ᠴᠢ ᠲᠠᠢ ᠪᠠᠯᠭᠠᠰᠤ ᠭᠤᠤᠯ ᠤᠨ ᠵᠠᠮ ᠤᠨ ᠣᠷᠴᠢᠨ ᠲᠣᠭᠤᠷᠢᠨ ᠤ ᠵᠠᠰᠠᠯᠲᠠ ᠶᠢᠨ ᠠᠵᠢᠯ ᠢ ᠵᠣᠬᠢᠶᠠᠨ ᠪᠠᠶᠢᠭᠤᠯᠵᠤ ᠥᠷᠨᠢᠭᠦᠯᠪᠡ
ᠨᠡᠶᠢᠲᠡᠯᠡᠭᠰᠡᠨ ᠴᠠᠭ᠄
2024/7/31
   ᠭᠤᠣᠯ ᠤᠨ ᠵᠠᠮ ᠤᠨ ᠣᠷᠴᠢᠨ ᠲᠣᠭᠤᠷᠢᠨ ᠢ ᠪᠠᠶᠢᠩᠭᠤᠵᠢᠭᠤᠯᠤᠨ ᠵᠠᠰᠠᠬᠤ ᠶᠢ ᠤᠯᠠᠮ ᠨᠢᠭᠡ ᠠᠯᠬᠤᠮ ᠴᠢᠩᠭᠠᠳᠬᠠᠵᠤ᠂ ᠭᠤᠤᠯ ᠮᠥᠷᠡᠨ ᠤ ᠤᠰᠤᠨ ᠤ ᠠᠮᠢ ᠠᠬᠤᠶ ᠶᠢᠨ ᠣᠷᠴᠢᠨ ᠲᠣᠭᠤᠷᠢᠨ ᠤ ᠶᠠᠰᠤ ᠴᠢᠨᠠᠷ ᠢ ᠳᠡᠭᠡᠭᠰᠢᠯᠡᠭᠦᠯᠬᠦ ᠶᠢᠨ ᠲᠥᠯᠥᠭᠡ᠂ ᠣᠶᠢᠷ᠎ᠠ ᠳᠤ᠂ ᠴᠢ ᠲᠠᠢ ᠪᠠᠯᠭᠠᠰᠤ ᠬᠠᠷᠢᠶᠠᠲᠤ ᠣᠷᠣᠨ ᠤ ᠲᠢᠶᠠᠨ ᠵᠢᠶᠠ ᠲᠣᠰᠬᠤᠨ ᠂ ᠴᠢᠶᠣᠤ ᠵᠢᠶᠠ ᠲᠣᠰᠬᠤᠨ ᠤ ᠭᠤᠤᠯ ᠤᠨ ᠵᠠᠮ ᠳᠤ ᠭᠤᠤᠯ ᠤᠨ ᠵᠠᠮ ᠤᠨ ᠣᠷᠴᠢᠨ ᠲᠣᠭᠤᠷᠢᠨ ᠢ ᠵᠠᠰᠠᠬᠤ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠵᠦ᠂ ᠴᠡᠪᠡᠷ ᠲᠡᠭᠰᠢ ᠭᠤᠶᠣ ᠰᠠᠶᠢᠬᠠᠨ ᠭᠤᠤᠯ ᠤᠨ ᠵᠠᠮ ᠤᠨ ᠠᠮᠢ ᠠᠬᠤᠶ ᠶᠢᠨ ᠣᠷᠴᠢᠨ ᠲᠣᠭᠤᠷᠢᠨ ᠢ ᠪᠥᠬᠦ ᠲᠠᠯ᠎ᠠ ᠪᠠᠷ ᠪᠣᠶ ᠪᠣᠯᠭᠠᠵᠤ᠂ ᠬᠥᠳᠡᠭᠡ ᠲᠣᠰᠬᠤᠨ ᠤ ᠣᠷᠣᠰᠢᠨ ᠰᠠᠭᠤᠬᠤ ᠣᠷᠴᠢᠨ ᠲᠣᠭᠤᠷᠢᠨ ᠢ ᠬᠦᠴᠦᠯᠡᠨ ᠳᠡᠭᠡᠭᠰᠢᠯᠡᠭᠦᠯᠵᠦ᠂ ᠦᠵᠡᠰᠬᠦᠯᠡᠩᠲᠦ ᠰᠠᠶᠢᠬᠠᠨ ᠣᠷᠣᠰᠢᠨ ᠰᠠᠭᠤᠬᠤ ᠳᠤ ᠲᠣᠬᠢᠷᠠᠮᠵᠢᠲᠠᠶ ᠬᠥᠳᠡᠭᠡ ᠲᠣᠰᠬᠤᠨ ᠢ ᠪᠥᠲᠥᠭᠡᠨ ᠪᠠᠶᠢᠭᠤᠯᠪᠠ᠃    ᠠᠰᠠᠭᠤᠳᠠᠯ ᠤᠨ ᠭᠤᠤᠯ ᠤᠨ ᠵᠠᠮ ᠢ ᠴᠢᠩᠭ᠎ᠠ ᠠᠩᠬᠠᠷᠴᠤ᠂ ᠴᠡᠭᠴᠡᠯᠡᠨ ᠵᠠᠰᠠᠬᠤ ᠶᠢ ᠭᠦᠨᠵᠡᠭᠡᠶ ᠠᠬᠢᠭᠤᠯᠤᠨ᠎ᠠ᠃ ᠲᠣᠰ ᠤᠳᠠᠭᠠᠨ ᠤ ᠭᠤᠤᠯ ᠤᠨ ᠵᠠᠮ ᠢ ᠴᠡᠪᠡᠷᠯᠡᠬᠦ ᠳᠤ ᠮᠠᠰᠢᠨ ᠪᠠ ᠬᠥᠮᠦᠨ ᠤ ᠬᠦᠴᠦ ᠪᠠᠷ ᠴᠡᠪᠡᠷᠯᠡᠬᠦ ᠶᠢ ᠬᠠᠷᠢᠯᠴᠠᠨ ᠤᠶᠠᠯᠳᠤᠭᠤᠯᠬᠤ ᠠᠷᠭ᠎ᠠ ᠮᠠᠶ᠋ᠢᠭ ᠢ ᠠᠪᠴᠤ᠂ ᠨᠢᠭᠡ ᠲᠠᠯ᠎ᠠ ᠪᠠᠷ ᠲᠣᠮᠣ ᠬᠡᠯᠪᠡᠷᠢ ᠶᠢᠨ ᠮᠠᠯᠲᠠᠭᠤᠷ ᠮᠠᠰᠢᠨ ᠢ ᠠᠰᠢᠭᠯᠠᠨ ᠲᠢᠶᠠᠨ ᠵᠢᠶᠠ ᠲᠣᠰᠬᠤᠨ᠂ ᠴᠢᠶᠣᠤ ᠵᠢᠶᠠ ᠲᠣᠰᠬᠤᠨ ᠤ ᠭᠤᠤᠯ ᠤᠨ ᠵᠠᠮ ᠳᠣᠲᠣᠷᠠᠬᠢ ᠬᠤᠪᠠᠭ᠋ᠠᠶ ᠰᠠᠯᠠᠭ᠎ᠠ ᠪᠠᠷ ᠪᠤᠵᠠᠷ ᠡᠪᠡᠰᠦ᠂ ᠠᠮᠢᠳᠤᠷᠠᠯ ᠤᠨ ᠬᠤᠭ ᠨᠣᠪᠰᠢ᠂ ᠪᠠᠷᠢᠯᠭ᠎ᠠ ᠶᠢᠨ ᠬᠤᠭ ᠨᠣᠪᠰᠢ ᠵᠡᠷᠭᠡ ᠶᠢ ᠴᠡᠪᠡᠷᠯᠡᠵᠦ᠂ ᠨᠥᠭᠦᠭᠡ ᠲᠠᠯ᠎ᠠ ᠪᠠᠷ ᠲᠣᠰᠬᠤᠨ ᠤ ︽ᠬᠤᠶᠠᠷ ᠵᠥᠪᠯᠡᠯ︾ ᠤᠨ ᠪᠦᠷᠢᠯᠳᠦᠬᠦᠨ᠂ ᠨᠡᠶᠢᠲᠡ ᠶᠢᠨ ᠠᠰᠠᠷᠠᠮᠵᠢ ᠶᠢᠨ ᠠᠵᠢᠯ ᠤᠨ ᠪᠠᠶᠢᠷᠢ ᠶᠢᠨ ᠬᠥᠮᠦᠰ ᠵᠢᠴᠢ ᠲᠣᠰᠬᠤᠨ ᠤ ᠠᠷᠠᠳ ᠤᠨ ᠰᠠᠶᠢᠨ ᠳᠤᠷ᠎ᠠ ᠶᠢᠨ ᠦᠢᠯᠡᠴᠢᠯᠡᠭᠴᠢᠳ ᠢ ᠵᠣᠬᠢᠶᠠᠨ ᠪᠠᠶᠢᠭᠤᠯᠵᠤ ᠬᠥᠮᠦᠨ ᠤ ᠬᠦᠴᠦ ᠪᠠᠷ ᠲᠡᠭᠦᠬᠦ ᠠᠷᠭ᠎ᠠ ᠮᠠᠶ᠋ᠢᠭ ᠢᠶᠠᠷ ᠳᠠᠮᠵᠢᠭᠤᠯᠤᠨ ᠭᠤᠤᠯ ᠤᠨ ᠵᠠᠮ ᠤᠨ ᠳᠣᠲᠣᠷᠠᠬᠢ ᠦᠯᠡᠳᠡᠭᠳᠡᠯ ᠬᠤᠭ ᠨᠣᠪᠰᠢ ᠶᠢ ᠱᠦᠭᠦᠵᠦ ᠴᠡᠪᠡᠷᠯᠡᠨ ᠲᠡᠭᠡᠭᠡᠪᠦᠷᠢᠯᠡᠨ᠎ᠡ᠃ ᠣᠲᠣ ᠪᠣᠯᠲᠠᠯ᠎ᠠ᠂ ᠮᠠᠰᠢᠨ ᠲᠥᠬᠦᠭᠡᠷᠦᠮᠵᠢ ᠶᠢ ᠨᠡᠶᠢᠲᠡ 3 ᠤᠳᠠᠭ᠎ᠠ ᠨᠡᠶᠢᠲᠡᠯᠡᠵᠦ᠂ ᠨᠢᠭᠡᠨᠲᠡ 10 ᠭᠠᠷᠤᠶ ᠬᠥᠮᠦᠨ ᠤᠳᠠᠭ᠎ᠠ ᠬᠥᠳᠡᠯᠭᠡᠵᠦ᠂ ᠨᠡᠶᠢᠲᠡ 30 ᠭᠠᠷᠤᠶ ᠲᠣᠨ ᠬᠤᠭ ᠨᠣᠪᠰᠢ ᠶᠢ ᠴᠡᠪᠡᠷᠯᠡᠪᠡ᠃    ᠬᠡᠪ ᠤᠨ ᠪᠠᠢᠳᠠᠯ ᠳᠤ ᠬᠢᠨᠠᠯᠲᠠ ᠲᠠᠯᠪᠢᠨ ᠲᠣᠭᠤᠷᠢᠨ ᠪᠠᠢᠴᠠᠭᠠᠵᠤ ᠣᠷᠴᠢᠨ ᠲᠣᠭᠤᠷᠢᠨ ᠤ ᠬᠠᠮᠠᠭᠠᠯᠠᠯᠲᠠ ᠶᠢᠨ ᠰᠡᠷᠭᠡᠢᠯᠡᠯᠲᠡ ᠶᠢᠨ ᠱᠤᠭᠤᠮ ᠢ ᠪᠠᠲᠤ ᠪᠠᠢᠭᠤᠯᠤᠶ᠎ᠠ᠃ ᠭᠤᠣᠯ ᠮᠥᠷᠡᠨ ᠤ ᠳᠠᠷᠤᠭ᠎ᠠ ᠶᠢᠨ ᠳᠦᠷᠢᠮ ᠤᠨ ᠵᠠᠰᠠᠯᠲᠠ ᠶᠢᠨ ᠦᠢᠯᠡᠳᠦᠯ ᠴᠢᠳᠠᠪᠤᠷᠢ ᠶᠢ ᠭᠦᠢᠴᠡᠳ ᠪᠠᠳᠠᠷᠠᠭᠤᠯᠵᠤ᠂ ᠪᠠᠯᠭᠠᠰᠤ᠂ ᠲᠣᠰᠬᠤᠨ ᠤ ᠭᠤᠣᠯ ᠮᠥᠷᠡᠨ ᠤ ᠳᠠᠷᠤᠭ᠎ᠠ ᠶᠢᠨ ᠳᠦᠷᠢᠮ ᠤᠨ ᠡᠭᠦᠷᠭᠡ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠡᠯ᠎ᠡ ᠲᠣᠰᠬᠤᠨ ᠤ ᠴᠡᠪᠡᠷᠯᠡᠭᠴᠢ᠂ ᠨᠡᠶᠢᠲᠡ ᠶᠢᠨ ᠠᠰᠠᠷᠠᠮᠵᠢ ᠶᠢᠨ ᠠᠵᠢᠯ ᠤᠨ ᠪᠠᠶᠢᠷᠢ᠂ ᠰᠠᠶᠢᠨ ᠳᠤᠷ᠎ᠠ ᠶᠢᠨ ᠦᠢᠯᠡᠴᠢᠯᠡᠭᠴᠢ ᠠᠴᠠ ᠭᠤᠣᠯ ᠮᠥᠷᠡᠨ ᠤ ᠬᠠᠮᠢᠶᠠᠷᠤᠯᠲᠠ ᠬᠠᠮᠠᠭᠠᠯᠠᠯᠲᠠ ᠶᠢᠨ ᠡᠩᠨᠡᠭᠡ ᠶᠢ ᠪᠦᠷᠢᠯᠳᠦᠭᠦᠯᠵᠦ᠂ ᠪᠠᠯᠭᠠᠰᠤᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠠᠤᠯᠢ ᠬᠡᠷᠡᠭᠵᠢᠭᠦᠯᠬᠦ ᠠᠩᠭᠢ ᠲᠠᠢ ᠲᠣᠭᠲᠠᠭᠰᠠᠨ ᠦᠭᠡᠢ ᠬᠠᠮᠲᠤᠷᠠᠨ ᠲᠣᠭᠤᠷᠢᠨ ᠪᠠᠶᠢᠴᠠᠭᠠᠵᠤ᠂ ᠵᠢᠭᠰᠠᠭᠠᠨ ᠪᠠᠶᠢᠴᠠᠭᠠᠬᠤ ᠪᠠ ᠴᠡᠭᠴᠡᠯᠡᠨ ᠵᠠᠰᠠᠬᠤ ᠶᠢ ᠵᠡᠷᠭᠡᠪᠡᠷ ᠶᠠᠪᠤᠭᠳᠠᠭᠤᠯᠵᠤ᠂ ᠭᠤᠣᠯ ᠤᠨ ᠵᠠᠮ ᠤᠨ ᠡᠳᠦᠷ ᠲᠤᠳᠤᠮ ᠤᠨ ᠬᠠᠮᠠᠭᠠᠯᠠᠯᠲᠠ ᠬᠠᠮᠢᠶᠠᠷᠤᠯᠲᠠ ᠪᠣᠯᠤᠨ ᠬᠢᠨᠠᠯᠲᠠ ᠪᠠᠶᠢᠴᠠᠭᠠᠯᠲᠠ ᠶᠢ ᠴᠢᠩᠭᠠᠳᠬᠠᠵᠤ᠂ ᠭᠤᠣᠯ ᠤᠨ ᠵᠠᠮ ᠢ ᠴᠡᠪᠡᠷᠯᠡᠨ ᠴᠡᠭᠴᠡᠯᠡᠬᠦ ᠠᠵᠢᠯ ᠢ ᠯᠠᠪᠳᠠᠭᠤᠨ ᠪᠠᠲᠤᠲᠠᠢ ᠥᠷᠨᠢᠭᠦᠯᠪᠡ᠃    ᠤᠬᠠᠭᠤᠯᠭ᠎ᠠ ᠶᠢᠨ ᠡᠷᠴᠢᠮ ᠢᠶᠠᠨ ᠴᠢᠩᠭᠠᠷᠠᠭᠤᠯᠵᠤ᠂ ᠪᠣᠯᠪᠠᠰᠤᠨ ᠠᠭᠤᠷ ᠠᠮᠢᠰᠬᠤᠯ ᠢ ᠪᠤᠢ ᠪᠣᠯᠭᠠᠨ᠎ᠠ᠃ ᠭᠤᠣᠯ ᠤᠨ ᠵᠠᠮ ᠢ ᠬᠠᠮᠠᠭᠠᠯᠠᠬᠤ ᠤᠬᠠᠭᠤᠯᠭ᠎ᠠ ᠶᠢ ᠴᠢᠩᠭᠠᠳᠬᠠᠵᠤ᠂ ᠷᠠᠳᠢᠣ᠋ ᠨᠡᠪᠲᠡᠷᠡᠭᠦᠯᠭᠡ᠂ ᠸᠢᠴᠠᠲ ᠤᠨ ᠪᠦᠯᠦᠭ᠂ ᠬᠥᠨᠳᠡᠯᠡᠨ ᠪᠢᠴᠢᠭᠡᠰᠦ ᠵᠡᠷᠭᠡ ᠤᠯᠠᠨ ᠵᠦᠢᠯ ᠤᠨ ᠠᠷᠭ᠎ᠠ ᠵᠠᠮ ᠢ ᠭᠦᠢᠴᠡᠳ ᠠᠰᠢᠭᠯᠠᠵᠤ᠂ ᠤᠯᠠᠨ ᠲᠦᠮᠡᠨ ᠢ ᠬᠦᠳᠦᠯᠦᠨ ᠵᠢᠯᠣᠭᠤᠳᠴᠤ ᠪᠠᠶᠢᠭᠠᠳ ᠬᠠᠮᠲᠤ ᠪᠠᠷ ᠬᠢᠨᠠᠯᠲᠠ ᠲᠠᠯᠪᠢᠵᠤ ᠬᠠᠮᠲᠤ ᠪᠠᠷ ᠵᠠᠰᠠᠵᠤ᠂ ᠮᠠᠭᠤ ᠠᠵᠢᠯᠯᠠᠭ᠎ᠠ ᠶᠢ ᠱᠠᠯᠠᠪᠳᠠᠭᠤᠯᠤᠨ ᠴᠡᠭᠴᠡᠯᠡᠨ ᠵᠠᠰᠠᠵᠤ᠂ ᠰᠠᠶᠢᠨ ᠰᠠᠶᠢᠬᠠᠨ ᠠᠮᠢᠳᠤᠷᠠᠯ ᠤᠨ ᠣᠷᠴᠢᠨ ᠲᠣᠭᠤᠷᠢᠨ ᠤ ᠰᠠᠶᠢᠨ ᠰᠠᠶᠢᠬᠠᠨ ᠠᠭᠤᠷ ᠠᠮᠢᠰᠬᠤᠯ ᠢ ᠬᠠᠮᠲᠤᠪᠠᠷ ᠪᠤᠢ ᠪᠣᠯᠭᠠᠬᠤ ᠬᠡᠷᠡᠭᠲᠡᠢ᠃    ᠳᠠᠷᠠᠭᠠᠴᠢ ᠶᠢᠨ ᠠᠯᠬᠤᠮ ᠳᠤ᠂ ᠴᠢ ᠲᠠᠢ ᠪᠠᠯᠭᠠᠰᠤ ᠭᠤᠣᠯ ᠤᠨ ᠵᠠᠮ ᠤᠨ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠢ ᠴᠡᠭᠴᠡᠯᠡᠨ ᠵᠠᠰᠠᠬᠤ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠣᠷᠴᠢᠨ ᠲᠣᠭᠤᠷᠢᠨ ᠤ ᠬᠠᠮᠠᠭᠠᠯᠠᠯᠲᠠ ᠶᠢᠨ ᠰᠢᠨ᠎ᠡ ᠮᠡᠷᠭᠡᠵᠢᠯ᠂ ᠰᠢᠨ᠎ᠡ ᠠᠷᠭ᠎ᠠ ᠶᠢ ᠢᠳᠡᠪᠬᠢᠲᠡᠢ ᠰᠦᠪᠡᠭᠴᠢᠯᠡᠨ ᠰᠢᠨ᠎ᠡ ᠶᠢ ᠡᠭᠦᠳᠴᠦ᠂ ᠭᠤᠣᠯ ᠤᠨ ᠵᠠᠮ ᠤᠨ ᠠᠮᠢ ᠠᠬᠤᠢ ᠶᠢᠨ ᠣᠷᠴᠢᠨ ᠲᠣᠭᠤᠷᠢᠨ ᠢ ᠪᠦᠬᠦ ᠲᠠᠯ᠎ᠠ ᠪᠠᠷ ᠬᠠᠮᠠᠭᠠᠯᠠᠵᠤ᠂ ᠪᠣᠳᠠᠲᠤ ᠠᠵᠢᠯᠯᠠᠭ᠎ᠠ ᠪᠠᠷ ᠢᠶᠠᠨ ᠤᠰᠤ ᠨᠢ ᠲᠤᠩᠭᠠᠯᠠᠭ ᠡᠷᠭᠢ ᠨᠢ ᠨᠣᠭᠤᠭᠠᠨ ᠭᠤᠣᠯ ᠤᠨ ᠵᠠᠮ ᠤᠨ ᠵᠢᠷᠤᠭ ᠢ ᠬᠠᠮᠠᠭᠠᠯᠠᠨ᠎ᠠ᠃ᠣᠷᠴᠢᠭᠤᠯᠣᠭᠴᠢ᠄  ᠬᠠᠨᠠᠭᠠᠷᠬᠢᠨᠠᠭᠴᠢ᠄  ᠬᠠᠨᠠᠭᠠᠷ
 
ᠢᠷᠡᠯᠲᠡ᠄ ᠱᠠᠩᠳᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004288号-2