ᠴᠢ ᠲᠠᠢ ᠪᠠᠯᠭᠠᠰᠤᠨ ᠤ ᠨᠡᠶᠢᠭᠡᠮ ᠲᠣᠭᠤᠷᠢᠭ ᠤᠨ ᠤᠶᠤᠲᠠᠳ ᠤᠨ ᠵᠣᠨ ᠤ ᠠᠮᠠᠷᠠᠯᠲᠠ ᠶᠢᠨ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠬᠥᠭᠵᠢᠶᠡᠨᠲᠡᠶ ᠥᠷᠨᠢᠭᠦᠯᠪᠡ
ᠨᠡᠶᠢᠲᠡᠯᠡᠭᠰᠡᠨ ᠴᠠᠭ᠄
2024/7/31
  ᠬᠠᠷᠢᠶᠠᠲᠤ ᠣᠷᠣᠨ ᠤ ᠣᠯᠠᠨ ᠲᠦᠮᠡᠨ ᠤ ᠠᠮᠤᠷ ᠲᠦᠪᠰᠢᠨ ᠤ ᠲᠥᠷᠥᠭᠳᠡᠯ᠂ ᠬᠠᠨᠤᠮᠵᠢ ᠶᠢᠨ ᠬᠡᠮᠵᠢᠶ᠎ᠡ ᠶᠢ ᠪᠥᠬᠦ ᠲᠠᠯ᠎ᠠ ᠪᠠᠷ ᠳᠡᠭᠡᠭᠰᠢᠯᠡᠭᠦᠯᠬᠦ ᠶᠢᠨ ᠲᠥᠯᠥᠭᠡ᠃ ᠱᠠᠩᠳᠤ ᠰᠢᠶᠠᠨ ᠤ ᠴᠢ ᠲᠠᠢ ᠪᠠᠯᠭᠠᠰᠤᠨ ᠤ ᠡᠯ᠎ᠡ ᠨᠡᠶᠢᠭᠡᠮ ᠲᠣᠭᠤᠷᠢᠭ ᠤᠨ ᠬᠢᠨ ᠤᠶᠤᠲᠠᠳ ᠤᠨ ᠵᠣᠨ ᠤ ᠠᠮᠠᠷᠠᠯᠲᠠ ᠶᠢᠨ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠪᠠᠷ ᠠᠵᠠ ᠲᠣᠬᠢᠶᠠᠯ ᠪᠣᠯᠭᠠᠵᠤ᠂ ᠣᠯᠠᠨ ᠲᠦᠮᠡᠨ ᠤ ᠠᠮᠤᠷ ᠲᠦᠪᠰᠢᠨ ᠤ ᠲᠥᠷᠥᠭᠳᠡᠯ ᠬᠠᠨᠤᠮᠵᠢ ᠶᠢᠨ ᠬᠡᠮᠵᠢᠶ᠎ᠡ ᠶᠢ ᠡᠷᠦᠬᠡ ᠳᠤ ᠬᠦᠷᠴᠦ ᠪᠠᠶᠢᠴᠠᠭᠠᠯᠲᠠ ᠥᠷᠨᠢᠭᠦᠯᠵᠦ᠂ ᠬᠡᠳᠦᠨ ᠠᠷᠪᠠᠨ ᠰᠠᠶᠢᠨ ᠳᠤᠷ᠎ᠠ ᠶᠢᠨ ᠠᠵᠢᠯᠯᠠᠭᠴᠢ ᠠᠵᠢᠯ ᠤᠨ ᠬᠤᠪᠢᠶᠠᠷᠢᠯᠠᠯ ᠳᠠᠬᠢ ᠲᠣᠣᠷᠴᠢᠯᠠᠭᠰᠠᠨ ᠬᠡᠰᠡᠭ ᠢ ᠳᠠᠭᠠᠭᠠᠴᠢᠯᠠᠬᠤ ᠬᠠᠷᠢᠭᠤᠴᠠᠯᠭ᠎ᠠ ᠶᠢᠨ ᠶᠣᠰᠣᠭᠠᠷ᠂ ᠬᠠᠷᠢᠶ᠎ᠠ ᠣᠷᠣᠨ ᠤ ᠬᠡᠪᠴᠢᠶᠡᠨ ᠳᠠᠬᠢ ᠵᠢᠵᠢᠭ ᠲᠣᠭᠤᠷᠢᠭ ᠲᠤ ᠬᠤᠳᠠᠯᠳᠤᠭᠠᠨ ᠤ ᠫᠦᠰᠡ ᠶᠢ ᠪᠥᠬᠦ ᠲᠠᠯ᠎ᠠ ᠪᠠᠷ ᠤᠬᠠᠭᠤᠯᠬᠤ ᠶᠢᠨ ᠬᠠᠮᠲᠤ ᠡᠷᠦᠬᠡ ᠶᠢᠨ ᠮᠡᠳᠡᠭᠡ ᠵᠠᠩᠭᠢ ᠶᠢ ᠰᠢᠨᠡᠳᠬᠡᠵᠦ᠂ ᠡᠷᠦᠬᠡ ᠳᠤ ᠣᠷᠣᠵᠤ ᠤᠬᠠᠭᠤᠯᠤᠨ᠂ ᠮᠡᠳᠡᠭᠡ ᠵᠠᠩᠭᠢ ᠶᠢ ᠳᠠᠩᠰᠠᠯᠠᠬᠤ ᠳᠤ ᠥᠨᠴᠥᠭ ᠪᠤᠯᠤᠩ ᠦᠯᠡᠳᠡᠭᠡᠬᠦ ᠥᠬᠡᠶ ᠪᠠᠶᠢᠬᠤ ᠶᠢ ᠪᠡᠶᠡᠯᠡᠭᠦᠯᠪᠡ᠃    ᠬᠡᠳᠦ᠋ᠢᠪᠡᠷ ᠬᠠᠯᠠᠭᠤᠨ ᠡᠳᠦᠷ ᠣᠭᠲᠠᠷᠭᠤᠶ ᠳᠤ ᠤᠷᠤᠭᠰᠠᠨ ᠪᠣᠯᠪᠠᠴᠤ ᠰᠠᠶᠢᠨ ᠳᠤᠷ᠎ᠠ ᠶᠢᠨ ᠠᠵᠢᠯᠯᠠᠭᠴᠢᠳ ᠤᠨ ᠠᠵᠢᠯ ᠡᠮᠬᠢ ᠵᠠᠮᠪᠠᠷᠠᠭ᠎ᠠ ᠲᠠᠢ ᠪᠠᠷ ᠥᠷᠨᠢᠵᠦ ᠪᠠᠶᠢᠨ᠎ᠠ᠂ ᠰᠠᠶᠢᠨ ᠳᠤᠷ᠎ᠠ ᠶᠢᠨ ᠠᠵᠢᠯᠯᠠᠭᠴᠢ ᠨᠢᠭᠡᠪᠦᠷᠢ ᠴᠥᠮ ᠥᠪᠡᠷ ᠥᠪᠡᠷ ᠤᠨ ᠠᠵᠢᠯ ᠤᠨ ᠠᠭᠤᠯᠭ᠎ᠠ ᠪᠠᠨ ᠨᠠᠷᠢᠨ ᠬᠢᠨᠠᠮᠠᠭᠠᠶ ᠪᠡᠶᠡᠯᠡᠭᠦᠯᠵᠦ ᠪᠠᠶᠢᠨ᠎ᠠ᠃ ᠠᠭᠠᠭᠢᠮ᠎ᠠ ᠬᠠᠯᠠᠭᠤᠨ ᠨᠠᠷᠠᠨ ᠤ ᠳᠣᠣᠷ᠎ᠠ᠂ ᠤᠯᠠᠭᠠᠨ ᠥᠩᠭᠡ ᠶᠢᠨ ᠰᠠᠶᠢᠨ ᠳᠤᠷ᠎ᠠ ᠶᠢᠨ ᠠᠵᠢᠯᠯᠠᠭᠴᠢᠳ ᠬᠤᠪᠴᠠᠰᠤ ᠡᠮᠦᠰᠦᠭᠰᠡᠨ ᠰᠠᠶᠢᠨ ᠳᠤᠷ᠎ᠠ ᠶᠢᠨ ᠦᠢᠯᠡᠴᠢᠯᠡᠭᠴᠢᠳ ᠬᠢᠭᠡᠳ ᠡᠷᠭᠢᠨ ᠲᠣᠭᠤᠷᠢᠨ ᠤ ᠣᠷᠴᠢᠨ ᠲᠣᠭᠤᠷᠢᠨ ᠲᠠᠢ ᠪᠠᠨ ᠦᠵᠡᠰᠬᠦᠯᠡᠩᠲᠦ ᠰᠠᠶᠢᠬᠠᠨ ᠬᠤᠲᠠ ᠶᠢᠨ ᠦᠵᠡᠮᠵᠢ ᠶᠢᠨ ᠣᠷᠣᠨ ᠢ ᠪᠣᠶ ᠪᠣᠯᠭᠠᠪᠠ᠃    ᠰᠠᠶᠢᠨ ᠳᠤᠷ᠎ᠠ ᠶᠢᠨ ᠦᠢᠯᠡᠴᠢᠯᠡᠭᠴᠢᠳ ᠬᠦᠯᠢᠴᠡᠩᠭᠦᠢ ᠪᠠᠷ ᠯᠠᠪᠯᠠᠨ ᠠᠰᠠᠭᠤᠬᠤ᠂ ᠬᠠᠯᠠᠭᠤᠮᠰᠤᠭ ᠢᠶᠠᠷ ᠦᠢᠯᠡᠴᠢᠯᠡᠬᠦ ᠪᠠᠷ ᠳᠠᠮᠵᠢᠨ ᠰᠠᠭᠤᠭᠠᠯᠢ ᠠᠷᠠᠳ ᠲᠤ ᠨᠡᠶᠢᠭᠡᠮ ᠲᠣᠭᠤᠷᠢᠭ ᠤᠨ ᠡᠨᠡ ᠬᠦ ᠶᠡᠭᠡ ᠭᠡᠷ ᠪᠦᠯᠢ ᠶᠢᠨ ᠬᠠᠯᠠᠭᠤᠨ ᠳᠤᠯᠠᠭᠠᠨ ᠢ ᠮᠡᠳᠡᠷᠡᠭᠦᠯᠪᠡ᠃    ᠰᠠᠶᠢᠨ ᠳᠤᠷ᠎ᠠ ᠶᠢᠨ ᠠᠵᠢᠯᠯᠠᠭᠴᠢ ᠶᠢ ᠡᠷᠦᠬᠡ ᠳᠤ ᠣᠷᠣᠭᠤᠯᠬᠤ ᠠᠵᠢᠯᠯᠠᠭ᠎ᠠ ᠪᠠᠷ ᠳᠠᠮᠵᠢᠭᠤᠯᠤᠨ᠂ ᠴᠢ ᠲᠠᠢ ᠪᠠᠯᠭᠠᠰᠤᠨ ᠤ ᠡᠯ᠎ᠡ ᠨᠡᠶᠢᠭᠡᠮ ᠲᠣᠭᠤᠷᠢᠭ ᠤᠨ ᠬᠠᠷᠢᠶ᠎ᠠ ᠣᠷᠣᠨ ᠤ ᠣᠯᠠᠨ ᠲᠦᠮᠡᠨ ᠤ ᠵᠣᠯ ᠵᠢᠷᠭᠠᠯᠲᠤ ᠲᠥᠷᠥᠭᠳᠡᠯ ᠪᠣᠯᠤᠨ ᠬᠠᠨᠤᠮᠵᠢ ᠶᠢᠨ ᠬᠡᠮᠵᠢᠶ᠎ᠡ ᠶᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠨᠡᠶᠢᠭᠡᠮ ᠲᠣᠭᠤᠷᠢᠭ ᠪᠣᠯᠤᠨ ᠰᠠᠭᠤᠭᠠᠯᠢ ᠠᠷᠠᠳ ᠤᠨ ᠬᠠᠷᠢᠴᠠᠭ᠎ᠠ ᠶᠢ ᠤᠯᠠᠮ ᠨᠢᠭᠡ ᠠᠯᠬᠤᠮ ᠣᠶᠢᠷᠠᠲᠤᠭᠤᠯᠵᠤ᠂ ᠬᠤᠶᠢᠰᠢᠳᠠ ᠶᠢᠨ ᠨᠡᠶᠢᠭᠡᠮ ᠲᠣᠭᠤᠷᠢᠭ ᠤᠨ ᠠᠵᠢᠯ ᠳᠤ ᠪᠠᠲᠤ ᠪᠠᠬᠢ ᠰᠠᠭᠤᠷᠢ ᠶᠢ ᠲᠠᠯᠪᠢᠵᠤ ᠥᠭᠴᠡᠶ᠃ᠣᠷᠴᠢᠭᠤᠯᠣᠭᠴᠢ᠄  ᠬᠠᠨᠠᠭᠠᠷᠬᠢᠨᠠᠭᠴᠢ᠄  ᠬᠠᠨᠠᠭᠠᠷ
 
ᠢᠷᠡᠯᠲᠡ᠄ ᠱᠠᠩᠳᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004288号-2