ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠱᠧᠨ ᠼᠠᠢ ᠵᠢᠶᠦ᠋ᠨ ᠮᠠᠨ ᠤ ᠰᠢᠶᠠᠨ ᠳᠤ ᠬᠦᠷᠴᠦ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠥᠬᠦ ᠣᠷᠣᠨ ᠪᠦᠰᠡ ᠶᠢᠨ ᠪᠥᠲᠥᠭᠡᠨ ᠪᠠᠶᠢᠭᠤᠯᠤᠯᠲᠠ ᠶᠢᠨ ᠵᠢᠱᠢᠶᠡᠴᠢ ᠥᠪᠡᠷᠲᠡᠭᠡᠨ ᠵᠠᠰᠠᠬᠤ ᠣᠷᠣᠨ ᠤ ᠠᠬᠢᠭᠤᠯᠬᠤ ᠲᠦᠷᠢᠮ︾ ᠢ ᠲᠤᠭᠤᠰᠢᠯᠠᠭᠤᠯᠤᠨ ᠨᠠᠶᠢᠳᠠᠪᠤᠷᠢᠵᠢᠭᠤᠯᠤᠭᠰᠠᠨ ᠪᠠᠶᠢᠳᠠᠯ ᠤᠨ ᠲᠤᠬᠠᠶ ᠬᠠᠤᠯᠢ ᠬᠡᠷᠡᠭᠵᠢᠭᠦᠯᠬᠦ ᠪᠠᠶᠢᠴᠠᠭᠠᠨ ᠰᠤᠳᠤᠯᠤᠯᠲᠠ ᠬᠢᠪᠠ
ᠨᠡᠶᠢᠲᠡᠯᠡᠭᠰᠡᠨ ᠴᠠᠭ᠄
2024/7/25
   7 ᠰᠠᠷ᠎ᠠ ᠶᠢᠨ 19 ᠤ ᠡᠳᠦᠷ᠂ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠱᠧᠨ ᠼᠠᠢ ᠵᠢᠶᠦ᠋ᠨ ᠮᠠᠨ ᠤ ᠰᠢᠶᠠᠨ ᠳᠤ ᠬᠦᠷᠴᠦ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠥᠬᠦ ᠣᠷᠣᠨ ᠪᠦᠰᠡ ᠶᠢᠨ ᠪᠥᠲᠥᠭᠡᠨ ᠪᠠᠶᠢᠭᠤᠯᠤᠯᠲᠠ ᠶᠢ ᠠᠬᠢᠭᠤᠯᠬᠤ ᠲᠦᠷᠢᠮ︾ ᠢ ᠲᠤᠭᠤᠰᠢᠯᠠᠭᠤᠯᠤᠨ ᠨᠠᠶᠢᠳᠠᠪᠤᠷᠢᠵᠢᠭᠤᠯᠤᠭᠰᠠᠨ ᠪᠠᠶᠢᠳᠠᠯ ᠤᠨ ᠲᠤᠬᠠᠶ ᠬᠠᠤᠯᠢ ᠬᠡᠷᠡᠭᠵᠢᠭᠦᠯᠬᠦ ᠪᠠᠶᠢᠴᠠᠭᠠᠨ ᠰᠤᠳᠤᠯᠤᠯᠲᠠ ᠬᠢᠪᠠ᠃    ᠪᠠᠶᠢᠴᠠᠭᠠᠨ ᠰᠤᠳᠤᠯᠬᠤ ᠳᠤᠭᠤᠶᠢᠯᠠᠩ ᠤᠷᠢᠳ ᠬᠤᠵᠢᠳ ᠠᠯᠳᠠᠢ ᠶᠢᠨ ᠴᠢ ᠲᠠᠢ ᠰᠣᠶᠣᠯ ᠵᠢᠭᠤᠯᠴᠢᠯᠠᠯ ᠤᠨ ᠨᠡᠭᠡᠭᠡᠨ ᠬᠥᠭᠵᠢᠭᠦᠯᠦᠯᠲᠡ ᠶᠢᠨ ᠬᠢᠵᠠᠭᠠᠷᠲᠤ ᠺᠣᠮᠫᠠᠨᠢ᠂ ᠥᠪᠥᠷ ᠮᠣᠩᠭᠤᠯ ᠤᠨ ᠰᠢᠶᠠᠩ ᠹᠦ᠋ ᠰᠢᠨ᠎ᠡ ᠡᠨᠧᠷᠭᠢ ᠶᠢᠨ ᠬᠢᠵᠠᠭᠠᠷᠲᠤ ᠺᠣᠮᠫᠠᠨᠢ᠂ ᠥᠪᠥᠷ ᠮᠣᠩᠭᠤᠯ ᠤᠨ ᠰᠢ ᠰᠧᠨ ᠲᠥᠮᠥᠰᠥ ᠶᠢᠨ ᠦᠷ᠎ᠡ ᠶᠢᠨ ᠦᠢᠯᠡᠰ ᠤᠨ ᠬᠢᠵᠠᠭᠠᠷᠲᠤ ᠺᠣᠮᠫᠠᠨᠢ ᠳᠤ ᠭᠦᠨᠵᠡᠭᠡᠶᠢᠷᠡᠨ ᠲᠤᠬᠠᠢ ᠶᠢᠨ ᠭᠠᠵᠠᠷ ᠲᠤᠨᠢ ᠪᠠᠶᠢᠴᠠᠭᠠᠨ ᠰᠤᠳᠤᠯᠤᠯᠲᠠ ᠬᠢᠵᠦ᠂ ᠲᠤᠬᠠᠢ ᠶᠢᠨ ᠲᠠᠯᠠᠪᠠᠢ ᠳᠤ ᠪᠠᠶᠢᠴᠠᠭᠠᠨ ᠦᠵᠡᠬᠦ᠂ ᠲᠠᠶᠢᠯᠤᠮᠵᠢ ᠶᠢ ᠰᠣᠨᠣᠰᠬᠤ ᠵᠡᠷᠭᠡ ᠠᠷᠭ᠎ᠠ ᠬᠡᠯᠪᠡᠷᠢ ᠪᠠᠷ ᠳᠠᠮᠵᠢᠭᠤᠯᠤᠨ ᠱᠠᠩᠳᠤ ᠰᠢᠶᠠᠨ ᠤ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠦᠬᠦ ᠣᠷᠣᠨ ᠪᠠᠶᠢᠷᠢ ᠶᠢᠨ ᠪᠦᠲᠦᠭᠡᠨ ᠪᠠᠶᠢᠭᠤᠯᠤᠯᠲᠠ ᠶᠢᠨ ᠵᠢᠱᠢᠶᠡᠴᠢ ᠥᠪᠡᠷᠲᠡᠭᠡᠨ ᠵᠠᠰᠠᠬᠤ ᠣᠷᠣᠨ ᠤ ᠠᠬᠢᠭᠤᠯᠬᠤ ᠲᠦᠷᠢᠮ︾ ᠢ ᠲᠣᠭᠤᠰᠢᠯᠠᠭᠤᠯᠣᠨ ᠨᠠᠶᠢᠳᠠᠪᠤᠷᠢᠵᠢᠭᠤᠯᠤᠭᠰᠠᠨ ᠪᠣᠳᠠᠲᠠᠢ ᠪᠠᠶᠢᠳᠠᠯ ᠢ ᠨᠠᠷᠢᠨ ᠣᠶᠢᠯᠠᠭᠠᠪᠠ᠃    ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠮᠠᠨ ᠤ ᠰᠢᠶᠠᠨ ᠤ ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ ᠳᠤᠮᠳᠠ ᠦᠵᠡᠭᠦᠯᠦᠭᠰᠡᠨ ᠬᠤᠪᠢ ᠨᠡᠮᠡᠷᠢ ᠶᠢ ᠭᠦᠢᠴᠡᠳ ᠨᠤᠲᠠᠯᠠᠬᠤ ᠶᠢᠨ ᠬᠠᠮᠲᠤ ᠰᠠᠨᠠᠯ ᠰᠠᠨᠠᠭᠤᠯᠭ᠎ᠠ ᠳᠤᠷᠠᠳᠪᠠ᠃ ᠪᠠᠶᠢᠴᠠᠭᠠᠨ ᠰᠤᠳᠤᠯᠬᠤ ᠳᠤᠭᠤᠶᠢᠯᠠᠩ ᠠᠴᠠ᠂ ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠪᠥᠬᠦ ᠲᠠᠯ᠎ᠠ ᠪᠠᠷ ᠪᠠᠶᠢᠭᠤᠯᠬᠤ ᠪᠣᠯ ᠪᠥᠬᠦ ᠣᠷᠣᠨ ᠤ ᠦᠨᠳᠦᠰᠦᠲᠡᠨ ᠨᠦᠭᠦᠳ ᠤᠨ ᠠᠷᠠᠳ ᠲᠦᠮᠡᠨ ᠤ ᠬᠠᠮᠲᠤ ᠶᠢᠨ ᠬᠠᠷᠢᠭᠤᠴᠠᠯᠭ᠎ᠠ ᠪᠠ ᠢᠷᠠᠭᠤ ᠠᠯᠳᠠᠷᠲᠤ ᠡᠭᠦᠷᠭᠡ ᠮᠥᠨ᠂ ᠪᠢᠳᠡ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠬᠤ ᠶᠢ ᠪᠠᠷᠢᠮᠲᠠᠯᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠠᠵᠢᠯ ᠤᠨ ᠭᠤᠤᠯ ᠰᠢᠵᠢᠮ ᠪᠣᠯᠭᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠪᠠ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠶ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠥᠬᠦ ᠣᠷᠣᠨ ᠪᠠᠶᠢᠷᠢ ᠶᠢᠨ ᠪᠠᠶᠢᠭᠤᠯᠤᠯᠲᠠ ᠶᠢᠨ ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠠᠬᠢᠭᠤᠯᠬᠤ ᠲᠦᠷᠢᠮ︾ ᠢ ᠰᠠᠶᠢᠲᠤᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠨᠠᠮ ᠤᠨ ᠬᠤᠷᠢᠶ᠎ᠠ ᠪᠥᠬᠦ ᠲᠠᠯ᠎ᠠ ᠪᠠᠷ ᠤᠳᠤᠷᠢᠳᠬᠤ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠬᠠᠤᠯᠢ ᠶᠣᠰᠣᠭᠠᠷ ᠬᠢᠨᠠᠯᠲᠠ ᠲᠠᠯᠪᠢᠬᠤ᠂ ᠵᠠᠰᠠᠭ ᠤᠨ ᠣᠷᠳᠣᠨ ᠵᠣᠬᠢᠶᠠᠨ ᠪᠠᠶᠢᠭᠤᠯᠤᠨ ᠬᠡᠷᠡᠭᠵᠢᠭᠦᠯᠬᠦ᠂ ᠰᠠᠯᠠᠭ᠎ᠠ ᠮᠥᠴᠢᠷ ᠲᠣᠰ ᠲᠣᠰ ᠤᠨ ᠬᠠᠷᠢᠭᠤᠴᠠᠯᠭ᠎ᠠ ᠪᠠᠨ ᠭᠦᠶ᠋ᠴᠡᠳᠬᠡᠬᠦ᠂ ᠨᠡᠶᠢᠭᠡᠮ ᠤᠨ ᠡᠯ᠎ᠡ ᠡᠲᠡᠭᠡᠳ ᠤᠨ ᠬᠢᠨ ᠬᠠᠮᠵᠢᠯᠴᠠᠬᠤ᠂ ᠦᠨᠳᠦᠰᠦᠲᠡᠨ ᠨᠦᠭᠦᠳ ᠤᠨ ᠠᠷᠠᠳ ᠲᠦᠮᠡᠨ ᠬᠠᠮᠲᠤ ᠪᠠᠷ ᠣᠷᠣᠯᠴᠠᠬᠤ ᠠᠵᠢᠯ ᠤᠨ ᠪᠠᠶᠢᠷᠢᠰᠢᠯ ᠢ ᠪᠠᠷᠢᠮᠲᠠᠯᠠᠵᠤ᠂ ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠦᠷᠭᠦᠯᠵᠢᠯᠡᠨ ᠪᠥᠬᠦ ᠲᠠᠯ᠎ᠠ ᠪᠠᠷ ᠪᠥᠲᠥᠭᠡᠨ ᠪᠠᠶᠢᠭᠤᠯᠬᠤ ᠳᠤ ᠬᠡᠷᠡᠯ ᠭᠢᠯᠪᠠᠭ᠎ᠠ ᠪᠠᠨ ᠰᠠᠴᠤᠷᠠᠭᠤᠯᠬᠤ ᠬᠡᠷᠡᠭᠲᠡᠶ᠃    ᠰᠢᠶᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠭᠦᠸᠧ ᠱᠸᠤ ᠢᠦᠢ᠂ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠪᠠᠶᠢᠩᠭᠤ ᠶᠢᠨ ᠳᠡᠳ᠋ ᠰᠢᠶᠠᠨ ᠤ ᠳᠠᠷᠤᠭ᠎ᠠ ᠰᠢᠶᠦ᠋ᠩ ᠸᠧᠢ ᠵᠢᠴᠢ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃ᠣᠷᠴᠢᠭᠤᠯᠣᠭᠴᠢ᠄  ᠬᠠᠨᠠᠭᠠᠷ ᠬᠢᠨᠠᠭᠴᠢ᠄  ᠬᠠᠨᠠᠭᠠᠷ
 
ᠢᠷᠡᠯᠲᠡ᠄ ᠱᠠᠩᠳᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004288号-2