ᠱᠢ ᠪᠠ ᠴᠢᠩ ᠪᠠᠯᠭᠠᠰᠤ ᠬᠠᠷᠢᠯᠴᠠᠨ ᠬᠠᠪᠰᠤᠷᠤᠯᠴᠠᠬᠤ ᠬᠦᠷᠢᠶᠡᠯᠡᠩ ᠤᠨ ᠠᠰᠠᠭᠤᠳᠠᠯ ᠢ ᠵᠢᠭᠰᠠᠭᠠᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠶᠢ ᠠᠬᠢᠭᠤᠯᠬᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/7/31
  ᠳᠡᠭᠡᠳᠦ ᠱᠠᠲᠤᠨ ᠤ ᠰᠠᠯᠠᠭ᠎ᠠ ᠮᠥᠴᠢᠷ ᠤᠨ ᠢᠯᠡᠷᠡᠭᠦᠯᠦᠭᠰᠡᠨ ᠱᠢ ᠪᠠ ᠴᠢᠩ ᠪᠠᠯᠭᠠᠰᠤᠨ ᠤ ᠬᠠᠷᠢᠯᠴᠠᠨ ᠬᠠᠪᠰᠤᠷᠤᠯᠴᠠᠬᠤ ᠵᠣᠯ ᠵᠢᠷᠭᠠᠯ ᠤᠨ ᠬᠦᠷᠢᠶᠡᠯᠡᠩ ᠳᠤ ᠣᠷᠣᠰᠢᠵᠤ ᠪᠠᠶᠢᠭ᠎ᠠ ᠠᠰᠠᠭᠤᠳᠠᠯ ᠢ ᠨᠠᠷᠢᠨ ᠬᠢᠨᠠᠮᠠᠭᠠᠶ ᠳ᠋ᠦᠩᠨᠡᠨ ᠡᠷᠭᠢᠴᠡᠭᠦᠯᠦᠨ ᠪᠣᠳᠣᠬᠤ ᠶᠢᠨ ᠲᠥᠯᠥᠭᠡ᠂ 7 ᠰᠠᠷ᠎ᠠ ᠶᠢᠨ 19 ᠤ ᠡᠳᠦᠷ ᠤᠨ ᠦᠳᠡ ᠶᠢᠨ ᠡᠮᠦᠨ᠎ᠡ᠂ ᠱᠢ ᠪᠠ ᠴᠢᠩ ᠪᠠᠯᠭᠠᠰᠤ ᠬᠠᠷᠢᠯᠴᠠᠨ ᠬᠠᠪᠰᠤᠷᠤᠯᠴᠠᠬᠤ ᠬᠦᠷᠢᠶᠡᠯᠡᠩ ᠤᠨ ᠠᠰᠠᠭᠤᠳᠠᠯ ᠢ ᠵᠢᠭᠰᠠᠭᠠᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠶᠢ ᠠᠬᠢᠭᠤᠯᠬᠤ ᠬᠤᠷᠠᠯ ᠬᠤᠷᠠᠯᠳᠤᠭᠤᠯᠵᠤ᠂ ᠨᠠᠮ ᠤᠨ ᠬᠤᠷᠢᠶᠠᠨ ᠤ ᠱᠦᠵᠢ ᠨᠢᠩ ᠬᠠᠶ ᠬᠤᠷᠠᠯ ᠡᠷᠭᠢᠯᠡᠭᠰᠡᠨ ᠪᠥᠭᠡᠳ ᠶᠠᠷᠢᠶ᠎ᠠ ᠲᠠᠯᠪᠢᠪᠠ᠃ ᠬᠤᠷᠠᠯ ᠠᠴᠠ ᠬᠠᠷᠢᠯᠴᠠᠨ ᠬᠠᠪᠰᠤᠷᠤᠯᠴᠠᠬᠤ ᠵᠣᠯ ᠵᠢᠷᠭᠠᠯ ᠤᠨ ᠬᠦᠷᠢᠶᠡᠯᠡᠩ ᠭᠠᠵᠠᠷ ᠤᠨ ᠲᠣᠰᠬᠤᠨ ᠤ ᠨᠠᠮ ᠤᠨ ᠡᠭᠦᠷ ᠤᠨ ᠱᠦᠵᠢ ᠶᠢᠨ ᠬᠠᠷᠢᠭᠤ ᠮᠡᠳᠡᠭᠦᠯᠦᠯᠲᠡ ᠶᠢ ᠰᠣᠨᠣᠰᠤᠭᠰᠠᠨ ᠪᠥᠭᠡᠳ ᠳᠠᠷᠠᠭᠠᠴᠢ ᠶᠢᠨ ᠠᠯᠬᠤᠮ ᠳᠤ ᠠᠰᠠᠭᠤᠳᠠᠯ ᠢ ᠲᠣᠳᠣᠷᠬᠠᠢ ᠣᠶᠢᠯᠠᠭᠠᠵᠤ᠂ ᠤᠨᠢᠨ ᠳᠡᠭᠡᠷ᠎ᠡ ᠨᠢ ᠲᠦᠷᠦ ᠶᠢᠨ ᠪᠤᠳᠤᠯᠭ᠎ᠠ ᠶᠢ ᠬᠡᠷᠡᠭᠵᠢᠭᠦᠯᠬᠦ ᠲᠤᠬᠠᠢ ᠪᠣᠳᠠᠲᠠᠢ ᠲᠤᠬᠢᠷᠠᠭᠤᠯᠤᠯᠳᠠ ᠬᠢᠵᠡᠢ᠃ ᠵᠠᠰᠠᠭ ᠤᠨ ᠣᠷᠳᠣᠨ ᠤ ᠪᠠᠯᠭᠠᠰᠤᠨ ᠳᠠᠷᠤᠭ᠎ᠠ᠂ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠱᠦᠵᠢ ᠪᠣᠯᠤᠨ ᠬᠠᠮᠢᠶ᠎ᠠ ᠪᠦᠬᠦᠢ ᠤᠳᠤᠷᠢᠳᠤᠯᠭ᠎ᠠ ᠬᠤᠷᠠᠯ ᠳᠤ ᠣᠷᠣᠯᠴᠠᠪᠠ᠃    ᠬᠤᠷᠠᠯ ᠠᠴᠠ᠂ ᠬᠠᠷᠢᠯᠴᠠᠨ ᠬᠠᠪᠰᠤᠷᠤᠯᠴᠠᠬᠤ ᠵᠣᠯ ᠵᠢᠷᠭᠠᠯ ᠤᠨ ᠬᠦᠷᠢᠶᠡᠯᠡᠩ ᠤᠨ ᠪᠠᠶᠢᠭ᠎ᠠ ᠭᠠᠵᠠᠷ ᠤᠨ ᠲᠣᠰᠬᠤᠨ ᠤ ᠨᠠᠮ ᠤᠨ ᠡᠭᠦᠷ ᠤᠨ ᠱᠦᠵᠢ ᠪᠣᠯᠤᠨ ᠲᠣᠰᠬᠤᠨ ᠢ ᠳᠠᠭᠠᠭᠠᠴᠢᠯᠠᠭᠰᠠᠨ ᠤᠳᠤᠷᠢᠳᠤᠯᠭ᠎ᠠ ᠲᠠᠨᠢᠯᠲᠠ ᠪᠠᠨ ᠳᠡᠭᠡᠭᠰᠢᠯᠡᠭᠦᠯᠵᠦ᠂ ᠵᠣᠯ ᠵᠢᠷᠭᠠᠯ ᠤᠨ ᠬᠦᠷᠢᠶᠡᠯᠡᠩ ᠤᠨ ᠪᠠᠶᠢᠭᠤᠯᠤᠯᠲᠠ ᠡᠵᠡᠩᠨᠡᠯᠲᠡ ᠶᠢᠨ ᠠᠵᠢᠯ ᠢ ᠨᠠᠮ ᠤᠨ ᠤᠯᠠᠨ ᠲᠦᠮᠡᠨᠴᠢ ᠱᠤᠭᠤᠮ ᠤᠨ ᠬᠥᠮᠦᠵᠢᠯ ᠦᠢᠯᠡᠳᠦᠯᠭᠡ ᠶᠢᠨ ᠠᠵᠢᠯᠯᠠᠭ᠎ᠠ ᠲᠠᠢ ᠤᠶᠠᠯᠳᠤᠭᠤᠯᠬᠤ ᠬᠡᠷᠡᠭᠲᠡᠢ᠃ ᠰᠢᠨᠵᠢᠯᠡᠬᠦ ᠤᠬᠠᠭᠠᠨᠴᠢ ᠪᠠᠷ ᠲᠥᠯᠥᠪᠵᠢᠭᠦᠯᠵᠦ᠂ ᠳᠡᠭᠡᠳᠦ ᠱᠠᠲᠤᠨ ᠤ ᠰᠠᠯᠠᠭ᠎ᠠ ᠮᠥᠴᠢᠷ ᠤᠨ ᠵᠢᠭᠠᠵᠤ ᠭᠠᠷᠭᠠᠭᠰᠠᠨ ᠠᠰᠠᠭᠤᠳᠠᠯ ᠳᠤ ᠴᠢᠭᠯᠡᠭᠦᠯᠦᠨ ᠨᠠᠷᠢᠨ ᠪᠠᠶᠢᠳᠠᠯ ᠢ ᠨᠠᠷᠢᠨ ᠣᠶᠢᠯᠠᠭᠠᠵᠤ ᠵᠢᠭᠰᠠᠭᠠᠨ ᠪᠠᠶᠢᠴᠠᠭᠠᠵᠤ᠂ ᠵᠣᠯ ᠵᠢᠷᠭᠠᠯ ᠤᠨ ᠬᠦᠷᠢᠶᠡᠯᠡᠩ ᠤᠨ ᠨᠠᠰᠤᠲᠠᠶᠢᠴᠤᠳ ᠤᠨ ᠲᠤᠰᠬᠠᠭᠰᠠᠨ ᠠᠰᠠᠭᠤᠳᠠᠯ ᠪᠣᠯᠤᠨ ᠳᠤᠷᠠᠳᠤᠭᠰᠠᠨ ᠬᠦᠰᠡᠯ ᠱᠠᠭᠠᠷᠳᠠᠯᠭ᠎ᠠ ᠶᠢ ᠨᠠᠷᠢᠨ ᠣᠶᠢᠯᠠᠭᠠᠵᠤ᠂ ᠡᠯ᠎ᠡ ᠲᠣᠰᠬᠤᠨ ᠤ ᠣᠳᠣᠬᠠᠨ ᠤ ᠠᠵᠤ ᠠᠬᠤᠢ ᠶᠢᠨ ᠪᠠᠶᠢᠳᠠᠯ᠂ ᠭᠡᠷ ᠪᠠᠶᠢᠰᠢᠩ ᠤᠨ ᠣᠳᠣᠬᠢ ᠪᠠᠶᠢᠳᠠᠯ᠂ ᠤᠳᠤ ᠪᠠᠶᠢᠭ᠎ᠠ ᠨᠠᠰᠤᠲᠠᠶᠢᠴᠤᠳ ᠤᠨ ᠲᠤᠭ᠎ᠠ ᠬᠡᠮᠵᠢᠶ᠎ᠡ ᠶᠢ ᠪᠦᠬᠦ ᠲᠠᠯ᠎ᠠ ᠪᠠᠷ ᠪᠠᠶᠢᠴᠠᠭᠠᠵᠤ᠂ ᠳᠣᠲᠣᠷ᠎ᠠ ᠪᠠᠨ ᠲᠤᠭ᠎ᠠ ᠲᠠᠢ ᠪᠠᠶᠢᠬᠤ ᠬᠡᠷᠡᠭᠲᠡᠢ᠃ ᠲᠤᠬᠠᠶ ᠶᠢᠨ ᠭᠠᠵᠠᠷ ᠣᠷᠣᠨ ᠤ ᠪᠠᠶᠢᠳᠠᠯ ᠳᠤᠨᠢ ᠳᠣᠭᠢᠷᠠᠭᠤᠯᠤᠨ᠂ ᠴᠢᠳᠠᠯ ᠤᠨ ᠬᠢᠷᠢ ᠪᠠᠷ ᠢᠶᠠᠨ ᠬᠢᠵᠦ᠂ ᠴᠢᠳᠠᠯ ᠢᠶᠠᠷ ᠢᠶᠠᠨ ᠬᠢᠬᠦ ᠵᠠᠷᠴᠢᠮ ᠢ ᠪᠠᠷᠢᠮᠲᠠᠯᠠᠨ᠂ ᠴᠡᠭᠴᠡᠯᠡᠨ ᠰᠠᠶᠢᠵᠢᠷᠠᠭᠤᠯᠬᠤ ᠬᠡᠪᠴᠢᠶ᠎ᠡ ᠪᠠ ᠪᠠᠷᠢᠮᠵᠢᠶ᠎ᠠ ᠶᠢ ᠲᠣᠳᠣᠷᠬᠠᠶᠢᠯᠠᠬᠤ ᠬᠡᠷᠡᠭᠲᠡᠶ᠃    ᠬᠤᠷᠠᠯ ᠠᠴᠠ ᠴᠢᠬᠤᠯᠠᠴᠢᠯᠠᠭᠰᠠᠨ ᠨᠢ᠂ ᠡᠯ᠎ᠡ ᠲᠣᠰᠬᠤᠨ ᠤ ᠵᠣᠯ ᠵᠢᠷᠭᠠᠯ ᠤᠨ ᠬᠦᠷᠢᠶᠡᠯᠡᠩ ᠳᠤ ᠲᠣᠰᠬᠤᠨ ᠤ ᠨᠠᠮ ᠤᠨ ᠡᠭᠦᠷ ᠤᠨ ᠱᠦᠵᠢ ᠶᠢ ᠰᠢᠭᠤᠳ ᠬᠠᠷᠢᠭᠤᠴᠠᠯᠭᠠᠲᠠᠨ ᠪᠣᠯᠭᠠᠵᠤ᠂ ᠡᠳᠦᠷ ᠲᠤᠲᠤᠮ ᠤᠨ ᠬᠠᠮᠢᠶᠠᠷᠤᠯᠲᠠ ᠪᠠ ᠡᠵᠡᠩᠨᠡᠯᠲᠡ ᠶᠢᠨ ᠠᠵᠢᠯ ᠢ ᠬᠠᠷᠢᠭᠤᠴᠠᠨ ᠰᠠᠶᠢᠲᠤᠷ ᠬᠢᠵᠦ᠂ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠤᠯᠠᠮ ᠨᠢᠭᠡ ᠠᠯᠬᠤᠮ ᠰᠠᠶᠢᠵᠢᠷᠠᠭᠤᠯᠤᠨ᠂ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠠᠶᠢᠭᠤᠯᠵᠤ᠂ ᠨᠠᠰᠤᠲᠠᠶᠢᠴᠤᠳ ᠲᠤ ᠦᠢᠯᠡᠴᠢᠯᠡᠬᠦ ᠰᠠᠭᠤᠷᠢᠨ ᠳᠡᠭᠡᠷ᠎ᠡ ᠠᠵᠢᠯᠯᠠᠭᠠᠨ ᠤ ᠠᠴᠢᠶᠠᠯᠠᠪᠤᠷᠢ ᠶᠢ ᠤᠯᠠᠮ ᠨᠢᠭᠡ ᠠᠯᠬᠤᠮ ᠪᠠᠶᠠᠯᠢᠭᠵᠢᠭᠤᠯᠵᠤ᠂ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠠᠷᠭ᠎ᠠ ᠮᠠᠶ᠋ᠢᠭ ᠤᠨ ᠰᠢᠨ᠎ᠡ ᠶᠢ ᠡᠭᠦᠳᠴᠦ᠂ ᠬᠥᠳᠡᠭᠡ ᠲᠣᠰᠬᠤᠨ ᠤ ᠬᠠᠷᠢᠯᠴᠠᠨ ᠬᠠᠪᠰᠤᠷᠤᠯᠴᠠᠬᠤ ᠵᠣᠯ ᠵᠢᠷᠭᠠᠯ ᠤᠨ ᠬᠦᠷᠢᠶᠡᠯᠡᠩ ᠤᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠴᠢᠳᠠᠮᠵᠢ ᠶᠢ ᠭᠦᠢᠴᠡᠳ ᠪᠠᠳᠠᠷᠠᠭᠤᠯᠬᠤ   ᠬᠡᠷᠡᠭᠲᠡᠶ᠃ᠣᠷᠴᠢᠭᠤᠯᠣᠭᠴᠢ᠄  ᠬᠠᠨᠠᠭᠠᠷᠬᠢᠨᠠᠭᠴᠢ᠄  ᠬᠠᠨᠠᠭᠠᠷ
 
ᠢᠷᠡᠯᠲᠡ᠄ ᠱᠠᠩᠳᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004288号-2