ᠭᠤᠤ ᠶᠦᠩ ᠪᠢᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠢ ᠪᠠᠶᠢᠴᠠᠭᠠᠨ ᠰᠤᠳᠤᠯᠵᠤ ᠵᠢᠭᠠᠨ ᠵᠢᠯᠣᠭᠤᠳᠪᠠ
ᠨᠡᠶᠢᠲᠡᠯᠡᠭᠰᠡᠨ ᠴᠠᠭ᠄
2024/7/26
  7 ᠰᠠᠷ᠎ᠠ ᠶᠢᠨ 19 ᠤ ᠡᠳᠦᠷ᠂ ᠤᠯᠠᠭᠠᠨᠴᠠᠪ ᠬᠤᠲᠠ ᠶᠢᠨ ᠳᠡᠳ᠋ ᠳᠠᠷᠤᠭ᠎ᠠ ᠶᠢᠨ ᠨᠡᠷ᠎ᠡ ᠳᠤᠷᠠᠳᠤᠭᠳᠠᠭᠰᠠᠨ ᠵᠢᠱᠢᠭᠳᠡᠭᠴᠢ᠂ ᠰᠢᠶᠠᠨ ᠤ ᠨᠠᠮ ᠤᠨ ᠬᠤᠷᠢᠶᠠᠨ ᠤ ᠱᠦᠵᠢ ᠭᠤᠤ ᠶᠦᠩ ᠪᠢᠨ ᠰᠢᠶᠤᠤ ᠬᠠᠶ ᠽᠢ ᠪᠠᠯᠭᠠᠰᠤᠨ ᠳᠤ ᠭᠦᠨᠵᠡᠭᠡᠶᠢᠷᠡᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠢᠴᠢ ᠣᠳᠣᠬᠠᠨ ᠤ ᠭᠤᠤᠯᠳᠠᠯᠭ᠎ᠠ ᠲᠠᠢ ᠠᠵᠢᠯ ᠢ ᠪᠠᠶᠢᠴᠠᠭᠠᠨ ᠰᠤᠳᠤᠯᠵᠤ ᠵᠢᠭᠠᠨ ᠵᠢᠯᠣᠭᠤᠳᠪᠠ᠃ ᠰᠢᠶᠠᠨ ᠤ ᠤᠳᠤᠷᠢᠳᠤᠯᠭ᠎ᠠ ᠵᠠᠩ ᠭᠤᠸᠠᠩ ᠵᠢᠴᠢ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠥᠬᠦᠳ ᠣᠷᠣᠯᠴᠠᠪᠠ᠃    ᠭᠤᠤ ᠶᠦᠩ ᠪᠢᠨ᠂ ᠶᠠᠳᠠᠭᠤ ᠠᠴᠠ ᠠᠩᠭᠢᠵᠢᠷᠠᠭᠰᠠᠨ ᠬᠥᠮᠦᠨ ᠠᠮᠠ ᠶᠢᠨ ᠣᠷᠣᠯᠭ᠎ᠠ ᠶᠢ ᠨᠡᠮᠡᠭᠳᠡᠭᠦᠯᠬᠦ ᠠᠵᠢᠯ ᠤᠨ ᠴᠢᠬᠤᠯᠠ ᠴᠢᠨᠠᠷ ᠪᠣᠯᠤᠨ ᠣᠳᠣᠬᠠᠨ ᠳᠤ ᠲᠤᠯᠭᠠᠷᠠᠵᠤ ᠪᠠᠶᠢᠭ᠎ᠠ ᠠᠰᠠᠭᠤᠳᠠᠯ ᠢ ᠭᠦᠢᠴᠡᠳ ᠲᠠᠨᠢᠵᠤ᠂ ᠭᠤᠣᠯᠳᠠᠯᠭ᠎ᠠ ᠲᠠᠢ ᠬᠠᠮᠲᠤᠯᠢᠭ ᠢ ᠴᠢᠩᠭ᠎ᠠ ᠠᠩᠬᠠᠷᠴᠤ᠂ ᠣᠷᠣᠯᠭ᠎ᠠ ᠪᠠᠭᠠᠲᠠᠶ ᠬᠠᠮᠲᠤᠯᠢᠭ ᠪᠣᠯᠤᠨ ᠣᠷᠣᠯᠭ᠎ᠠ ᠪᠠᠭᠤᠷᠠᠭᠰᠠᠨ ᠬᠠᠮᠲᠤᠯᠢᠭ ᠲᠤ ᠭᠡᠷ ᠪᠦᠯᠢ ᠶᠢᠨ ᠣᠨᠴᠠᠯᠢᠭ ᠪᠣᠯᠤᠨ ᠣᠷᠣᠯᠭ᠎ᠠ ᠶᠢᠨ ᠪᠠᠶᠢᠳᠠᠯ ᠲᠠᠢ ᠤᠶᠠᠯᠳᠤᠭᠤᠯᠵᠤ᠂ ︽ᠨᠢᠭᠡ ᠡᠷᠦᠬᠡ ᠳᠤ ᠨᠢᠭᠡ ᠠᠷᠭ᠎ᠠ ᠪᠣᠳᠣᠯᠭ᠎ᠠ ᠬᠡᠷᠡᠭᠵᠢᠭᠦᠯᠬᠦ︾ ᠬᠠᠪᠰᠤᠷᠤᠨ ᠲᠡᠳᠬᠦᠬᠦ ᠠᠷᠭ᠎ᠠ ᠬᠡᠮᠵᠢᠶ᠎ᠡ ᠲᠣᠭᠲᠠᠭᠠᠵᠤ᠂ ᠣᠷᠣᠯᠭ᠎ᠠ ᠪᠠᠭᠠᠲᠠᠶ ᠬᠠᠮᠲᠤᠯᠢᠭ ᠤᠨ ᠣᠷᠣᠯᠭ᠎ᠠ ᠶᠢ ᠲᠣᠭᠲᠠᠭᠤᠨ ᠢᠶᠠᠷ ᠨᠡᠮᠡᠭᠳᠡᠭᠦᠯᠬᠦ ᠶᠢ ᠦᠨᠡᠨ ᠬᠦ ᠪᠠᠲᠤᠯᠠᠬᠤ ᠬᠡᠷᠡᠭᠲᠡᠶ᠃ᠣᠷᠴᠢᠭᠤᠯᠣᠭᠴᠢ᠄  ᠬᠠᠨᠠᠭᠠᠷᠬᠢᠨᠠᠭᠴᠢ᠄  ᠬᠠᠨᠠᠭᠠᠷ
 
ᠢᠷᠡᠯᠲᠡ᠄ ᠱᠠᠩᠳᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004288号-2