7 ᠰᠠᠷ᠎ᠠ ᠶᠢᠨ 19 ᠤ ᠡᠳᠦᠷ᠂ ᠤᠯᠠᠭᠠᠨᠴᠠᠪ ᠬᠤᠲᠠ ᠶᠢᠨ ᠳᠡᠳ᠋ ᠳᠠᠷᠤᠭ᠎ᠠ ᠶᠢᠨ ᠨᠡᠷ᠎ᠡ ᠳᠤᠷᠠᠳᠤᠭᠳᠠᠭᠰᠠᠨ | ᠵᠢᠱᠢᠭᠳᠡᠭᠴᠢ᠂ ᠰᠢᠶᠠᠨ ᠤ ᠨᠠᠮ ᠤᠨ ᠬᠤᠷᠢᠶᠠᠨ ᠤ ᠱᠦᠵᠢ ᠭᠤᠤ ᠶᠦᠩ ᠪᠢᠨ ᠰᠢᠶᠤᠤ ᠬᠠᠶ ᠽᠢ ᠪᠠᠯᠭᠠᠰᠤᠨ ᠳᠤ | ᠭᠦᠨᠵᠡᠭᠡᠶᠢᠷᠡᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠢᠴᠢ ᠣᠳᠣᠬᠠᠨ ᠤ ᠭᠤᠤᠯᠳᠠᠯᠭ᠎ᠠ ᠲᠠᠢ | ᠠᠵᠢᠯ ᠢ ᠪᠠᠶᠢᠴᠠᠭᠠᠨ ᠰᠤᠳᠤᠯᠵᠤ ᠵᠢᠭᠠᠨ ᠵᠢᠯᠣᠭᠤᠳᠪᠠ᠃ ᠰᠢᠶᠠᠨ ᠤ ᠤᠳᠤᠷᠢᠳᠤᠯᠭ᠎ᠠ ᠵᠠᠩ ᠭᠤᠸᠠᠩ ᠵᠢᠴᠢ | ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠥᠬᠦᠳ ᠣᠷᠣᠯᠴᠠᠪᠠ᠃ | ᠭᠤᠤ ᠶᠦᠩ ᠪᠢᠨ᠂ ᠶᠠᠳᠠᠭᠤ ᠠᠴᠠ ᠠᠩᠭᠢᠵᠢᠷᠠᠭᠰᠠᠨ ᠬᠥᠮᠦᠨ ᠠᠮᠠ ᠶᠢᠨ ᠣᠷᠣᠯᠭ᠎ᠠ ᠶᠢ ᠨᠡᠮᠡᠭᠳᠡᠭᠦᠯᠬᠦ | ᠠᠵᠢᠯ ᠤᠨ ᠴᠢᠬᠤᠯᠠ ᠴᠢᠨᠠᠷ ᠪᠣᠯᠤᠨ ᠣᠳᠣᠬᠠᠨ ᠳᠤ ᠲᠤᠯᠭᠠᠷᠠᠵᠤ ᠪᠠᠶᠢᠭ᠎ᠠ ᠠᠰᠠᠭᠤᠳᠠᠯ ᠢ ᠭᠦᠢᠴᠡᠳ ᠲᠠᠨᠢᠵᠤ᠂ | ᠭᠤᠣᠯᠳᠠᠯᠭ᠎ᠠ ᠲᠠᠢ ᠬᠠᠮᠲᠤᠯᠢᠭ ᠢ ᠴᠢᠩᠭ᠎ᠠ ᠠᠩᠬᠠᠷᠴᠤ᠂ ᠣᠷᠣᠯᠭ᠎ᠠ ᠪᠠᠭᠠᠲᠠᠶ ᠬᠠᠮᠲᠤᠯᠢᠭ ᠪᠣᠯᠤᠨ ᠣᠷᠣᠯᠭ᠎ᠠ | ᠪᠠᠭᠤᠷᠠᠭᠰᠠᠨ ᠬᠠᠮᠲᠤᠯᠢᠭ ᠲᠤ ᠭᠡᠷ ᠪᠦᠯᠢ ᠶᠢᠨ ᠣᠨᠴᠠᠯᠢᠭ ᠪᠣᠯᠤᠨ ᠣᠷᠣᠯᠭ᠎ᠠ ᠶᠢᠨ ᠪᠠᠶᠢᠳᠠᠯ ᠲᠠᠢ ᠤᠶᠠᠯᠳᠤᠭᠤᠯᠵᠤ᠂ | ︽ᠨᠢᠭᠡ ᠡᠷᠦᠬᠡ ᠳᠤ ᠨᠢᠭᠡ ᠠᠷᠭ᠎ᠠ ᠪᠣᠳᠣᠯᠭ᠎ᠠ ᠬᠡᠷᠡᠭᠵᠢᠭᠦᠯᠬᠦ︾ ᠬᠠᠪᠰᠤᠷᠤᠨ ᠲᠡᠳᠬᠦᠬᠦ ᠠᠷᠭ᠎ᠠ ᠬᠡᠮᠵᠢᠶ᠎ᠡ | ᠲᠣᠭᠲᠠᠭᠠᠵᠤ᠂ ᠣᠷᠣᠯᠭ᠎ᠠ ᠪᠠᠭᠠᠲᠠᠶ ᠬᠠᠮᠲᠤᠯᠢᠭ ᠤᠨ ᠣᠷᠣᠯᠭ᠎ᠠ ᠶᠢ ᠲᠣᠭᠲᠠᠭᠤᠨ ᠢᠶᠠᠷ ᠨᠡᠮᠡᠭᠳᠡᠭᠦᠯᠬᠦ ᠶᠢ ᠦᠨᠡᠨ ᠬᠦ | ᠪᠠᠲᠤᠯᠠᠬᠤ ᠬᠡᠷᠡᠭᠲᠡᠶ᠃ | | | | ᠣᠷᠴᠢᠭᠤᠯᠣᠭᠴᠢ᠄ ᠬᠠᠨᠠᠭᠠᠷ | ᠬᠢᠨᠠᠭᠴᠢ᠄ ᠬᠠᠨᠠᠭᠠᠷ |