ᠶᠠᠩ ᠸᠧᠨ ᠾᠦᠢ ᠮᠠᠨ ᠤ ᠰᠢᠶᠠᠨ ᠤ ᠪᠣᠬᠢᠷ ᠤᠰᠤ ᠰᠢᠢᠳᠪᠦᠷᠢᠯᠡᠬᠦ ᠦᠢᠯᠡᠳᠪᠦᠷᠢ᠂ ᠤᠰᠤ ᠴᠡᠪᠡᠷᠰᠢᠭᠦᠯᠬᠦ ᠦᠢᠯᠡᠳᠪᠦᠷᠢ ᠶᠢᠨ ᠠᠵᠢᠯᠯᠠᠭᠠᠨ ᠤ ᠬᠠᠮᠢᠶᠠᠷᠤᠯᠲᠠ ᠪᠣᠯᠤᠨ ᠠᠶᠤᠯᠭᠦᠢ ᠦᠢᠯᠡᠳᠪᠦᠷᠢᠯᠡᠯ ᠤᠨ ᠠᠵᠢᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2024/7/31
  7 ᠰᠠᠷ᠎ᠠ ᠶᠢᠨ 25 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠰᠢᠶᠠᠨ ᠤ ᠳᠠᠷᠤᠭ᠎ᠠ ᠶᠠᠩ ᠸᠧᠨ ᠾᠦᠢ ᠮᠠᠨ ᠤ ᠰᠢᠶᠠᠨ ᠤ ᠪᠣᠬᠢᠷ ᠤᠰᠤ ᠰᠢᠢᠳᠪᠦᠷᠢᠯᠡᠬᠦ ᠦᠢᠯᠡᠳᠪᠦᠷᠢ ᠪᠣᠯᠤᠨ ᠤᠰᠤ ᠴᠡᠪᠡᠷᠰᠢᠭᠦᠯᠬᠦ ᠦᠢᠯᠡᠳᠪᠦᠷᠢ ᠶᠢᠨ ᠠᠵᠢᠯᠯᠠᠭᠠᠨ ᠤ ᠬᠠᠮᠢᠶᠠᠷᠤᠯᠲᠠ ᠵᠢᠴᠢ ᠠᠶᠤᠯᠭᠦᠢ ᠦᠢᠯᠡᠳᠪᠦᠷᠢᠯᠡᠯ ᠤᠨ ᠪᠠᠶᠢᠳᠠᠯ ᠳᠤ ᠪᠠᠶᠢᠴᠠᠭᠠᠨ ᠰᠤᠳᠤᠯᠤᠯᠲᠠ ᠬᠢᠵᠦ᠂ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠰᠢᠶᠠᠨ ᠤ ᠳᠡᠳ᠋ ᠳᠠᠷᠤᠭ᠎ᠠ ᠵᠠᠩ ᠿᠢ ᠭᠤᠤ᠂ ᠬᠦᠷᠢᠶᠡᠯᠡᠩ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ ᠤᠨ ᠨᠠᠮ ᠤᠨ ᠠᠵᠢᠯᠯᠠᠬᠤ ᠬᠤᠷᠢᠶᠠᠨ ᠤ ᠱᠦᠵᠢ ᠶᠤᠸᠠᠨ ᠬᠠᠢ ᠬᠤᠩ ᠵᠢᠴᠢ ᠬᠤᠯᠪᠣᠭᠳᠠᠯ ᠪᠦᠬᠦᠢ ᠨᠢᠭᠡᠴᠡ ᠶᠢᠨ ᠭᠤᠣᠯ ᠬᠠᠷᠢᠭᠤᠴᠠᠯᠭᠠᠲᠠᠨ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃    ᠶᠠᠩ ᠸᠧᠨ ᠾᠦᠢ ᠤᠷᠢᠳ ᠬᠤᠵᠢᠳ ᠰᠠᠨ ᠳ᠋ᠠ ᠴᠢᠩ ᠪᠣᠬᠢᠷ ᠤᠰᠤ ᠰᠢᠢᠳᠪᠦᠷᠢᠯᠡᠬᠦ ᠦᠢᠯᠡᠳᠪᠦᠷᠢ ᠪᠣᠯᠤᠨ ᠤᠰᠤ ᠴᠡᠪᠡᠷᠰᠢᠭᠦᠯᠬᠦ ᠦᠢᠯᠡᠳᠪᠦᠷᠢ᠂ ᠰᠢᠶᠤᠤ ᠬᠠᠢ ᠽᠢ ᠪᠣᠬᠢᠷ ᠤᠰᠤ ᠴᠡᠪᠡᠷᠰᠢᠭᠦᠯᠬᠦ ᠦᠢᠯᠡᠳᠪᠦᠷᠢ ᠪᠣᠯᠤᠨ ᠤᠰᠤ ᠴᠡᠪᠡᠷᠰᠢᠭᠦᠯᠬᠦ ᠦᠢᠯᠡᠳᠪᠦᠷᠢ᠂ ᠴᠢ ᠲᠠᠢ ᠪᠠᠯᠭᠠᠰᠤᠨ ᠤ ᠪᠣᠬᠢᠷ ᠤᠰᠤ ᠰᠢᠢᠳᠪᠦᠷᠢᠯᠡᠬᠦ ᠦᠢᠯᠡᠳᠪᠦᠷᠢ ᠳᠤ ᠬᠦᠷᠴᠦ᠂ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠬᠦ᠂ ᠬᠠᠷᠢᠭᠤ ᠮᠡᠳᠡᠭᠦᠯᠦᠯᠲᠡ ᠰᠣᠨᠣᠰᠬᠤ ᠠᠷᠭ᠎ᠠ ᠬᠡᠯᠪᠡᠷᠢ ᠪᠠᠷ ᠪᠣᠬᠢᠷ ᠤᠰᠤ ᠰᠢᠢᠳᠪᠦᠷᠢᠯᠡᠬᠦ ᠦᠢᠯᠡᠳᠦᠯ ᠴᠢᠳᠠᠪᠤᠷᠢ᠂ ᠤᠰᠤᠨ ᠤ ᠴᠢᠨᠠᠷ ᠢ ᠴᠡᠪᠡᠷᠰᠢᠭᠦᠯᠬᠦ ᠤᠷ᠎ᠠ ᠮᠡᠷᠭᠡᠵᠢᠯ ᠪᠣᠯᠤᠨ ᠲᠥᠬᠦᠭᠡᠷᠦᠮᠵᠢ ᠶᠢᠨ ᠠᠵᠢᠯᠯᠠᠭᠠᠨ ᠤ ᠬᠠᠮᠢᠶᠠᠷᠤᠯᠲᠠ ᠵᠡᠷᠭᠡ ᠪᠠᠶᠢᠳᠠᠯ ᠢ ᠨᠠᠷᠢᠨ ᠣᠶᠢᠯᠠᠭᠠᠬᠤ ᠶᠢᠨ ᠬᠠᠮᠲᠤ ᠠᠵᠢᠯ ᠢ ᠠᠬᠢᠭᠤᠯᠬᠤ ᠶᠠᠪᠤᠴᠠ ᠳᠤ ᠣᠷᠣᠰᠢᠵᠤ ᠪᠠᠶᠢᠭ᠎ᠠ ᠬᠦᠴᠢᠷᠳᠡᠯ ᠪᠣᠯᠤᠨ ᠠᠰᠠᠭᠤᠳᠠᠯ ᠢ ᠲᠤᠬᠠᠢ ᠶᠢᠨ ᠭᠠᠵᠠᠷ ᠲᠤᠨᠢ ᠵᠣᠬᠢᠴᠠᠭᠤᠯᠤᠨ ᠰᠢᠢᠳᠪᠦᠷᠢᠯᠡᠵᠦ᠂ ᠬᠤᠯᠪᠣᠭᠳᠠᠯ ᠪᠦᠬᠦᠢ ᠠᠵᠢᠯ ᠤᠨ ᠱᠠᠭᠠᠷᠳᠠᠯᠭ᠎ᠠ ᠳᠤᠷᠠᠳᠴᠠᠢ᠃    ᠶᠠᠩ ᠸᠧᠨ ᠾᠦᠢ᠂ ᠪᠣᠬᠢᠷ ᠤᠰᠤ ᠶᠢ ᠵᠠᠰᠠᠬᠤ᠂ ᠤᠰᠤ ᠬᠠᠩᠭᠠᠬᠤ ᠶᠢ ᠪᠠᠲᠤᠯᠠᠬᠤ ᠨᠢ ᠪᠦᠬᠦ ᠰᠢᠶᠠᠨ ᠤ ᠠᠵᠤ ᠠᠬᠤᠢ ᠨᠡᠶᠢᠭᠡᠮ ᠤᠨ ᠬᠥᠭᠵᠢᠯᠲᠡ ᠪᠣᠯᠤᠨ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠶᠡᠭᠡ ᠲᠠᠯ᠎ᠠ ᠲᠠᠢ ᠬᠤᠯᠪᠣᠭᠳᠠᠨ᠎ᠠ᠂ ᠡᠯ᠎ᠡ ᠬᠤᠯᠪᠣᠭᠳᠠᠯ ᠪᠦᠬᠦᠢ ᠨᠢᠭᠡᠴᠡ ᠪᠣᠯᠤᠨ ᠠᠵᠤ ᠠᠬᠤᠶᠢᠯᠠᠯ ᠤᠨ ᠬᠢᠨ ᠦᠵᠡᠯ ᠰᠠᠨᠠᠭ᠎ᠠ ᠲᠠᠨᠢᠯᠲᠠ ᠪᠠᠨ ᠤᠯᠠᠮ ᠴᠢᠨᠠᠭᠰᠢᠳᠠ ᠳᠡᠭᠡᠭᠰᠢᠯᠡᠭᠦᠯᠵᠦ᠂ ᠨᠠᠷᠢᠨ ᠨᠢᠮᠪᠠᠢ᠂ ᠴᠢᠩᠭ᠎ᠠ ᠪᠥᠭᠡᠳ ᠴᠢᠩᠭ᠎ᠠ ᠣᠪᠣᠷ ᠢᠶᠠᠷ ᠤᠰᠤ ᠬᠠᠩᠭᠠᠬᠤ ᠤᠰᠤ ᠵᠠᠯᠠᠬᠤ ᠠᠮᠤᠷ ᠲᠦᠪᠰᠢᠨ ᠤ ᠦᠢᠯᠡᠴᠢᠯᠡᠭᠡ ᠪᠠᠲᠤᠯᠠᠭ᠎ᠠ ᠶᠢᠨ ᠠᠵᠢᠯ ᠢ ᠰᠠᠶᠢᠲᠤᠷ ᠠᠳᠬᠤᠬᠤ ᠬᠡᠷᠡᠭᠲᠡᠢ᠃ ᠪᠣᠬᠢᠷ ᠤᠰᠤ ᠶᠢ ᠰᠢᠢᠳᠪᠦᠷᠢᠯᠡᠬᠦ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠠᠬᠢᠴᠠ᠂ ᠶᠠᠰᠤ ᠴᠢᠨᠠᠷ ᠪᠣᠯᠤᠨ ᠠᠮᠤᠷ ᠲᠦᠪᠰᠢᠨ ᠢ ᠵᠡᠷᠭᠡᠪᠡᠷ ᠠᠳᠬᠤᠨ ᠬᠠᠮᠲᠤᠪᠠᠷ ᠬᠠᠮᠢᠶᠠᠷᠬᠤ ᠶᠢ ᠪᠠᠷᠢᠮᠲᠠᠯᠠᠵᠤ᠂ ᠲᠣᠭᠲᠠᠭᠰᠠᠨ ᠴᠠᠭ ᠬᠤᠭᠤᠴᠠᠭᠠᠨ ᠳᠤ ᠠᠰᠢᠭᠯᠠᠯᠲᠠ ᠳᠤ ᠣᠷᠣᠭᠤᠯᠬᠤ ᠪᠠᠷ ᠴᠢᠷᠮᠠᠶᠢᠵᠤ᠂ ᠬᠦᠷᠢᠶᠡᠯᠡᠩ ᠲᠣᠭᠤᠷᠢᠭ ᠲᠤ ᠣᠷᠣᠵᠤ ᠰᠠᠭᠤᠭᠰᠠᠨ ᠠᠵᠤ ᠠᠬᠤᠶᠢᠯᠠᠯ ᠳᠤ ᠨᠡᠩ ᠰᠠᠶᠢᠨ ᠪᠡᠯᠡ ᠣᠷᠣᠭᠤᠯᠤᠯᠲᠠ ᠶᠢᠨ ᠬᠥᠭᠵᠢᠯᠲᠡ ᠶᠢᠨ ᠣᠷᠴᠢᠨ ᠲᠣᠭᠤᠷᠢᠨ ᠢ ᠬᠠᠩᠭᠠᠬᠤ ᠬᠡᠷᠡᠭᠲᠡᠢ᠃ ᠰᠡᠭᠦᠯᠴᠢ ᠶᠢᠨ ᠬᠤᠭᠤᠴᠠᠭᠠᠨ ᠤ ᠠᠵᠢᠯᠯᠠᠭᠤᠯᠵᠤ ᠪᠠᠲᠤᠯᠠᠬᠤ ᠲᠣᠭᠲᠠᠴᠠ ᠶᠢ ᠪᠠᠶᠢᠭᠤᠯᠤᠨ ᠪᠦᠷᠢᠨᠰᠢᠬᠦᠯᠵᠦ᠂ ᠠᠵᠢᠯᠯᠠᠭᠠᠨ ᠪᠠ ᠬᠠᠮᠢᠶᠠᠷᠤᠯᠲᠠ ᠶᠢᠨ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠪᠣᠬᠢᠷ ᠤᠰᠤ ᠶᠢ ᠰᠢᠢᠳᠪᠦᠷᠢᠯᠡᠬᠦ ᠴᠢᠳᠠᠪᠤᠷᠢ ᠪᠠ ᠬᠢᠷᠢ ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠪᠣᠬᠢᠷ ᠤᠰᠤ ᠶᠢ ᠬᠤᠷᠢᠶᠠᠬᠤ ᠶᠣᠰᠣᠲᠠᠢ ᠶᠢ ᠨᠢ ᠪᠦᠬᠦᠨ ᠢ ᠬᠤᠷᠢᠶᠠᠵᠤ᠂ ᠰᠢᠢᠳᠪᠦᠷᠢᠯᠡᠬᠦ ᠶᠣᠰᠣᠲᠠᠢ ᠶᠢ ᠨᠢ ᠪᠦᠬᠦᠨ ᠢ ᠰᠢᠢᠳᠪᠦᠷᠢᠯᠡᠵᠦ᠂ ᠬᠤᠳᠠ ᠬᠥᠳᠡᠭᠡ ᠶᠢᠨ ᠠᠮᠢᠳᠤᠷᠠᠯ ᠤᠨ ᠪᠣᠬᠢᠷ ᠤᠰᠤ ᠶᠢ ᠰᠢᠢᠳᠪᠦᠷᠢᠯᠡᠬᠦ ᠦᠷ᠎ᠡ ᠪᠦᠲᠦᠮᠵᠢ ᠶᠢ ᠪᠠᠷᠢᠮᠵᠢᠶ᠎ᠠ ᠳᠤ ᠬᠦᠷᠭᠡᠵᠦ᠂ ᠪᠦᠲᠦᠮᠵᠢᠲᠡᠢ ᠵᠠᠰᠠᠬᠤ ᠶᠢ ᠪᠠᠲᠤᠯᠠᠬᠤ ᠬᠡᠷᠡᠭᠲᠡᠢ᠃ ᠬᠤᠲᠠ ᠬᠥᠳᠡᠭᠡ ᠶᠢᠨ ᠤᠤᠭᠤᠬᠤ ᠤᠰᠤᠨ ᠤ ᠠᠮᠤᠷ ᠲᠦᠪᠰᠢᠨ ᠢ ᠦᠨᠡᠨ ᠬᠦ ᠪᠠᠲᠤᠯᠠᠵᠤ᠂ ᠤᠰᠤ ᠬᠠᠩᠭᠠᠬᠤ ᠴᠢᠳᠠᠪᠤᠷᠢ ᠶᠢ ᠳᠡᠭᠡᠭᠰᠢᠯᠡᠭᠦᠯᠦᠨ᠂ ᠠᠷᠠᠳ ᠣᠯᠠᠨ ᠳᠤ ᠠᠮᠤᠷ ᠲᠦᠪᠰᠢᠨ ᠤᠰᠤ ᠰᠠᠨᠠᠭ᠎ᠠ ᠠᠮᠤᠷ ᠤᠰᠤ ᠪᠦᠬᠦ ᠬᠦᠴᠦᠨ ᠢᠶᠠᠷ ᠢᠶᠠᠨ ᠡᠳ᠋ᠯᠡᠭᠦᠯᠬᠦ ᠬᠡᠷᠡᠭᠲᠡᠶ᠃ᠣᠷᠴᠢᠭᠤᠯᠣᠭᠴᠢ᠄  ᠬᠠᠨᠠᠭᠠᠷᠬᠢᠨᠠᠭᠴᠢ᠄  ᠬᠠᠨᠠᠭᠠᠷ
 
ᠢᠷᠡᠯᠲᠡ᠄ ᠱᠠᠩᠳᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004288号-2