ᠭᠤᠤ ᠶᠦᠩ ᠪᠢᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠬᠤ ᠠᠵᠢᠯ ᠢ ᠪᠠᠶᠢᠴᠠᠭᠠᠨ ᠰᠤᠳᠤᠯᠬᠤ ᠶᠢᠨ ᠬᠠᠮᠲᠤ ᠠᠶᠤᠯᠭᠦᠢ ᠦᠢᠯᠡᠳᠪᠦᠷᠢᠯᠡᠯ ᠤᠨ ᠠᠵᠢᠯ ᠢ ᠬᠢᠨᠠᠨ ᠵᠢᠯᠣᠭᠤᠳᠴᠤ ᠪᠠᠶᠢᠴᠠᠭᠠᠪᠠ
ᠨᠡᠶᠢᠲᠡᠯᠡᠭᠰᠡᠨ ᠴᠠᠭ᠄
2024/7/31
  7 ᠰᠠᠷ᠎ᠠ ᠶᠢᠨ 25 ᠤ ᠡᠳᠦᠷ᠂ ᠤᠯᠠᠭᠠᠨᠴᠠᠪ ᠬᠤᠲᠠ ᠶᠢᠨ ᠳᠡᠳ᠋ ᠳᠠᠷᠤᠭ᠎ᠠ ᠶᠢᠨ ᠨᠡᠷ᠎ᠡ ᠳᠤᠷᠠᠳᠤᠭᠳᠠᠭᠰᠠᠨ ᠵᠢᠱᠢᠭᠳᠡᠭᠴᠢ᠂ ᠰᠢᠶᠠᠨ ᠤ ᠨᠠᠮ ᠤᠨ ᠬᠤᠷᠢᠶᠠᠨ ᠤ ᠱᠦᠵᠢ ᠭᠤᠤ ᠶᠦᠩ ᠪᠢᠨ ᠤᠷᠢᠳ ᠬᠤᠵᠢᠳ ᠬᠤᠶᠠᠳᠤᠭᠠᠷ ᠳᠤᠮᠳᠠᠳᠤ ᠰᠤᠷᠭᠠᠭᠤᠯᠢ᠂ ᠰᠢᠨᠵᠢᠯᠡᠬᠦ ᠤᠬᠠᠭᠠᠨ ᠮᠡᠷᠭᠡᠵᠢᠯ ᠤᠨ ᠣᠷᠳᠣᠨ᠂ ᠾᠷᠢᠰᠲ᠋ᠣᠰ ᠤᠨ ᠱᠠᠰᠢᠨ ᠤ ᠳᠤᠭᠠᠩ᠂ ᠦᠨᠳᠦᠰᠦᠲᠡᠨ ᠤ ᠪᠦᠯᠬᠦᠮᠳᠡᠯ ᠤᠨ ᠠᠭᠤᠳᠠᠮ ᠲᠠᠯᠠᠪᠠᠢ᠂ ᠾᠦᠢ ᠳ᠋ᠦ᠋ ᠰᠧ ᠰᠦᠮ᠎ᠡ ᠳᠤ ᠭᠦᠨᠵᠡᠭᠡᠶᠢᠷᠡᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠠᠵᠢᠯ ᠢ ᠪᠠᠶᠢᠴᠠᠭᠠᠨ ᠰᠤᠳᠤᠯᠬᠤ ᠶᠢᠨ ᠬᠠᠮᠲᠤ ᠠᠶᠤᠯᠭᠦᠢ ᠦᠢᠯᠡᠳᠪᠦᠷᠢᠯᠡᠯ ᠤᠨ ᠠᠵᠢᠯ ᠢ ᠬᠢᠨᠠᠨ ᠵᠢᠯᠣᠭᠤᠳᠴᠤ ᠪᠠᠶᠢᠴᠠᠭᠠᠪᠠ᠃ ᠰᠢᠶᠠᠨ ᠤ ᠤᠳᠤᠷᠢᠳᠤᠯᠭ᠎ᠠ ᠴᠧᠨ ᠶᠠ ᠮᠢᠩ᠂ ᠼᠦᠢ ᡁᠢ ᠸᠧᠢ ᠵᠢᠴᠢ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃    ᠭᠤᠤ ᠶᠦᠩ ᠪᠢᠨ᠂ ᠡᠯ᠎ᠡ ᠳᠤᠮᠳᠠᠳᠤ ᠪᠠᠭ᠎ᠠ ᠰᠤᠷᠭᠠᠭᠤᠯᠢ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠶᠢ ᠶᠣᠰᠣ ᠰᠤᠷᠲᠠᠬᠤᠨ ᠢᠶᠠᠷ ᠬᠥᠮᠦᠨ ᠢ ᠬᠥᠮᠦᠵᠢᠭᠦᠯᠬᠦ ᠦᠨᠳᠦᠰᠦᠨ ᠡᠭᠦᠷᠭᠡ ᠶᠢ ᠨᠠᠶᠢᠳᠠᠪᠤᠷᠢᠵᠢᠭᠤᠯᠬᠤ ᠴᠢᠬᠤᠯᠠ ᠠᠭᠤᠯᠭ᠎ᠠ ᠪᠣᠯᠭᠠᠨ ᠠᠳᠬᠤᠵᠤ᠂ ᠦᠵᠡᠯ ᠰᠠᠨᠠᠭ᠎ᠠ ᠤᠯᠤᠰ ᠲᠦᠷᠦ ᠶᠢᠨ ᠰᠤᠷᠭᠠᠨ ᠬᠥᠮᠦᠵᠢᠯ᠂ ᠰᠤᠷᠭᠠᠭᠤᠯᠢ ᠶᠢᠨ ᠬᠦᠷᠢᠶᠡᠨ ᠤ ᠰᠣᠶᠣᠯ ᠪᠠ ᠨᠡᠶᠢᠭᠡᠮ ᠤᠨ ᠦᠢᠯᠡᠳᠦᠯᠭᠡ ᠵᠡᠷᠭᠡ ᠠᠵᠢᠯ ᠲᠠᠢ ᠤᠶᠠᠯᠳᠤᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠶᠢ ᠰᠤᠷᠭᠠᠭᠤᠯᠢ ᠡᠷᠬᠢᠯᠡᠬᠦ ᠰᠤᠷᠭᠠᠭᠤᠯᠢ ᠶᠢ ᠵᠠᠰᠠᠬᠤ᠂ ᠪᠢᠴᠢᠭ ᠵᠢᠭᠠᠵᠤ ᠬᠥᠮᠦᠨ ᠢ ᠬᠥᠮᠦᠵᠢᠭᠦᠯᠬᠦ ᠪᠦᠬᠦ ᠶᠠᠪᠤᠴᠠ ᠳᠤ ᠠᠭᠤᠰᠤᠯᠴᠠᠭᠤᠯᠵᠤ᠂ ᠪᠠᠭᠰᠢ ᠰᠤᠷᠤᠭᠴᠢᠳ ᠤᠨ ᠰᠡᠳᠬᠢᠯ ᠳᠤ ᠦᠨᠳᠦᠰᠦᠯᠡᠭᠦᠯᠬᠦ ᠬᠡᠷᠡᠭᠲᠡᠢ᠃ ᠰᠢᠨᠵᠢᠯᠡᠬᠦ ᠤᠬᠠᠭᠠᠨ ᠮᠡᠷᠭᠡᠵᠢᠯ ᠤᠨ ᠰᠠᠯᠠᠭ᠎ᠠ ᠮᠥᠴᠢᠷ ᠤᠨ ᠬᠢᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠬᠤ ᠭᠤᠣᠯ ᠰᠢᠵᠢᠮ ᠤᠨ ᠲᠣᠭᠤᠷᠢᠨ ᠳᠤ᠂ ᠰᠢᠨᠵᠢᠯᠡᠬᠦ ᠤᠬᠠᠭᠠᠨ ᠮᠡᠷᠭᠡᠵᠢᠯ ᠢᠶᠠᠷ ᠬᠦᠳᠦᠯᠦᠨ ᠳᠠᠭᠠᠭᠤᠯᠬᠤ ᠶᠢ ᠲᠤᠪᠤᠶᠢᠯᠭᠠᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠤᠶᠤᠨ ᠰᠠᠨᠠᠭᠠᠨ ᠤ ᠭᠡᠷ ᠣᠷᠣᠨ ᠢ ᠪᠠᠶᠢᠭᠤᠯᠵᠤ᠂ ᠵᠠᠯᠠᠭᠤᠴᠤᠳ ᠪᠠᠭᠠᠴᠤᠳ ᠢ ᠬᠦᠳᠦᠯᠦᠨ ᠵᠢᠯᠣᠭᠤᠳᠴᠤ ᠪᠠᠶᠢᠭᠠᠳ ᠰᠢᠨᠵᠢᠯᠡᠬᠦ ᠤᠬᠠᠭᠠᠨ ᠢ ᠬᠠᠶᠢᠷᠠᠯᠠᠵᠤ᠂ ᠰᠢᠨᠵᠢᠯᠡᠬᠦ ᠤᠬᠠᠭᠠᠨ ᠢ ᠡᠷᠬᠢᠮᠯᠡᠬᠦ ᠪᠣᠯᠭᠠᠬᠤ ᠬᠡᠷᠡᠭᠲᠡᠢ᠃ ᠦᠨᠳᠦᠰᠦᠲᠡᠨ ᠤ ᠠᠵᠢᠯ ᠤᠨ ᠰᠠᠯᠠᠭ᠎ᠠ ᠮᠥᠴᠢᠷ ᠤᠳ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ︽ᠨᠠᠢᠮᠠ ᠶᠢ ᠣᠷᠣᠭᠤᠯᠬᠤ︾ ᠠᠵᠢᠯᠯᠠᠭ᠎ᠠ ᠳᠤ ᠲᠦᠰᠢᠭᠯᠡᠨ᠂ ᠤᠬᠠᠭᠤᠯᠭ᠎ᠠ ᠬᠥᠮᠦᠵᠢᠯ ᠢ ᠴᠢᠩᠭᠠᠳᠬᠠᠵᠤ᠂ ᠥᠷᠭᠡᠨ ᠣᠯᠠᠨ ᠲᠦᠮᠡᠨ ᠢ ᠬᠥᠲᠥᠯᠥᠨ ᠵᠢᠯᠣᠭᠤᠳᠴᠤ ᠪᠠᠶᠢᠭᠠᠳ ︽ᠭᠤᠷᠪᠠᠨ ᠰᠠᠯᠵᠤ ᠴᠢᠳᠠᠬᠤ ᠥᠬᠡᠶ︾᠂ ︽ᠳᠥᠷᠪᠡ ᠶᠢ ᠬᠠᠮᠲᠤᠳᠬᠠᠬᠤ︾᠂ ︽ᠲᠠᠪᠤ ᠶᠢ ᠮᠡᠳᠡᠷᠡᠬᠦ︾ ᠦᠵᠡᠯ ᠰᠠᠨᠠᠭ᠎ᠠ ᠶᠢ ᠪᠠᠲᠤ ᠪᠠᠬᠢ ᠪᠣᠶ ᠪᠣᠯᠭᠠᠬᠤ ᠬᠡᠷᠡᠭᠲᠡᠶ᠃ ᠱᠠᠰᠢᠨ ᠰᠤᠷᠲᠠᠬᠤᠨ ᠤ ᠠᠵᠢᠯᠯᠠᠭ᠎ᠠ ᠶᠢᠨ ᠲᠠᠯᠠᠪᠤᠷ ᠨᠢ ᠨᠠᠮ ᠤᠨ ᠱᠠᠰᠢᠨ ᠰᠤᠷᠲᠠᠬᠤᠨ ᠤ ᠠᠵᠢᠯ ᠤᠨ ᠦᠨᠳᠦᠰᠦᠨ ᠴᠢᠭᠯᠡᠯᠲᠡ ᠶᠢ ᠪᠦᠬᠦ ᠲᠠᠯ᠎ᠠ ᠪᠠᠷ ᠲᠣᠭᠤᠰᠢᠯᠠᠭᠤᠯᠵᠣ᠂ ᠱᠠᠰᠢᠨ ᠰᠤᠷᠲᠠᠬᠤᠨ ᠤ ᠡᠲᠡᠭᠡᠳ ᠤᠨ ᠬᠥᠮᠦᠰ ᠪᠣᠯᠤᠨ ᠱᠠᠰᠢᠨ ᠰᠢᠲᠦᠳᠡᠭ ᠤᠯᠠᠨ ᠲᠦᠮᠡᠨ ᠢ ᠬᠦᠳᠦᠯᠦᠨ ᠵᠢᠯᠣᠭᠤᠳᠴᠤ ᠨᠠᠮ ᠤᠨ ᠠᠴᠢ ᠳᠤ ᠲᠠᠯᠠᠷᠬᠠᠵᠤ᠂ ᠨᠠᠮ ᠤᠨ ᠦᠭᠡ ᠶᠢ ᠰᠣᠨᠣᠰᠴᠤ᠂ ᠨᠠᠮ ᠢᠶᠠᠨ ᠲᠠᠭᠠᠵᠤ᠂ ᠤᠯᠤᠰ ᠲᠦᠷᠦ ᠶᠢᠨ ᠲᠠᠯ᠎ᠠ ᠪᠠᠷ ᠨᠠᠮ ᠤᠨ ᠲᠥᠪ ᠬᠤᠷᠢᠶ᠎ᠠ ᠲᠠᠢ ᠨᠢᠭᠡᠳᠦᠯᠲᠡᠢ ᠪᠠᠶᠢᠯᠭᠠᠬᠤ ᠬᠡᠷᠡᠭᠲᠡᠢ᠃ ᠣᠳᠣᠬᠠᠨ ᠳᠤ ᠶᠠᠭ ᠵᠣᠨ ᠤ ᠠᠮᠠᠷᠠᠯᠲᠠ ᠶᠢᠨ ᠬᠤᠭᠤᠴᠠᠭᠠᠨ ᠳᠤ ᠪᠠᠶᠢᠵᠤ᠂ ᠰᠢᠷᠦᠭᠦᠨ ᠪᠣᠷᠣᠭᠠᠨ ᠪᠠ ᠰᠣᠯᠢᠭ ᠤᠷᠤᠰᠬᠠᠯ ᠪᠠᠶᠢᠨ ᠳᠠᠬᠢᠨ ᠡᠭᠦᠰᠴᠦ ᠪᠠᠶᠢᠨ᠎ᠠ᠂ ᠬᠤᠯᠪᠣᠭᠳᠠᠯ ᠪᠥᠬᠦᠶ ᠰᠠᠯᠠᠭ᠎ᠠ ᠮᠥᠴᠢᠷ ᠤᠳ ᠠᠶᠤᠯᠭᠦᠶ ᠦᠢᠯᠡᠳᠪᠦᠷᠢᠯᠡᠯ ᠤᠨ ᠬᠥᠪᠴᠢ ᠪᠠᠨ ᠴᠢᠩᠭᠠᠯᠠᠵᠤ᠂ ᠬᠤᠷᠢᠭ᠎ᠠ ᠱᠤᠭᠤᠮ ᠤᠨ ᠰᠡᠳᠬᠢᠬᠦᠶ ᠶᠢ ᠪᠠᠷᠢᠮᠲᠠᠯᠠᠨ᠂ ᠠᠵᠢᠯ ᠤᠨ ᠬᠠᠷᠢᠭᠤᠴᠠᠯᠭ᠎ᠠ ᠪᠠᠨ ᠪᠣᠳᠠᠲᠠᠶᠢᠵᠢᠭᠤᠯᠵᠤ᠂ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠶᠢ ᠴᠢᠩᠭᠠᠳᠬᠠᠨ᠂ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ ᠲᠥᠰᠦᠯ ᠢ ᠲᠡᠭᠦᠯᠳᠡᠷᠵᠢᠭᠦᠯᠵᠦ᠂ ᠭᠤᠤᠯᠳᠠᠯᠭ᠎ᠠ ᠲᠠᠢ ᠭᠠᠵᠠᠷ ᠣᠷᠣᠨ ᠪᠠ ᠵᠠᠩᠭᠢᠯᠠᠭ᠎ᠠ ᠶᠢᠨ ᠬᠦᠷᠢᠶᠡᠨ ᠳᠠᠬᠢ ᠡᠯ᠎ᠡ ᠲᠥᠷᠥᠯ ᠤᠨ ᠠᠶᠤᠯ ᠲᠦᠭᠰᠢᠭᠦᠷᠢ ᠬᠡᠮ ᠰᠣᠭᠤᠭ ᠢ ᠴᠠᠭ ᠲᠤᠬᠠᠶ ᠳᠤᠨᠢ ᠵᠢᠭᠰᠠᠭᠠᠨ ᠪᠠᠶᠢᠴᠠᠭᠠᠵᠤ ᠰᠢᠢᠳᠪᠦᠷᠢᠯᠡᠨ᠂ ᠠᠷᠠᠳ ᠣᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠪᠠ ᠨᠡᠶᠢᠭᠡᠮ ᠤᠨ ᠶᠡᠭᠡ ᠲᠠᠯ᠎ᠠ ᠶᠢᠨ ᠲᠣᠭᠲᠠᠭᠤᠨ ᠢ ᠦᠨᠡᠨ ᠬᠦ ᠪᠠᠲᠤᠯᠠᠬᠤ ᠬᠡᠷᠡᠭᠲᠡᠶ ᠭᠡᠵᠦ ᠴᠢᠬᠤᠯᠠᠴᠢᠯᠠᠪᠠ᠃ᠣᠷᠴᠢᠭᠤᠯᠣᠭᠴᠢ᠄  ᠬᠠᠨᠠᠭᠠᠷᠬᠢᠨᠠᠭᠴᠢ᠄  ᠬᠠᠨᠠᠭᠠᠷ
 
ᠢᠷᠡᠯᠲᠡ᠄ ᠱᠠᠩᠳᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004288号-2