ᠱᠠᠩᠳᠤ ᠰᠢᠶᠠᠨ ᠤ ᠳ᠋ᠦᠩ ᠱᠧᠩ ᠲᠣᠰᠬᠤᠨ᠄ ᠲᠠᠷᠢᠶᠠᠯᠠᠩ ᠤᠨ ︽ᠤᠰᠤᠨ ᠤ ᠶᠠᠪᠤᠳᠠᠯ︾ ᠢ ᠰᠠᠶᠢᠲᠤᠷ ᠬᠢᠵᠦ ᠤᠰᠤ ᠠᠷᠪᠢᠯᠠᠵᠤ ᠣᠷᠣᠯᠭ᠎ᠠ ᠪᠠᠨ ᠨᠡᠮᠡᠭᠳᠡᠭᠦᠯᠬᠦ ︽ᠬᠤᠣᠰ ᠠᠮᠵᠢᠯᠲᠠ︾ ᠶᠢ ᠪᠡᠶᠡᠯᠡᠭᠦᠯᠦᠨ᠎ᠡ
ᠨᠡᠶᠢᠲᠡᠯᠡᠭᠰᠡᠨ ᠴᠠᠭ᠄
2024/7/3
  ᠱᠠᠩᠳᠤ ᠰᠢᠶᠠᠨ ᠤ ᠳ᠋ᠠ ᠾᠧᠢ ᠱᠠ ᠲᠦ᠋ ᠪᠠᠯᠭᠠᠰᠤᠨ ᠤ ᠳ᠋ᠦᠩ ᠱᠧᠩ ᠲᠣᠰᠬᠤᠨ ᠤᠰᠤ ᠠᠷᠪᠢᠯᠠᠵᠤ ᠦᠷ᠎ᠡ ᠠᠰᠢᠭ ᠢ ᠨᠡᠮᠡᠭᠳᠡᠭᠦᠯᠬᠦ ᠶᠢ ᠲᠠᠷᠢᠶᠠᠯᠠᠩ ᠤᠨ ᠬᠥᠭᠵᠢᠯᠲᠡ ᠶᠢᠨ ᠴᠢᠭᠯᠡᠯ ᠪᠣᠯᠭᠠᠵᠤ᠂ ᠲᠠᠷᠢᠮᠠᠯ ᠤᠨ ᠪᠦᠲᠦᠴᠡ ᠶᠢ ᠲᠤᠬᠢᠷᠠᠭᠤᠯᠤᠨ ᠰᠢᠯᠢᠳᠡᠭᠵᠢᠭᠦᠯᠬᠦ ᠪᠠᠷ ᠳᠠᠮᠵᠢᠭᠤᠯᠵᠤ᠂ ᠲᠠᠷᠢᠶᠠᠯᠠᠩ ᠤᠨ ᠤᠰᠤ ᠠᠷᠪᠢᠯᠠᠬᠤ ᠮᠡᠷᠭᠡᠵᠢᠯ ᠢ ᠲᠦᠭᠡᠮᠡᠯᠵᠢᠭᠦᠯᠦᠨ ᠳᠡᠯᠭᠡᠷᠡᠭᠦᠯᠵᠦ᠂ ᠤᠳᠤ ᠦᠶ᠎ᠡ ᠶᠢᠨ ᠲᠠᠷᠢᠶᠠᠯᠠᠩ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠪᠠ᠃    ᠣᠳᠣ ᠶᠠᠭ ᠪᠥᠭᠡᠷᠡᠩᠬᠡᠢ ᠴᠠᠭᠠᠨ ᠴᠢᠬᠢ ᠶᠢ ᠰᠢᠯᠵᠢᠭᠦᠯᠦᠨ ᠲᠠᠷᠢᠬᠤ ᠴᠠᠭ ᠪᠣᠯᠵᠤ᠂ ᠱᠠᠩᠳᠤ ᠰᠢᠶᠠᠨ ᠤ ᠳ᠋ᠠ ᠾᠧᠢ ᠱᠠ ᠲᠦ᠋ ᠪᠠᠯᠭᠠᠰᠤᠨ ᠤ ᠳ᠋ᠦᠩ ᠱᠧᠩ ᠲᠣᠰᠬᠤᠨ ᠳᠤ᠂ ᠢᠳᠡᠰᠢᠨ ᠨᠣᠭᠤᠭ᠎ᠠ ᠲᠠᠷᠢᠬᠤ ᠲᠣᠮᠣ ᠡᠷᠦᠬᠡ ᠭᠦᠩ ᠵᠢᠶᠠᠨ ᠫᠢᠩ ᠶᠠᠭ ᠨᠢᠭᠡ ᠫᠢᠯᠠ ᠰᠠᠶᠢᠨ ᠪᠥᠭᠡᠷᠡᠩᠬᠡᠶ ᠴᠢᠬᠢ ᠶᠢ ᠲᠡᠷᠭᠡᠨ ᠳᠤ ᠲᠡᠭᠡᠭᠡᠵᠦ ᠲᠠᠷᠢᠶᠠᠨ ᠭᠠᠵᠠᠷ ᠲᠤ ᠰᠢᠯᠵᠢᠭᠦᠯᠦᠨ ᠵᠠᠶᠢᠯᠠᠵᠤ ᠪᠠᠶᠢᠨ᠎ᠠ    ᠭᠦᠩ ᠵᠢᠶᠠᠨ ᠫᠢᠩ 20 ᠭᠠᠷᠤᠢ ᠵᠢᠯ ᠢᠳᠡᠰᠢᠨ ᠨᠣᠭᠤᠭ᠎ᠠ ᠲᠠᠷᠢᠭᠰᠠᠨ ᠠᠴᠠ ᠨᠣᠭᠤᠭ᠎ᠠ ᠲᠠᠷᠢᠭᠰᠠᠨ ᠨᠢ ᠶᠡᠷᠦ ᠳᠤ ᠪᠠᠨ ᠶᠡᠭᠡ ᠤᠰᠤ ᠪᠠᠷ ᠪᠢᠯᠬᠠᠨ ᠤᠰᠤᠯᠠᠵᠤ᠂ ᠰᠡᠭᠦᠯᠡᠷ ᠨᠢ ᠪᠦᠷᠬᠦᠪᠴᠢ ᠶᠢᠨ ᠳᠣᠣᠷ᠎ᠠ ᠳᠤᠰᠤᠯᠭᠠᠨ ᠤᠰᠤᠯᠠᠬᠤ ᠪᠣᠯᠪᠠ᠃ ᠣᠶᠢᠷ᠎ᠠ ᠶᠢᠨ ᠬᠡᠳᠦᠨ ᠵᠢᠯ ᠳᠤ᠂ ᠵᠠᠰᠠᠭ ᠤᠨ ᠣᠷᠳᠣᠨ ᠠᠴᠠ ᠪᠠᠰᠠ ᠲᠡᠳᠡᠨ ᠤ ᠭᠠᠩ ᠳᠤ ᠲᠡᠰᠪᠦᠷᠢᠲᠡᠢ ᠲᠠᠷᠢᠮᠠᠯ ᠲᠠᠷᠢᠬᠤ ᠶᠢ ᠵᠣᠷᠢᠭᠵᠢᠭᠤᠯᠵᠤ᠃ ᠭᠦᠩ ᠵᠢᠶᠠᠨ ᠫᠢᠩ ᠲᠠᠷᠢᠮᠠᠯ ᠤᠨ ᠰᠡᠳᠬᠢᠴᠡ ᠪᠠᠨ ᠬᠤᠪᠢᠷᠠᠭᠤᠯᠵᠤ᠂ ᠤᠰᠤ ᠠᠷᠪᠢᠯᠠᠬᠤ ᠲᠠᠷᠢᠶᠠᠯᠠᠩ ᠢ ᠬᠥᠭᠵᠢᠭᠦᠯᠬᠦ ᠶᠢ ᠠᠭᠠᠵᠢᠮ ᠢᠶᠠᠷ ᠰᠡᠷᠡᠵᠦ ᠮᠡᠳᠡᠪᠡ᠃ ᠡᠶᠢᠮᠦ ᠠᠴᠠ᠂ ᠲᠡᠷᠡ ᠡᠨᠡ ᠵᠢᠯ ᠲᠠᠷᠢᠮᠠᠯ ᠤᠨ ᠪᠦᠲᠦᠴᠡ ᠳᠤ ᠲᠣᠬᠢᠷᠠᠭᠤᠯᠤᠯᠲᠠ ᠬᠢᠪᠡ᠃    ︽ᠨᠢᠳᠤᠨᠤᠨ ᠪᠢ 200 ᠮᠦ ᠲᠠᠷᠢᠶ᠎ᠠ ᠲᠠᠷᠢᠪᠠ᠂ ᠡᠭᠦᠨ ᠳᠤ 70 ᠮᠦ ᠪᠥᠭᠡᠷᠡᠩᠬᠡᠶ ᠴᠠᠭᠠᠨ ᠨᠣᠭᠤᠭ᠎ᠠ ᠲᠠᠷᠢᠵᠤ᠂ ᠦᠯᠡᠳᠡᠭᠰᠡᠨ ᠲᠠᠷᠢᠶᠠᠨ ᠳᠤ ᠬᠥᠬᠡ ᠨᠣᠭᠤᠭ᠎ᠠ᠂ ᠴᠠᠭᠠᠨ ᠨᠣᠭᠤᠭ᠎ᠠ᠂ ᠪᠠᠷᠠᠭᠤᠨ ᠴᠤᠭᠤᠷ ᠳᠠᠷᠢᠵᠤ᠂ ᠶᠡᠷᠦᠩᠬᠡᠶ ᠣᠷᠣᠯᠭ᠎ᠠ ᠨᠡᠯᠢᠶᠡᠳ ᠰᠠᠶᠢᠨ ᠪᠠᠶᠢᠨ᠎ᠠ᠃ ᠡᠨᠡ ᠬᠡᠳᠦᠨ ᠵᠢᠯ ᠵᠠᠰᠠᠭ ᠤᠨ ᠣᠷᠳᠣᠨ ᠠᠴᠠ ᠪᠢᠳᠡᠨ ᠢ ᠵᠢᠯᠣᠭᠤᠳᠤᠨ ᠤᠯᠠᠭᠠᠨ ᠱᠤᠰᠢ ᠢᠯᠡᠭᠦᠦ ᠲᠠᠷᠢᠳᠠᠭ ᠪᠣᠯᠬᠤᠷ ᠡᠨᠡ ᠵᠢᠯ ᠵᠥᠪᠬᠡᠨ 60 ᠭᠠᠷᠤᠢ ᠮᠦ ᠪᠦᠭᠡᠷᠡᠩᠬᠡᠢ ᠴᠠᠭᠠᠨ ᠨᠣᠭᠤᠭ᠎ᠠ ᠲᠠᠷᠢᠵᠤ᠂ ᠴᠠᠭᠠᠨ ᠨᠣᠭᠤᠭ᠎ᠠ ᠲᠠᠷᠢᠵᠤ᠂ ᠪᠠᠷᠠᠭᠤᠨ ᠴᠤᠭᠤᠷ ᠲᠠᠷᠢᠬᠤ ᠭᠠᠵᠠᠷ ᠢᠶᠠᠨ ᠤᠯᠠᠭᠠᠨ ᠪᠤᠷᠴᠠᠭ ᠥᠭᠡᠷᠡᠴᠢᠯᠡᠪᠡ᠃ ᠤᠯᠠᠭᠠᠨ ᠪᠣᠷᠴᠠᠭ ᠤᠨ ᠬᠤᠳᠠᠯᠳᠤᠬᠤ ᠦᠨ᠎ᠡ ᠨᠢ ᠥᠨᠳᠥᠷ ᠪᠣᠯ ᠨᠥᠬᠦᠪᠦᠷᠢ ᠲᠠᠢ ᠮᠥᠷᠲᠡᠭᠡᠨ ᠪᠠᠰᠠ ᠤᠰᠤ ᠠᠷᠪᠢᠯᠠᠵᠤ᠂ ᠣᠷᠣᠯᠭ᠎ᠠ ᠪᠠ ᠢᠳᠡᠰᠢᠨ ᠨᠣᠭᠤᠭ᠎ᠠ ᠶᠢ ᠴᠤ ᠪᠣᠳᠣᠬᠤ ᠦᠭᠡᠢ︾ ᠬᠥᠩ ᠶᠢᠨ ᠫᠧᠩ ᠬᠡᠯᠡᠪᠠ᠃    ᠣᠶᠢᠷ᠎ᠠ ᠶᠢᠨ ᠵᠢᠯ ᠠᠴᠠ᠂ ᠱᠠᠩᠳᠤ ᠰᠢᠶᠠᠨ ᠤ ᠳ᠋ᠠ ᠾᠧᠢ ᠱᠠ ᠲᠤ ᠪᠠᠯᠭᠠᠰᠤᠨ ᠤ ᠳ᠋ᠦᠩ ᠱᠧᠩ ᠲᠣᠰᠬᠤᠨ ᠰᠢᠨᠵᠢᠯᠡᠬᠦ ᠤᠬᠠᠭᠠᠨ ᠮᠡᠷᠭᠡᠵᠢᠯ ᠤᠨ ᠪᠣᠯᠪᠠᠰᠤᠷᠠᠯ᠂ ᠲᠠᠷᠢᠶᠠᠨ ᠭᠠᠵᠠᠷ ᠤᠨ ᠤᠬᠠᠭᠤᠯᠭ᠎ᠠ ᠵᠡᠷᠭᠡ ᠪᠠᠷ ᠳᠠᠮᠵᠢᠭᠤᠯᠤᠨ ᠲᠠᠷᠢᠶᠠᠴᠢᠨ ᠡᠷᠦᠬᠡ ᠶᠢ ᠢᠳᠡᠪᠬᠢᠲᠡᠶ ᠪᠠᠷ ᠬᠥᠲᠥᠯᠥᠨ ᠵᠢᠯᠣᠭᠤᠳᠴᠤ ᠪᠠᠶᠢᠭᠠᠳ ᠤᠰᠤ ᠪᠠᠭ᠎ᠠ ᠬᠤᠷᠣᠭᠳᠠᠭᠤᠯᠬᠤ ᠲᠠᠷᠢᠮᠠᠯ ᠲᠠᠷᠢᠵᠤ᠂ ᠤᠰᠤᠨ ᠤ ᠡᠬᠢ ᠪᠠᠶᠠᠯᠢᠭ ᠢ ᠰᠢᠨᠵᠢᠯᠡᠬᠦ ᠤᠬᠠᠭᠠᠨᠴᠢ ᠵᠦᠶ ᠵᠣᠬᠢᠰᠲᠠᠶ ᠠᠰᠢᠭᠯᠠᠨ᠂ ᠥᠨᠳᠥᠷ ᠪᠦᠲᠦᠮᠵᠢᠲᠡᠶ ᠤᠰᠤ ᠠᠷᠪᠢᠯᠠᠬᠤ ᠣᠶᠢᠯᠠᠭᠠᠭᠳᠠᠬᠤᠨ ᠢ ᠬᠥᠮᠦᠰ ᠤᠨ ᠰᠡᠳᠬᠢᠯ ᠳᠤ ᠬᠠᠳᠠᠩᠰᠢᠭᠤᠯᠵᠤ᠂ ᠲᠠᠷᠢᠮᠠᠯ ᠤᠨ ᠤᠨᠠᠯᠲᠠ ᠪᠠ ᠶᠠᠰᠤ ᠴᠢᠨᠠᠷ ᠢ ᠳᠡᠭᠡᠭᠰᠢᠯᠡᠭᠦᠯᠬᠦ ᠵᠠᠩᠭᠢᠯᠠᠭ᠎ᠠ ᠶᠢᠨ ᠠᠷᠭ᠎ᠠ ᠵᠠᠮ ᠪᠣᠯᠭᠠᠪᠠ᠃ ᠡᠭᠦᠨ ᠤ ᠬᠠᠮᠲᠤ᠂ ᠤᠰᠤ ᠠᠷᠪᠢᠯᠠᠵᠤ ᠦᠷ᠎ᠡ ᠠᠰᠢᠭ ᠢ ᠨᠡᠮᠡᠭᠳᠡᠭᠦᠯᠬᠦ ᠶᠢ ᠲᠠᠷᠢᠶᠠᠯᠠᠩ ᠤᠨ ᠬᠥᠭᠵᠢᠯᠲᠡ ᠶᠢᠨ ᠪᠦᠬᠦ ᠶᠠᠪᠤᠴᠠ ᠳᠤ ᠲᠤᠤᠱᠯᠠᠭᠤᠯᠵᠤ᠂ ᠲᠠᠷᠢᠮᠠᠯ ᠤᠨ ᠪᠦᠲᠦᠴᠡ ᠶᠢ ᠦᠷᠭᠦᠯᠵᠢᠯᠡᠨ ᠲᠤᠬᠢᠷᠠᠭᠤᠯᠤᠨ ᠰᠢᠯᠢᠳᠡᠭᠵᠢᠭᠦᠯᠵᠦ᠂ ᠲᠠᠷᠢᠶᠠᠯᠠᠩ ᠤᠨ ᠤᠰᠤ ᠠᠷᠪᠢᠯᠠᠬᠤ ᠶᠢ ᠶᠡᠬᠡᠪᠡᠷ ᠠᠬᠢᠭᠤᠯᠵᠤ᠂ ᠲᠠᠷᠢᠶᠠᠯᠠᠩ ᠤᠨ ᠤᠰᠤ ᠬᠡᠷᠡᠭᠯᠡᠬᠦ ᠦᠷ᠎ᠡ ᠪᠦᠲᠦᠮᠵᠢ ᠶᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠲᠠᠷᠢᠶᠠᠯᠠᠩ ᠤᠨ ᠴᠢᠨᠠᠷ ᠰᠠᠶᠢᠲᠠᠢ᠂ ᠥᠨᠳᠥᠷ ᠦᠷ᠎ᠡ ᠠᠰᠢᠭ ᠲᠠᠢ ᠬᠥᠭᠵᠢᠯᠲᠡ ᠶᠢᠨ ᠵᠠᠮ ᠲᠡᠶᠢᠰᠢ ᠬᠥᠭᠵᠢᠬᠦ ᠳᠤ ᠬᠦᠴᠦᠨ ᠨᠡᠮᠡᠷᠢᠯᠡᠨ᠎ᠡ᠃    ᠡᠭᠦᠨ ᠢᠶᠠᠷ ᠪᠠᠷᠠᠬᠤ ᠥᠬᠡᠶ᠂ ᠱᠠᠩᠳᠤ ᠰᠢᠶᠠᠨ ᠤ ᠳ᠋ᠠ ᠾᠧᠢ ᠱᠠ ᠲᠦ᠋ ᠪᠠᠯᠭᠠᠰᠤᠨ ᠤ ᠳ᠋ᠦᠩ ᠱᠧᠩ ᠲᠣᠰᠬᠤᠨ ᠳᠤ ᠪᠠᠰᠠ ᠤᠰᠤᠨ ᠤ ᠡᠬᠢ ᠪᠠᠶᠠᠯᠢᠭ ᠤᠨ ᠬᠠᠮᠢᠶᠠᠷᠤᠯᠲᠠ ᠶᠢᠨ ᠴᠢᠩᠭ᠎ᠠ ᠲᠦᠷᠢᠮ ᠢ ᠬᠡᠷᠡᠭᠵᠢᠭᠦᠯᠵᠦ᠂ ᠤᠰᠤ ᠪᠠᠷ ᠬᠡᠪᠴᠢᠶ᠎ᠡ ᠶᠢ ᠲᠣᠭᠲᠠᠭᠠᠵᠤ᠂ ᠤᠰᠤ ᠪᠠᠷ ᠠᠵᠤ ᠦᠢᠯᠡᠰ ᠢ ᠲᠣᠭᠲᠠᠭᠠᠵᠤ᠂ ᠤᠰᠤ ᠪᠠᠷ ᠪᠦᠲᠦᠴᠡ ᠶᠢ ᠲᠣᠭᠲᠠᠭᠠᠵᠤ᠂ ᠤᠰᠤᠨ ᠤ ᠡᠬᠢ ᠪᠠᠶᠠᠯᠢᠭ ᠢ ᠠᠰᠢᠭᠯᠠᠬᠤ ᠪᠠ ᠠᠵᠤ ᠦᠢᠯᠡᠰ ᠤᠨ ᠬᠥᠭᠵᠢᠯᠲᠡ ᠶᠢᠨ ᠬᠤᠤᠰ ᠳᠡᠭᠡᠭᠰᠢᠯᠡᠯᠲᠡ ᠶᠢ ᠳᠡᠮᠵᠢᠵᠦ᠂ ᠣᠲᠣ ᠦᠶ᠎ᠡ ᠶᠢᠨ ᠲᠠᠷᠢᠶᠠᠯᠠᠩ ᠤᠨ ᠴᠢᠨᠠᠷ ᠰᠠᠶᠢᠲᠠᠶ ᠦᠷᠭᠦᠯᠵᠢᠯᠡᠬᠦ ᠬᠥᠭᠵᠢᠯᠲᠡ ᠶᠢ ᠠᠬᠢᠭᠤᠯᠪᠠ᠃    ︽ᠤᠰᠤ ᠠᠷᠪᠢᠯᠠᠬᠤ ᠲᠠᠷᠢᠶᠠᠯᠠᠩ ᠪᠣᠯ ᠬᠤᠶᠢᠰᠢᠳᠠ ᠶᠢᠨ ᠬᠥᠭᠵᠢᠯᠲᠡ ᠶᠢᠨ ᠴᠢᠭᠯᠡᠯ ᠮᠥᠨ᠂ ᠪᠢᠳᠡ ᠣᠯᠠᠨ ᠵᠦᠶ᠋ᠯ ᠤᠨ ᠠᠷᠭ᠎ᠠ ᠬᠡᠯᠪᠡᠷᠢ ᠪᠠᠷ ᠳᠠᠮᠵᠢᠭᠤᠯᠤᠨ᠂ ᠲᠠᠷᠢᠶᠠᠴᠢᠳ ᠢ ᠵᠣᠷᠢᠭᠵᠢᠭᠤᠯᠤᠨ ᠬᠥᠲᠥᠯᠥᠨ ᠵᠢᠯᠣᠭᠤᠳᠴᠤ ᠪᠠᠶᠢᠭᠠᠳ ᠠᠵᠤ ᠦᠶ᠋ᠯᠡᠰ ᠤᠨ ᠲᠠᠷᠢᠮᠠᠯ ᠤᠨ ᠪᠦᠲᠦᠴᠡ ᠳᠤ ᠲᠣᠬᠢᠷᠠᠭᠤᠯᠤᠯᠲᠠ ᠬᠢᠯᠭᠡᠵᠦ᠂ ᠤᠰᠤ ᠠᠷᠪᠢᠯᠠᠬᠤ᠂ ᠭᠠᠩ ᠬᠠᠭᠰᠠᠷᠠᠭᠠᠨ ᠳᠤ ᠲᠡᠰᠪᠦᠷᠢᠲᠡᠶ ᠲᠠᠷᠢᠮᠠᠯ ᠳᠠᠷᠢᠵᠤ᠂ ᠡᠭᠦᠨ ᠢᠶᠠᠷ ᠣᠷᠣᠯᠭ᠎ᠠ ᠪᠠᠨ ᠨᠡᠮᠡᠭᠳᠡᠭᠦᠯᠬᠦ ᠠᠷᠭ᠎ᠠ ᠵᠠᠮ ᠢ ᠥᠷᠭᠡᠳᠬᠡᠵᠦ᠂ ᠲᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠬᠦ ᠶᠢ ᠳᠠᠶᠢᠴᠢᠯᠠᠨ᠎ᠠ︾ ᠭᠡᠵᠦ ᠳ᠋ᠦᠩ ᠱᠧᠩ ᠲᠣᠰᠬᠤᠨ ᠤ ᠨᠠᠮ ᠤᠨ ᠡᠭᠦᠷ ᠤᠨ ᠱᠦᠵᠢ ᠲᠢᠶᠠᠨ ᠸᠧᠢ ᠲᠠᠨᠢᠯᠴᠠᠭᠤᠯᠵᠠᠢ᠃
 
ᠢᠷᠡᠯᠲᠡ᠄ ᠱᠠᠩᠳᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004288号-2