ᠱᠠᠩᠳᠤ ᠰᠢᠶᠠᠨ ︽ᠵᠠᠯᠠᠭᠤ ᠨᠠᠰᠤᠨ ᠤ ᠬᠦᠰᠡᠯ ᠵᠡᠭᠦᠳᠦ ᠪᠠᠨ ᠲᠡᠷᠭᠡᠯᠰᠢᠭᠦᠯᠵᠦ᠂ ᠳᠠᠷᠪᠠᠭᠤᠯ ᠬᠡᠶᠢᠰᠬᠡᠨ ᠠᠶᠠᠯᠠᠯ ᠢᠶᠠᠨ ᠡᠬᠢᠯᠡᠭᠦᠯᠬᠦ︾ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠰᠠᠶᠢᠨ ᠳᠤᠷᠠᠴᠤᠳ ᠤᠨ ᠵᠣᠨ ᠤ ᠠᠮᠠᠷᠠᠯᠲᠠ ᠶᠢᠨ ᠨᠡᠶᠢᠭᠡᠮ ᠤᠨ ᠦᠢᠯᠡᠳᠦᠯᠭᠡ ᠶᠢᠨ ᠰᠢᠷᠢᠰ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/7/25
  ᠱᠠᠩᠳᠤ ᠰᠢᠶᠠᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠨᠡᠶᠢᠭᠡᠮᠯᠢᠭ ᠱᠠᠩᠳᠤ ᠰᠢᠶᠠᠨ ᠤ ᠲᠦᠩ ᠯᠦ ᠳᠠᠩ ᠴᠢᠰᠤᠨ ᠡᠭᠡᠳᠡᠩ ᠥᠷᠲᠡᠭᠡ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠨᠡᠶᠢᠭᠡᠮᠯᠢᠭ ᠲᠠᠢ ᠬᠠᠮᠲᠤᠷᠠᠨ ᠰᠢᠨᠵᠢᠯᠡᠬᠦ ᠤᠬᠠᠭᠠᠨ ᠲᠦᠭᠡᠮᠡᠯᠵᠢᠭᠦᠯᠬᠦ ᠰᠠᠶᠢᠨ ᠳᠤᠷ᠎ᠠ ᠶᠢᠨ ᠦᠢᠯᠡᠴᠢᠯᠡᠭᠴᠢ ᠶᠢᠨ ︽ᠬᠦᠰᠡᠯ ᠵᠡᠭᠦᠳᠦ ᠪᠠᠨ ᠲᠡᠷᠭᠡᠯᠰᠢᠭᠦᠯᠵᠦ᠂ ᠳᠠᠷᠪᠠᠭᠤᠯ ᠬᠡᠶᠢᠰᠬᠡᠨ ᠠᠶᠠᠯᠠᠯ ᠢᠶᠠᠨ ᠡᠬᠢᠯᠡᠭᠦᠯᠬᠦ︾ ᠭᠤᠤᠯ ᠰᠡᠳᠦᠪᠲᠦ ᠵᠣᠨ ᠤ ᠠᠮᠠᠷᠠᠯᠲᠠ ᠶᠢᠨ ᠨᠡᠶᠢᠭᠡᠮ ᠤᠨ ᠦᠢᠯᠡᠳᠦᠯᠭᠡ ᠶᠢᠨ ᠰᠢᠷᠢᠰ ᠠᠵᠢᠯᠯᠠᠭ᠎ᠠ ᠥᠷᠨᠢᠭᠦᠯᠵᠦ᠂ ᠱᠠᠩᠳᠤ ᠰᠢᠶᠠᠨ ᠤ 80 ᠭᠠᠷᠤᠶ ᠰᠤᠷᠭᠠᠭᠤᠯᠢ ᠳᠤ ᠪᠠᠶᠢᠭ᠎ᠠ ᠣᠶᠤᠲᠠᠨ ᠣᠷᠣᠯᠴᠠᠵᠠᠶ᠃    ᠱᠠᠩᠳᠤ ᠰᠢᠶᠠᠨ ᠤ ᠨᠠᠮ ᠤᠨ ᠬᠤᠷᠢᠶᠠᠨ ᠤ ᠨᠢᠭᠡᠳᠦᠮᠡᠯ ᠹᠷᠣᠨᠲ ᠤᠨ ᠬᠡᠯᠲᠡᠰ ᠤᠨ ︽ᠤᠯᠠᠭᠠᠨ ᠠᠨᠠᠷᠤᠨ︾ ᠤ ᠤᠬᠠᠭᠤᠯᠤᠨ ᠲᠠᠶᠢᠯᠪᠤᠷᠢᠯᠠᠬᠤ ᠪᠦᠯᠬᠦᠮ ᠤᠨ ᠪᠦᠷᠢᠯᠳᠦᠬᠦᠨ ᠠᠴᠠ ᠰᠢᠨᠵᠢᠯᠡᠬᠦ ᠤᠬᠠᠭᠠᠨ ᠲᠦᠭᠡᠮᠡᠯᠵᠢᠭᠦᠯᠬᠦ ᠰᠠᠶᠢᠨ ᠳᠤᠷ᠎ᠠ ᠶᠢᠨ ᠠᠵᠢᠯᠯᠠᠭᠰᠠᠳ ᠲᠤ ︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠵᠤ᠂ ᠵᠢᠳᠬᠦᠯ ᠴᠢᠷᠮᠠᠶᠢᠯᠭ᠎ᠠ ᠭᠠᠷᠭᠠᠬᠤ ᠵᠠᠯᠠᠭᠤᠴᠤᠳ ᠪᠣᠯᠬᠤ ᠪᠠᠷ ᠴᠢᠷᠮᠠᠶᠢᠬᠤ︾ ᠬᠤᠯᠪᠣᠭᠳᠠᠯ ᠪᠦᠬᠦᠢ ᠠᠭᠤᠯᠭ᠎ᠠ ᠶᠢ ᠲᠠᠶᠢᠯᠪᠤᠷᠢᠯᠠᠨ ᠥᠭᠪᠡ᠃ ᠸᠢᠳᠢᠣ᠋ ᠵᠢᠷᠤᠭ ᠤᠨ ᠦᠵᠡᠭᠦᠯᠭᠡ᠂ ᠤᠬᠠᠭᠤᠯᠤᠨ ᠲᠠᠶᠢᠯᠪᠤᠷᠢᠯᠠᠬᠤ ᠪᠦᠯᠬᠦᠮ ᠤᠨ ᠪᠦᠷᠢᠯᠳᠦᠬᠦᠨ ᠤ ᠲᠠᠶᠢᠯᠤᠮᠵᠢ ᠪᠠᠷ ᠳᠠᠮᠵᠢᠭᠤᠯᠤᠨ᠂ ᠣᠯᠠᠨ ᠢᠶᠠᠷ ᠢᠶᠠᠨ ︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠣᠶ ᠪᠣᠯᠭᠠᠬᠤ︾ ᠶᠢᠨ ᠲᠤᠬᠠᠶ ᠤᠯᠠᠮ ᠨᠢᠭᠡ ᠠᠯᠬᠤᠮ ᠲᠠᠨᠢᠯᠲᠠ ᠲᠠᠢ ᠪᠣᠯᠤᠭᠰᠠᠨ ᠪᠥᠭᠡᠳ ᠰᠡᠳᠬᠢᠯ ᠳᠤ ᠭᠦᠨ ᠬᠠᠳᠠᠩᠰᠢᠭᠤᠯᠵᠠᠶ᠃    ᠰᠤᠷᠤᠭᠴᠢᠳ ᠰᠢᠨᠵᠢᠯᠡᠬᠦ ᠤᠬᠠᠭᠠᠨ ᠮᠡᠷᠭᠡᠵᠢᠯ ᠤᠨ ᠨᠡᠶᠢᠭᠡᠮᠯᠢᠭ ᠪᠣᠯᠤᠨ ᠲᠦᠩ ᠯᠦ ᠲᠠᠩ ᠴᠢᠰᠤᠨ ᠡᠭᠡᠳᠡᠩ ᠥᠷᠲᠡᠭᠡ ᠶᠢᠨ ᠠᠵᠢᠯᠲᠠᠨ ᠤ ᠳᠠᠭᠠᠭᠤᠯᠭ᠎ᠠ ᠳᠣᠤᠷ᠎ᠠ᠂ ᠴᠢ ᠲᠠᠢ ᠪᠠᠯᠭᠠᠰᠤᠨ ᠤ ᠤᠰᠤᠨ ᠬᠤᠶᠢᠯᠠᠷᠠᠭ᠎ᠠ ᠴᠡᠴᠡᠷᠯᠢᠭ ᠲᠤ ᠰᠣᠯᠣᠩᠭᠠᠨ ᠵᠠᠮ ᠢ ᠳᠠᠭᠠᠵᠤ᠂ ᠠᠭᠠᠭᠢᠮ᠎ᠠ ᠬᠠᠯᠠᠭᠤᠨ ᠢᠶᠠᠷ ᠣᠯᠠᠨ ᠠᠯᠬᠤᠮ ᠢᠶᠠᠷ ᠰᠣᠯᠢᠷ ᠣᠳᠣ ᠳᠠᠬᠢᠨ ︽ᠤᠷᠳᠤ ᠵᠠᠮ ᠤᠨ ᠠᠶᠠᠨ ᠲᠠᠶᠢᠨ ᠤ ᠵᠠᠮ︾ ᠢᠶᠠᠷ ᠶᠠᠪᠤᠵᠤ᠂ ᠬᠥᠯᠥᠰᠥ ᠪᠠᠷ ᠢᠶᠠᠨ ᠬᠤᠪᠴᠠᠰᠤ ᠶᠢ ᠨᠢ ᠨᠣᠷᠭᠠᠪᠠ᠂ ᠭᠡᠪᠡᠴᠦ ᠲᠡᠳᠡ᠂ ᠲᠤᠬᠠᠢ ᠶᠢᠨ ᠵᠢᠯ ᠤᠨ ᠤᠯᠠᠭᠠᠨ ᠴᠡᠷᠢᠭ ᠤᠨ ᠤᠷᠳᠤ ᠵᠠᠮ ᠤᠨ ᠠᠶᠠᠨ ᠲᠠᠶᠢᠨ ᠤ ᠵᠠᠮ ᠳᠡᠭᠡᠷᠡᠬᠢ ᠪᠡᠷᠬᠡ ᠪᠠᠷᠲᠠᠭ᠎ᠠ ᠶᠢ ᠠᠳᠠᠯᠢᠳᠬᠠᠵᠤ ᠪᠣᠯᠬᠤ ᠦᠭᠡᠢ ᠭᠡᠵᠦ ᠬᠡᠯᠡᠪᠡ᠃ ᠠᠬᠠᠮᠠᠳ ᠨᠢᠭᠡ ᠦᠶ᠎ᠡ ᠶᠢᠨ ᠬᠤᠪᠢᠰᠬᠠᠯᠴᠢᠳ ᠤᠨ ᠬᠢᠯᠪᠠᠷ ᠪᠤᠰᠤ ᠪᠠ ᠲᠡᠮᠡᠴᠡᠯ ᠤᠨ ᠵᠣᠷᠢᠭ ᠰᠠᠨᠠᠭ᠎ᠠ ᠶᠢ ᠪᠡᠶ᠎ᠡ ᠪᠠᠷ ᠢᠶᠠᠨ ᠣᠶᠢᠯᠠᠭᠠᠵᠤ᠂ ᠤᠯᠠᠨ ᠤ ᠬᠤᠶᠢᠰᠢᠳᠠ ᠶᠢᠨ ᠰᠤᠷᠤᠯᠭ᠎ᠠ ᠶᠢᠨ ᠳᠤᠮᠳᠠ ᠬᠦᠴᠦᠷᠬᠡᠭᠵᠢᠬᠦ ᠪᠠᠷ ᠬᠦᠴᠦᠯᠡᠨ ᠴᠢᠷᠮᠠᠶᠢᠵᠤ᠂ ᠡᠭᠦᠷᠢᠳᠡ ᠤᠬᠤᠷᠢᠬᠤ ᠦᠭᠡᠢ ᠪᠠᠶᠢᠬᠤ ᠶᠢ ᠵᠣᠷᠢᠭᠵᠢᠭᠤᠯᠪᠠ᠃    ᠲᠠᠷᠢᠬᠢ ᠬᠥᠳᠡᠯᠭᠡᠬᠦ ᠮᠥᠷᠲᠡᠭᠡᠨ ᠭᠠᠷ ᠬᠥᠳᠡᠯᠵᠦ᠂ ᠱᠠᠩᠳᠤ ᠰᠢᠶᠠᠨ ᠤ ᠰᠢᠨᠵᠢᠯᠡᠬᠦ ᠤᠬᠠᠭᠠᠨ ᠮᠡᠷᠭᠡᠵᠢᠯ ᠤᠨ ᠣᠷᠳᠣᠨ ᠬᠥᠮᠦᠨ ᠲᠥᠷᠥᠯᠬᠢᠲᠡᠨ ᠬᠢᠭᠡᠳ ᠸᠢᠷᠦ᠋ᠰ ᠤᠨ ᠬᠠᠷᠰᠢᠯᠠᠯ᠂ ᠦᠵᠡᠰᠬᠦᠯᠡᠩᠲᠦ ᠰᠠᠶᠢᠬᠠᠨ ᠬᠡᠷᠡᠯ ᠭᠢᠯᠪᠠᠭ᠎ᠠ ᠪᠠᠨ ᠰᠠᠴᠤᠷᠠᠭᠤᠯᠬᠤ᠂ ᠬᠢᠵᠠᠭᠠᠷ ᠦᠭᠡᠢ ᠬᠤᠪᠢᠷᠠᠯᠲᠠᠲᠤ ᠮᠣᠳᠣᠨ ᠬᠡᠷᠡᠮ ᠵᠡᠷᠭᠡ ᠦᠵᠡᠭᠦᠯᠦᠯᠭᠡ ᠶᠢᠨ ᠪᠣᠳᠠᠰ ᠠᠴᠠ ᠡᠮᠦᠨ᠎ᠡ᠂ ᠰᠤᠷᠤᠭᠴᠢᠳ ᠪᠣᠳᠠᠲᠤ ᠠᠵᠢᠯᠯᠠᠭ᠎ᠠ ᠪᠠᠷ ᠢᠶᠠᠨ ᠰᠢᠨᠵᠢᠯᠡᠬᠦ ᠤᠬᠠᠭᠠᠨ ᠮᠡᠷᠭᠡᠵᠢᠯ ᠤᠨ ᠷᠢᠳᠢ ᠰᠢᠳᠢ ᠶᠢ ᠮᠡᠳᠡᠷᠡᠪᠡ᠃    ᠵᠢᠪᠦᠯ ᠤᠨ ᠳ᠋ᠢᠵᠢᠲᠠᠯ᠎ᠠ ᠣᠷᠣᠨ ᠵᠠᠢ ᠶᠢᠨ ᠣᠢᠯᠠᠭᠠᠯᠲᠠ ᠶᠢᠨ ᠬᠤᠭᠤᠴᠠᠭ᠎ᠠ᠂ ᠨᠠᠷᠠᠨ ᠤ ᠠᠢᠮᠠᠭ᠂ ᠠᠪᠤᠷᠭᠤ ᠬᠦᠷᠪᠡᠯ ᠤᠨ ᠵᠡᠷᠭᠡ ᠲᠠᠢ ᠣᠢᠷ᠎ᠠ ᠵᠠᠢ ᠠᠴᠠ ᠣᠢᠷᠠᠲᠤᠵᠤ ᠪᠠᠢᠨ᠎ᠠ᠃    ᠲᠤᠬᠠᠢ ᠶᠢᠨ ᠲᠠᠯᠠᠪᠠᠢ ᠳᠤ ᠮᠠᠰᠢᠨ ᠬᠥᠮᠦᠨ ᠤ ᠲᠣᠭᠯᠠᠯᠲᠠ ᠶᠢ ᠲᠣᠭᠤᠷᠢᠨ ᠦᠵᠡᠵᠦ᠂ ᠨᠣᠮ ᠪᠢᠴᠢᠭ ᠤᠨ ᠥᠷᠥᠭᠡᠨ ᠳᠤ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠨᠣᠮ ᠤᠩᠰᠢᠵᠤ᠂ ᠨᠣᠮ ᠤᠨ ᠳᠠᠯᠠᠢ ᠪᠠᠷ ᠵᠤᠭᠠᠴᠠᠵᠤ ᠪᠠᠶᠢᠯ᠎ᠠ᠃ ᠺᠠᠷᠲ ᠤᠨ ᠳᠤᠮᠳᠠ ᠨᠢᠭᠡ ᠬᠡᠰᠡᠭ ᠰᠠᠢᠨ ᠰᠠᠢᠬᠠᠨ ᠴᠠᠭ ᠮᠥᠴᠡ ᠥᠩᠭᠡᠷᠡᠪᠡ᠃    ᠳᠠᠷᠠᠭ᠎ᠠ ᠨᠢ᠂ ᠡᠯ᠎ᠡ ᠰᠤᠷᠤᠭᠴᠢᠳ ᠰᠢᠨᠵᠢᠯᠡᠬᠦ ᠤᠬᠠᠭᠠᠨ ᠮᠡᠷᠭᠡᠵᠢᠯ ᠤᠨ ᠣᠷᠳᠣᠨ ᠤ ᠠᠵᠢᠯᠲᠠᠨ ᠤ ᠵᠢᠯᠣᠭᠤᠳᠣᠯᠭ᠎ᠠ ᠳᠣᠤᠷ᠎ᠠ᠂ ᠰᠢᠨᠵᠢᠯᠡᠬᠦ ᠤᠬᠠᠭᠠᠨ ᠮᠡᠷᠭᠡᠵᠢᠯ ᠢ ᠲᠦᠭᠡᠮᠡᠯᠵᠢᠭᠦᠯᠬᠦ APP ᠶᠢ ᠪᠠᠭᠤᠯᠭᠠᠵᠤ ᠤᠭᠰᠠᠷᠠᠭᠤᠯᠤᠨ᠂ ︽ᠰᠢᠨᠵᠢᠯᠡᠬᠦ ᠤᠬᠠᠭᠠᠨ ᠮᠡᠷᠭᠡᠵᠢᠯ ᠢ ᠲᠦᠭᠡᠮᠡᠯᠵᠢᠭᠦᠯᠬᠦ ᠮᠡᠳᠡᠭᠡ ᠵᠠᠩᠭᠢᠴᠢ︾ ᠳᠡᠩᠰᠡᠯᠡᠵᠦ᠂ ᠰᠢᠨᠵᠢᠯᠡᠬᠦ ᠤᠬᠠᠭᠠᠨ ᠮᠡᠷᠭᠡᠵᠢᠯ ᠤᠨ ᠮᠡᠳᠡᠯᠭᠡ ᠶᠢ ᠰᠤᠷᠤᠯᠴᠠᠬᠤ᠂ ᠰᠢᠨᠵᠢᠯᠡᠬᠦ ᠤᠬᠠᠭᠠᠨ ᠮᠡᠷᠭᠡᠵᠢᠯ ᠤᠨ ᠬᠠᠮᠤᠭ ᠤᠨ ᠰᠢᠨ᠎ᠡ ᠪᠠᠶᠢᠳᠠᠯ ᠢ ᠣᠶᠢᠯᠠᠭᠠᠬᠤ᠂ ᠲᠣᠰ ᠪᠡᠶ᠎ᠡ ᠶᠢᠨ ᠪᠦᠬᠦᠯᠢ ᠴᠣᠭᠴᠠ ᠶᠢᠨ ᠬᠡᠪ ᠴᠢᠨᠠᠷ ᠢᠶᠠᠨ ᠳᠡᠭᠡᠭᠰᠢᠯᠡᠭᠦᠯᠬᠦ ᠳᠤ ᠪᠠᠲᠤ ᠪᠠᠬᠢ ᠰᠠᠭᠤᠷᠢ ᠲᠠᠯᠪᠢᠵᠤ ᠥᠭᠴᠡᠶ᠃
ᠣᠷᠴᠢᠭᠤᠯᠣᠭᠴᠢ᠄  ᠬᠠᠨᠠᠭᠠᠷ ᠬᠢᠨᠠᠭᠴᠢ᠄  ᠬᠠᠨᠠᠭᠠᠷ
 
ᠢᠷᠡᠯᠲᠡ᠄ ᠱᠠᠩᠳᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004288号-2