ᠱᠢ ᠪᠠ ᠴᠢᠩ ᠪᠠᠯᠭᠠᠰᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠪᠠ ᠠᠮᠢ ᠠᠬᠤᠶ ᠶᠢᠨ ᠬᠦᠷᠢᠶᠡᠨ ᠳᠠᠬᠢ ᠬᠠᠤᠯᠢ ᠠᠴᠠ ᠵᠥᠷᠢᠴᠡᠭᠰᠡᠨ ᠠᠰᠠᠭᠤᠳᠠᠯ ᠢ ᠲᠥᠪᠯᠡᠷᠡᠭᠦᠯᠦᠨ ᠴᠡᠭᠴᠡᠯᠡᠨ ᠵᠠᠰᠠᠬᠤ ᠲᠤᠰᠬᠠᠶ ᠠᠵᠢᠯ ᠤᠨ ᠳᠠᠬᠢᠨ ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/7/31
    7 ᠰᠠᠷ᠎ᠠ ᠶᠢᠨ 21 ᠤ ᠡᠳᠦᠷ᠂ ᠱᠢ ᠪᠠ ᠴᠢᠩ ᠪᠠᠯᠭᠠᠰᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠪᠠ ᠠᠮᠢ ᠠᠬᠤᠶ ᠶᠢᠨ ᠬᠦᠷᠢᠶᠡᠨ ᠳᠠᠬᠢ ᠬᠠᠤᠯᠢ ᠠᠴᠠ ᠵᠥᠷᠢᠴᠡᠭᠰᠡᠨ ᠠᠰᠠᠭᠤᠳᠠᠯ ᠢ ᠲᠥᠪᠯᠡᠷᠡᠭᠦᠯᠦᠨ ᠴᠡᠭᠴᠡᠯᠡᠨ ᠵᠠᠰᠠᠬᠤ ᠲᠤᠰᠬᠠᠶ ᠠᠵᠢᠯ ᠤᠨ ᠳᠠᠬᠢᠨ ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠭᠤᠯᠪᠠ᠃ ᠬᠤᠷᠠᠯ ᠢ ᠪᠠᠯᠭᠠᠰᠤᠨ ᠤ ᠨᠠᠮ ᠤᠨ ᠬᠤᠷᠢᠶᠠᠨ ᠤ ᠳᠡᠳ᠋ ᠱᠦᠵᠢ᠂ ᠪᠠᠯᠭᠠᠰᠤᠨ ᠤ ᠳᠠᠷᠤᠭ᠎ᠠ ᠭᠦᠸᠧ ᡁᠢ ᠶᠤᠸᠠᠨ ᠡᠷᠭᠢᠯᠡᠵᠦ᠂ ᠡᠯ᠎ᠡ ᠰᠠᠯᠠᠭ᠎ᠠ ᠮᠥᠴᠢᠷ ᠤᠨ ᠬᠤᠪᠢᠳᠠᠨ ᠬᠠᠮᠢᠶᠠᠷᠬᠤ ᠤᠳᠤᠷᠢᠳᠤᠯᠭ᠎ᠠ ᠬᠤᠷᠠᠯ ᠳᠤ ᠣᠷᠣᠯᠴᠠᠪᠠ᠃ ᠬᠤᠷᠠᠯ ᠠᠴᠠ ᠣᠳᠣᠬᠠᠨ ᠤ ᠪᠦᠬᠦ ᠪᠠᠯᠭᠠᠰᠤᠨ ᠤ ᠣᠷᠣᠨ ᠰᠠᠭᠤᠴᠠ ᠶᠢᠨ ᠪᠦᠳᠦᠭᠡᠨ ᠪᠠᠶᠢᠭᠤᠯᠤᠯᠲᠠ ᠪᠣᠯᠤᠨ ᠠᠮᠢ ᠠᠬᠤᠢ ᠶᠢᠨ ᠬᠦᠷᠢᠶᠡᠨ ᠤ ᠬᠠᠤᠯᠢ ᠠᠴᠠ ᠵᠥᠷᠢᠴᠡᠭᠰᠡᠨ ᠠᠰᠠᠭᠤᠳᠠᠯ ᠢ ᠲᠥᠪᠯᠡᠷᠡᠭᠦᠯᠦᠨ ᠴᠡᠭᠴᠡᠯᠡᠨ ᠵᠠᠰᠠᠵᠤ ᠠᠬᠢᠭᠤᠯᠤᠭᠰᠠᠨ ᠪᠠᠶᠢᠳᠠᠯ ᠢ ᠲᠤᠬᠢᠷᠠᠭᠤᠯᠵᠤ᠂ ᠳᠠᠷᠠᠭᠠᠴᠢ ᠶᠢᠨ ᠠᠯᠬᠤᠮ ᠤᠨ ᠬᠠᠮᠢᠶ᠎ᠠ ᠪᠦᠬᠦᠢ ᠠᠵᠢᠯ ᠢ ᠲᠤᠬᠢᠷᠠᠭᠤᠯᠤᠨ ᠪᠠᠶᠢᠷᠢᠯᠠᠭᠤᠯᠵᠠᠢ᠃    ᠬᠤᠷᠠᠯ ᠠᠴᠠ᠂ ᠲᠤᠰ ᠤᠳᠠᠭ᠎ᠠ ᠶᠢᠨ ᠲᠥᠪᠯᠡᠷᠡᠭᠦᠯᠦᠨ ᠴᠡᠭᠴᠡᠯᠡᠨ ᠵᠠᠰᠠᠬᠤ ᠲᠤᠰᠬᠠᠢ ᠠᠵᠢᠯᠯᠠᠭ᠎ᠠ ᠪᠣᠯ ᠨᠢᠭᠡ ᠵᠦᠢᠯ ᠤᠨ ᠴᠢᠬᠤᠯᠠ ᠤᠯᠤᠰ ᠲᠦᠷᠦ ᠶᠢᠨ ᠡᠭᠦᠷᠭᠡ ᠪᠣᠯᠤᠨ᠎ᠠ᠂ ᠡᠯ᠎ᠡ ᠰᠠᠯᠠᠭ᠎ᠠ ᠮᠥᠴᠢᠷ ᠪᠣᠯᠤᠨ ᠡᠯ᠎ᠡ ᠲᠣᠰᠬᠤᠨ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠲᠥᠪᠯᠡᠷᠡᠭᠦᠯᠦᠨ ᠴᠡᠭᠴᠡᠯᠡᠨ ᠵᠠᠰᠠᠬᠤ ᠲᠤᠰᠬᠠᠢ ᠠᠵᠢᠯᠯᠠᠭ᠎ᠠ ᠥᠷᠨᠢᠭᠦᠯᠬᠦ ᠶᠢᠨ ᠴᠢᠬᠤᠯᠠ ᠠᠴᠢ ᠬᠤᠯᠪᠣᠭᠳᠠᠯ ᠢ ᠭᠦᠢᠴᠡᠳ ᠣᠶᠢᠯᠠᠭᠠᠬᠤ ᠬᠡᠷᠡᠭᠲᠡᠢ᠃ ᠨᠠᠷᠢᠨ ᠨᠢᠮᠪᠠᠶ ᠲᠣᠬᠢᠷᠠᠭᠤᠯᠤᠨ ᠪᠠᠶᠢᠷᠢᠯᠠᠭᠤᠯᠵᠤ᠂ ᠡᠬᠡ ᠲᠠᠩᠰᠠ ᠪᠠᠶᠢᠭᠤᠯᠬᠤ᠂ ᠵᠠᠳᠠᠯᠤᠨ ᠰᠤᠳᠤᠯᠵᠤ ᠮᠠᠭᠠᠳᠯᠠᠬᠤ᠂ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ᠂ ᠪᠠᠶᠢᠴᠠᠭᠠᠵᠤ ᠰᠢᠯᠭᠠᠨ ᠠᠪᠬᠤ᠂ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠵᠡᠷᠭᠡ ᠭᠤᠭᠴᠤᠭ᠎ᠠ ᠶᠢ ᠪᠥᠬᠦ ᠶᠠᠪᠤᠴᠠ ᠳᠤ ᠰᠠᠶᠢᠲᠤᠷ ᠡᠵᠡᠮᠳᠡᠵᠦ᠂ ᠲᠥᠪᠯᠡᠷᠡᠭᠦᠯᠦᠨ ᠴᠡᠭᠴᠡᠯᠡᠨ ᠵᠠᠰᠠᠬᠤ ᠲᠤᠰᠬᠠᠶ ᠠᠵᠢᠯᠯᠠᠭ᠎ᠠ ᠶᠢᠨ ᠪᠣᠳᠠᠲᠤ ᠦᠷ᠎ᠡ ᠪᠦᠲᠦᠮᠵᠢ ᠤᠯᠬᠤ ᠶᠢ ᠦᠨᠡᠨ ᠬᠦ ᠠᠬᠢᠭᠤᠯᠬᠤ ᠬᠡᠷᠡᠭᠲᠡᠶ᠃    ᠬᠤᠷᠠᠯ ᠠᠴᠠ᠂ ᠨᠢᠭᠡᠳᠦᠯᠲᠡᠢ ᠲᠥᠯᠥᠪᠵᠢᠭᠦᠯᠦᠨ ᠵᠣᠬᠢᠴᠠᠭᠤᠯᠬᠤ ᠪᠠᠨ ᠴᠢᠩᠭᠠᠳᠬᠠᠵᠤ᠂ ᠲᠥᠪᠯᠡᠷᠡᠭᠦᠯᠦᠨ ᠴᠡᠭᠴᠡᠯᠡᠨ ᠵᠠᠰᠠᠬᠤ ᠲᠤᠰᠬᠠᠢ ᠠᠵᠢᠯᠯᠠᠭ᠎ᠠ ᠶᠢᠨ ᠬᠡᠷᠡᠭᠵᠢᠭᠦᠯᠬᠦ ᠬᠦᠴᠦᠨ ᠢ ᠦᠨᠡᠨᠬᠦ ᠳᠡᠭᠡᠭᠰᠢᠯᠡᠭᠦᠯᠬᠦ ᠬᠡᠷᠡᠭᠲᠡᠢ᠃ ᠡᠯ᠎ᠡ ᠬᠡᠰᠡᠭ ᠤᠨ ᠳᠠᠷᠤᠭ᠎ᠠ ᠪᠣᠯᠤᠨ ᠬᠤᠪᠢᠳᠠᠨ ᠬᠠᠮᠢᠶᠠᠷᠴᠤ ᠪᠠᠶᠢᠭ᠎ᠠ ᠤᠳᠤᠷᠢᠳᠤᠯᠭ᠎ᠠ ᠡᠮᠦᠨ᠎ᠡ ᠨᠢ ᠵᠢᠯᠣᠭᠤᠳᠴᠤ᠂ ᠮᠥᠷᠳᠡᠨ ᠱᠠᠯᠠᠪᠳᠠᠭᠤᠯᠤᠨ ᠰᠢᠢᠳᠪᠦᠷᠢᠯᠡᠭᠦᠯᠬᠦ ᠬᠡᠷᠡᠭᠲᠡᠢ᠃ ᠡᠭᠦᠨ ᠤ ᠬᠠᠮᠲᠤ ᠬᠠᠮᠵᠢᠯᠴᠠᠨ ᠬᠠᠮᠲᠤᠷᠠᠯᠴᠠᠬᠤ ᠶᠢ ᠴᠢᠩᠭᠠᠳᠬᠠᠵᠤ᠂ ᠲᠤᠰ ᠲᠤᠰ ᠤᠨ ᠡᠭᠦᠷᠭᠡ ᠲᠤᠰᠢᠶᠠᠯ ᠢᠶᠠᠨ ᠭᠦᠢᠴᠡᠳᠬᠡᠵᠦ᠂ ᠨᠢᠭᠲᠠ ᠬᠠᠮᠵᠢᠯᠴᠠᠵᠤ᠂ ᠲᠤᠰ ᠲᠤᠰ ᠤᠨ ᠡᠭᠦᠷᠭᠡ ᠬᠠᠷᠢᠭᠤᠴᠠᠯᠭ᠎ᠠ ᠪᠠᠨ ᠰᠠᠶᠢᠲᠤᠷ ᠡᠭᠦᠷᠭᠡᠯᠡᠵᠦ᠂ ᠠᠵᠢᠯ ᠤᠨ ᠬᠠᠮᠲᠤᠷᠠᠯ ᠤᠨ ᠬᠦᠴᠦᠨ ᠢ ᠪᠦᠷᠢᠯᠳᠦᠭᠦᠯᠵᠦ᠂ ᠲᠤᠰᠬᠠᠢ ᠴᠡᠭᠴᠡᠯᠡᠨ ᠵᠠᠰᠠᠬᠤ ᠠᠵᠢᠯ ᠢ ᠪᠣᠳᠠᠲᠠᠢ ᠳᠤ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠭᠠᠷᠭᠠᠬᠤ ᠶᠢ ᠪᠠᠲᠤᠯᠠᠬᠤ ᠬᠡᠷᠡᠭᠲᠡᠢ᠃ᠣᠷᠴᠢᠭᠤᠯᠣᠭᠴᠢ᠄  ᠬᠠᠨᠠᠭᠠᠷᠬᠢᠨᠠᠭᠴᠢ᠄  ᠬᠠᠨᠠᠭᠠᠷ
 
ᠢᠷᠡᠯᠲᠡ᠄ ᠱᠠᠩᠳᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004288号-2