᠮ ᠳᠥᠲᠡ ᠡᠮᠴᠢᠯᠡᠭᠡᠨ ᠤ ᠦᠶ᠋ᠯᠡᠴᠢᠯᠡᠭᠡ ᠬᠦᠷᠲᠡᠭᠡᠬᠦ ᠶᠢᠨ ᠲᠥᠯᠥᠭᠡ ᠂ 7 ᠰᠠᠷ᠎ᠠ ᠶᠢᠨ 16 ᠤ ᠡᠳᠦᠷ᠂ ᠥᠪᠥᠷ ᠮᠣᠩᠭᠤᠯ ᠤᠨ ᠠᠨᠠᠭᠠᠬᠤ ᠤᠬᠠᠭᠠᠨ ᠤ ᠶᠡᠭᠡ ᠰᠤᠷᠭᠠᠭᠤᠯᠢ ᠶᠢᠨ ᠬᠢᠲᠠᠳ ᠡᠮᠨᠡᠯᠭᠡ ᠶᠢᠨ ᠳᠡᠭᠡᠳᠦ ᠰᠤᠷᠭᠠᠭᠤᠯᠢ ᠱᠠᠩᠳᠤ ᠰᠢᠶᠠᠨ ᠳᠤ ᠬᠦᠷᠴᠦ ᠵᠣᠨ ᠤ ᠠᠮᠠᠷᠠᠯᠲᠠ ᠶᠢᠨ ᠬᠤᠭᠤᠴᠠᠭᠠᠨ ᠤ ︽ᠭᠤᠷᠪᠠ ᠶᠢ ᠬᠥᠳᠡᠭᠡ ᠪᠠᠭᠤᠯᠭᠠᠬᠤ︾ ᠨᠡᠶᠢᠭᠡᠮ ᠤᠨ ᠦᠶ᠋ᠯᠡᠳᠦᠯᠭᠡ ᠶᠢᠨ ᠠᠵᠢᠯᠯᠠᠭ᠎ᠠ ᠥᠷᠨᠢᠭᠦᠯᠪᠡ᠃    ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠳᠡᠳ᠋ ᠳᠠᠷᠤᠭ᠎ᠠ ᠸᠠᠩ ᠲᠢᠶᠠᠨ ᠢᠦᠢ ᠠᠵᠢᠯᠯᠠᠭ᠎ᠠ ᠳᠤ ᠣᠷᠣᠯᠴᠠᠭᠰᠠᠨ ᠪᠥᠭᠡᠳ ᠤᠭᠲᠤᠬᠤ ᠦᠭᠡ ᠬᠡᠯᠡᠪᠡ᠃ ᠥᠪᠥᠷ ᠮᠣᠩᠭᠤᠯ ᠤᠨ ᠠᠨᠠᠭᠠᠬᠤ ᠤᠬᠠᠭᠠᠨ ᠤ ᠶᠡᠭᠡ ᠰᠤᠷᠭᠠᠭᠤᠯᠢ ᠶᠢᠨ ᠬᠢᠲᠠᠳ ᠡᠮᠨᠡᠯᠭᠡ ᠶᠢᠨ ᠳᠡᠭᠡᠳᠦ ᠰᠤᠷᠭᠠᠭᠤᠯᠢ ᠶᠢᠨ ᠵᠠᠬᠢᠷᠤᠯ ᠵᠠᠩ ᠰᠦᠸᠧ ᠵᠢᠴᠢ ᠬᠢᠲᠠᠳ ᠡᠮᠨᠡᠯᠭᠡ ᠶᠢᠨ ᠳᠡᠭᠡᠳᠦ ᠰᠤᠷᠭᠠᠭᠤᠯᠢ ᠶᠢᠨ ᠠᠯᠪᠠᠨ ᠵᠢᠷᠤᠮ ᠤᠨ ᠡᠮᠴᠢᠯᠡᠭᠡᠨ ᠤ ᠲᠤᠰᠬᠠᠶ ᠮᠡᠷᠭᠡᠵᠢᠯᠲᠡᠨ ᠪᠠ ᠨᠡᠶᠢᠭᠡᠮ ᠤᠨ ᠦᠢᠯᠡᠳᠦᠯᠭᠡ ᠶᠢᠨ ᠦᠢᠯᠡᠴᠢᠯᠡᠭᠡᠨ ᠤ ᠠᠩᠭᠢ ᠶᠢᠨ ᠰᠠᠶᠢᠨ ᠳᠤᠷ᠎ᠠ ᠶᠢᠨ ᠠᠵᠢᠯᠯᠠᠭᠴᠢ ᠂ ᠰᠤᠷᠤᠭᠴᠢᠳ ᠤᠨ ᠲᠥᠯᠥᠭᠡᠯᠡᠭᠴᠢ ᠠᠵᠢᠯᠯᠠᠭ᠎ᠠ ᠳᠤ ᠣᠷᠣᠯᠴᠠᠵᠠᠶ᠃    ᠡᠬᠢᠯᠡᠯᠲᠡ ᠶᠢᠨ ᠶᠣᠰᠣᠯᠠᠯ ᠳᠡᠭᠡᠷ᠎ᠡ᠂ ᠴᠦᠩᠴᠢᠩ ᠤᠨ ᠡᠮ ᠡᠮᠨᠡᠯᠭᠡ ᠶᠢᠨ ᠪᠦᠯᠦᠭᠯᠡᠯ ᠤᠨ ᠥᠪᠥᠷ ᠮᠣᠩᠭᠤᠯ ᠤᠨ ᠲᠢᠶᠠᠨ ᠾᠧ ᠡᠮ ᠡᠮᠨᠡᠯᠭᠡ ᠶᠢᠨ ᠬᠢᠵᠠᠭᠠᠷᠲᠤ ᠺᠣᠮᠫᠠᠨᠢ ᠥᠪᠥᠷ ᠮᠣᠩᠭᠤᠯ ᠤᠨ ᠠᠨᠠᠭᠠᠬᠤ ᠤᠬᠠᠭᠠᠨ ᠤ ᠶᠡᠭᠡ ᠰᠤᠷᠭᠠᠭᠤᠯᠢ ᠶᠢᠨ ᠬᠢᠲᠠᠳ ᠡᠮᠨᠡᠯᠭᠡ ᠶᠢᠨ ᠳᠡᠭᠡᠳᠦ ᠰᠤᠷᠭᠠᠭᠤᠯᠢ ᠶᠢᠨ ︽ᠤᠯᠠᠭᠠᠨ ᠡᠮᠴᠢ ᠶᠢᠨ ᠤᠯᠠᠭᠠᠨᠮᠥ᠋ᠴᠢᠷ︾ ᠤᠨ ᠦᠢᠯᠡᠳᠦᠯᠭᠡ ᠶᠢᠨ ᠠᠵᠢᠯᠯᠠᠭ᠎ᠠ ᠳᠤ ᠠᠷᠪᠠᠨ ᠬᠡᠳᠦᠨ ᠵᠦᠢᠯ ᠤᠨ ᠠᠷᠪᠠᠨ ᠲᠦᠮᠡᠨ ᠲᠥᠭᠦᠷᠢᠭ ᠤᠨ ᠥᠷᠲᠡᠭ ᠪᠥᠬᠦᠶ ᠡᠮ ᠲᠠᠩ ᠬᠠᠨᠳᠢᠪᠯᠠᠪᠠ᠃    ᠠᠯᠪᠠᠨ ᠵᠢᠷᠤᠮ ᠤᠨ ᠡᠮᠴᠢᠯᠡᠭᠡᠨ ᠤ ᠲᠤᠬᠠᠶ ᠶᠢᠨ ᠲᠠᠯᠠᠪᠠᠶ ᠳᠤ᠂ ᠲᠤᠰᠬᠠᠶ ᠮᠡᠷᠭᠡᠵᠢᠯᠲᠡᠳ ᠡᠪᠡᠳᠴᠢᠨ ᠦᠵᠡᠭᠦᠯᠦᠭᠰᠡᠨ ᠡᠪᠡᠳᠴᠢᠲᠡᠨ ᠤ ᠡᠪᠡᠳᠴᠢᠨ ᠤ ᠲᠡᠤᠬᠡ ᠪᠠ ᠣᠳᠣᠬᠠᠨ ᠤ ᠪᠡᠶ᠎ᠡ ᠮᠠᠬᠠᠪᠣᠳ ᠤᠨ ᠪᠠᠶᠢᠳᠠᠯ ᠢ ᠬᠦᠯᠢᠴᠡᠩᠭᠦᠶ ᠪᠠᠷ ᠯᠠᠪᠯᠠᠨ ᠠᠰᠠᠭᠤᠵᠤ᠂ ᠥᠩᠭᠡᠷᠡᠭᠰᠡᠨ ᠤ ᠪᠠᠶᠢᠴᠠᠭᠠᠯᠲᠠ᠂ ᠰᠢᠯᠭᠠᠨ ᠪᠠᠶᠢᠴᠠᠭᠠᠭᠰᠠᠨ ᠮᠠᠲ᠋ᠧᠷᠢᠶᠠᠯ ᠵᠢᠴᠢ ᠤᠤᠭᠤᠭᠰᠠᠨ ᠡᠮ ᠢ ᠨᠠᠷᠢᠨ ᠨᠢᠮᠪᠠᠶ ᠪᠠᠶᠢᠴᠠᠭᠠᠨ ᠦᠵᠡᠵᠦ᠂ ᠲᠡᠳᠡᠨ ᠤ ᠰᠡᠵᠢᠭ ᠢ ᠠᠯᠳᠠᠷᠠᠭᠠᠵᠤ᠂ ᠣᠨᠣᠰᠢᠯᠠᠨ ᠡᠮᠨᠡᠬᠦ ᠪᠠ ᠡᠮ ᠬᠡᠷᠡᠭᠯᠡᠬᠦ ᠲᠥᠰᠦᠯ ᠢ ᠬᠠᠩᠭᠠᠵᠤ ᠥᠭᠪᠡ᠃ᠣᠷᠴᠢᠭᠤᠯᠣᠭᠴᠢ᠄  ᠬᠠᠨᠠᠭᠠᠷ ᠬᠢᠨᠠᠭᠴᠢ᠄  ᠬᠠᠨᠠᠭᠠᠷ
 
ᠢᠷᠡᠯᠲᠡ᠄ ᠱᠠᠩᠳᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004288号-2