ᠭᠤᠤ ᠶᠦᠩ ᠪᠢᠨ ᠨᠠᠮ ᠤᠨ ᠰᠤᠷᠭᠠᠭᠤᠯᠢ ᠶᠢᠨ ᠠᠵᠢᠯ ᠢ ᠪᠠᠶᠢᠴᠠᠭᠠᠨ ᠰᠤᠳᠤᠯᠤᠭᠰᠠᠨ ᠪᠥᠭᠡᠳ ᠶᠠᠷᠢᠯᠴᠠᠬᠤ ᠬᠤᠷᠠᠯ ᠢ ᠡᠷᠬᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/7/31
   7 ᠰᠠᠷ᠎ᠠ ᠶᠢᠨ 29 ᠤ ᠡᠳᠦᠷ᠂ ᠤᠯᠠᠭᠠᠨᠴᠠᠪ ᠬᠤᠳᠠ ᠶᠢᠨ ᠳᠡᠳ᠋ ᠳᠠᠷᠤᠭ᠎ᠠ ᠶᠢᠨ ᠨᠡᠷ᠎ᠡ ᠳᠤᠷᠠᠳᠤᠭᠳᠠᠭᠰᠠᠨ ᠵᠢᠱᠢᠭᠳᠡᠭᠴᠢ᠂ ᠱᠠᠩᠳᠤ ᠰᠢᠶᠠᠨ ᠤ ᠨᠠᠮ ᠤᠨ ᠬᠤᠷᠢᠶᠠᠨ ᠤ ᠱᠦᠵᠢ ᠭᠤᠤ ᠶᠦᠩ ᠪᠢᠨ ᠨᠠᠮ ᠤᠨ ᠰᠤᠷᠭᠠᠭᠤᠯᠢ ᠳᠤ ᠭᠦᠨᠵᠡᠭᠡᠶᠢᠷᠡᠨ ᠪᠠᠶᠢᠴᠠᠭᠠᠨ ᠰᠤᠳᠤᠯᠤᠯᠲᠠ ᠬᠢᠵᠦ ᠵᠢᠭᠠᠨ ᠵᠢᠯᠣᠭᠤᠳᠬᠤ ᠶᠢᠨ ᠬᠠᠮᠲᠤ ᠰᠢᠶᠠᠨ ᠤ ᠨᠠᠮ ᠤᠨ ᠬᠤᠷᠢᠶᠠᠨ ᠤ ᠨᠠᠮ ᠤᠨ ᠰᠤᠷᠭᠠᠭᠤᠯᠢ ᠶᠢᠨ ᠠᠵᠢᠯ ᠤᠨ ᠶᠠᠷᠢᠯᠴᠠᠬᠤ ᠬᠤᠷᠠᠯ ᠢ ᠡᠷᠬᠢᠯᠡᠨ ᠬᠤᠷᠠᠯᠳᠤᠭᠤᠯᠪᠠ᠃ ᠰᠢᠶᠠᠨ ᠤ ᠤᠳᠤᠷᠢᠳᠤᠯᠭ᠎ᠠ ᠯᠢ ᠶᠠ ᠳ᠋ᠦᠩ᠂ ᠱᠢ ᠼᠦᠢ ᠴᠢᠨ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠥᠬᠦᠳ ᠵᠢᠴᠢ ᠰᠢᠶᠠᠨ ᠤ ᠨᠠᠮ ᠤᠨ ᠬᠤᠷᠢᠶᠠᠨ ᠤ ᠨᠠᠮ ᠤᠨ ᠰᠤᠷᠭᠠᠭᠤᠯᠢ ᠶᠢᠨ ᠪᠦᠬᠦ ᠪᠠᠭᠰᠢ ᠠᠵᠢᠯᠲᠠᠨ ᠶᠠᠷᠢᠯᠴᠠᠬᠤ ᠬᠤᠷᠠᠯ ᠳᠤ ᠣᠷᠣᠯᠴᠠᠪᠠ᠃    ᠬᠤᠷᠠᠯ ᠳᠡᠭᠡᠷ᠎ᠡ ᠪᠦᠬᠦ ᠤᠯᠤᠰ᠂ ᠪᠦᠬᠦ ᠣᠷᠣᠨ ᠤ ᠨᠠᠮ ᠤᠨ ᠰᠤᠷᠭᠠᠭᠤᠯᠢ ᠶᠢᠨ ᠵᠠᠬᠢᠷᠤᠯ ᠤᠨ ᠬᠤᠷᠠᠯ ᠪᠣᠯᠤᠨ ᠪᠦᠬᠦ ᠬᠤᠳᠠ ᠶᠢᠨ ᠨᠠᠮ ᠤᠨ ᠰᠤᠷᠭᠠᠭᠤᠯᠢ ᠶᠢᠨ ᠠᠵᠢᠯ ᠤᠨ ᠶᠠᠷᠢᠯᠴᠠᠬᠤ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠰᠢᠶᠠᠨ ᠤ ᠨᠠᠮ ᠤᠨ ᠬᠤᠷᠢᠶᠠᠨ ᠤ ᠨᠠᠮ ᠤᠨ ᠰᠤᠷᠭᠠᠭᠤᠯᠢ ᠶᠢᠨ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠨᠠᠮ ᠤᠨ ᠰᠤᠷᠭᠠᠭᠤᠯᠢ ᠶᠢᠨ ᠵᠢᠭᠠᠨ ᠰᠤᠷᠭᠠᠯᠲᠠ ᠶᠢᠨ ᠪᠣᠯᠪᠠᠰᠤᠷᠠᠯ᠂ ᠵᠢᠭᠠᠨ ᠰᠤᠷᠭᠠᠯᠲᠠ ᠶᠢᠨ ᠠᠵᠢᠯ ᠪᠣᠯᠤᠨ ᠶᠡᠷᠦᠩᠬᠡᠢ ᠪᠠᠶᠢᠭᠤᠯᠤᠯᠲᠠ ᠵᠡᠷᠭᠡ ᠪᠠᠶᠢᠳᠠᠯ ᠢ ᠨᠠᠷᠢᠨ ᠣᠶᠢᠯᠠᠭᠠᠪᠠ᠃    ᠭᠤᠤ ᠶᠦᠩ ᠪᠢᠨ᠂ ᠨᠠᠮ ᠤᠨ ᠰᠤᠷᠭᠠᠭᠤᠯᠢ ᠪᠣᠯ ᠺᠠᠳ᠋ᠷ ᠤᠨ ᠬᠥᠮᠦᠵᠢᠯ ᠪᠣᠯᠪᠠᠰᠤᠷᠠᠯ ᠤᠨ ᠭᠤᠣᠯ ᠵᠢᠭᠰᠠᠭᠠᠯ ᠤᠨ ᠭᠠᠵᠠᠷ ᠮᠥᠨ᠂ ᠨᠠᠮ ᠤᠨ ᠦᠵᠡᠯ ᠰᠠᠨᠠᠭ᠎ᠠ ᠤᠨᠤᠯ ᠤᠨ ᠹᠷᠣᠨᠲ ᠤᠨ ᠴᠢᠬᠤᠯᠠ ᠲᠠᠯ᠎ᠠ ᠶᠢᠨ ᠴᠡᠷᠢᠭ ᠮᠥᠨ᠂ ᠨᠠᠮ ᠤᠨ ᠲᠥᠯᠥᠭᠡ ᠴᠢᠳᠠᠪᠤᠷᠢᠲᠠᠨ ᠢ ᠬᠥᠮᠦᠵᠢᠭᠦᠯᠬᠦ᠂ ᠨᠠᠮ ᠤᠨ ᠲᠥᠯᠥᠭᠡ ᠠᠷᠭ᠎ᠠ ᠤᠬᠠᠭᠠᠨ ᠭᠠᠷᠭᠠᠬᠤ ᠴᠢᠬᠤᠯᠠ ᠲᠤᠰᠢᠶᠠᠯ ᠬᠠᠷᠢᠭᠤᠴᠠᠯᠭ᠎ᠠ ᠶᠢ ᠡᠭᠦᠷᠭᠡᠯᠡᠵᠦ ᠪᠠᠶᠢᠳᠠᠭ᠃ ᠨᠠᠮ ᠤᠨ ᠰᠤᠷᠭᠠᠭᠤᠯᠢ ᠶᠢᠨ ᠤᠳᠤᠷᠢᠳᠬᠤ ᠪᠠᠭ ᠪᠣᠯᠤᠨ ᠪᠦᠬᠦ ᠺᠠᠳ᠋ᠷ ᠠᠵᠢᠯᠳᠠᠨ ᠰᠢᠨ᠎ᠡ ᠴᠠᠭ ᠦᠶ᠎ᠡ ᠶᠢᠨ ᠨᠠᠮ ᠤᠨ ᠰᠤᠷᠭᠠᠭᠤᠯᠢ ᠶᠢᠨ ᠠᠵᠢᠯ ᠢ ᠰᠠᠶᠢᠲᠤᠷ ᠬᠢᠬᠦ ᠦᠵᠡᠯ ᠰᠠᠨᠠᠭᠠᠨ ᠤ ᠬᠠᠮᠲᠤ ᠶᠢᠨ ᠲᠠᠨᠢᠯᠲᠠ ᠪᠣᠯᠤᠨ ᠦᠢᠯᠡ ᠠᠵᠢᠯᠯᠠᠭ᠎ᠠ ᠶᠢᠨ ᠤᠬᠠᠮᠰᠠᠷ ᠢᠶᠠᠨ ᠦᠨᠡᠨ ᠬᠦ ᠨᠢᠭᠲᠠᠷᠠᠭᠤᠯᠵᠤ᠂ ᠭᠤᠣᠯ ᠠᠵᠢᠯ ᠭᠤᠣᠯ ᠬᠢᠴᠢᠶᠡᠯ ᠳᠤ ᠠᠩᠬᠠᠷᠤᠯ ᠢᠶᠠᠨ ᠲᠥᠪᠯᠡᠷᠡᠭᠦᠯᠵᠦ᠂ ︽ᠭᠤᠷᠪᠠᠨ ᠬᠢᠴᠢᠶᠡᠯ ᠤᠨ ᠲᠠᠩᠬᠢᠮ︾ ᠢ ᠪᠠᠶᠢᠭᠤᠯᠵᠤ᠂ ᠤᠨᠤᠯ ᠤᠨ ᠬᠥᠮᠦᠵᠢᠯ ᠢ ᠨᠡᠩ ᠰᠢᠰᠲ᠋ᠧᠮ ᠲᠠᠢ ᠭᠦᠨᠵᠡᠭᠡᠶᠢᠷᠡᠭᠦᠯᠬᠦ᠂ ᠨᠠᠮᠴᠢ ᠴᠢᠨᠠᠷ ᠤᠨ ᠬᠥᠮᠦᠵᠢᠯ ᠢ ᠨᠡᠩ ᠣᠨᠣᠪᠴᠢᠲᠠᠢ ᠥᠨᠳᠥᠷ ᠪᠦᠲᠦᠮᠵᠢᠲᠡᠢ ᠪᠣᠯᠭᠠᠬᠤ ᠪᠠᠷ ᠴᠢᠷᠮᠠᠶᠢᠵᠤ᠂ ᠨᠠᠮ ᠤᠨ ᠰᠤᠷᠭᠠᠭᠤᠯᠢ ᠶᠢ ᠦᠨᠡᠨ ᠬᠦ ᠤᠳᠤᠷᠢᠳᠬᠤ ᠺᠠᠳ᠋ᠷ ᠤᠨ ᠡᠷᠳᠡᠮ ᠴᠢᠳᠠᠪᠤᠷᠢ ᠶᠢ ᠡᠵᠡᠮᠰᠢᠬᠦ᠂ ᠨᠠᠮᠴᠢ ᠴᠢᠨᠠᠷ ᠤᠨ ᠪᠣᠯᠪᠠᠰᠤᠷᠠᠯ ᠢ ᠳᠡᠭᠡᠭᠰᠢᠯᠡᠭᠦᠯᠬᠦ᠂ ᠰᠢᠯᠢᠳᠡᠭ ᠰᠤᠷᠲᠠᠯ ᠢ ᠪᠠᠳᠠᠷᠠᠭᠤᠯᠬᠤ᠂ ᠡᠭᠦᠷᠭᠡ ᠲᠤᠰᠢᠶᠠᠯ ᠢᠶᠠᠨ ᠭᠦᠢᠴᠡᠳᠬᠡᠬᠦ ᠴᠢᠳᠠᠪᠤᠷᠢ ᠶᠢ ᠳᠡᠭᠡᠭᠰᠢᠯᠡᠭᠦᠯᠬᠦ ᠴᠢᠬᠤᠯᠠ ᠰᠠᠭᠤᠷᠢᠨ ᠭᠠᠵᠠᠷ ᠪᠣᠯᠭᠠᠬᠤ ᠬᠡᠷᠡᠭᠲᠡᠢ᠃ ᠳᠡᠭᠡᠳᠦ ᠳᠡᠰ ᠳᠠᠪᠬᠤᠷᠭ᠎ᠠ ᠶᠢᠨ ᠴᠢᠳᠠᠪᠤᠷᠢᠲᠠᠨ ᠪᠠ ᠪᠠᠴᠢᠮ ᠬᠡᠷᠡᠭᠴᠡᠭᠡ ᠲᠠᠢ ᠳᠤᠲᠠᠭᠳᠠᠵᠤ ᠪᠠᠶᠢᠭ᠎ᠠ ᠴᠢᠳᠠᠪᠤᠷᠢᠲᠠᠨ ᠢ ᠬᠥᠲᠥᠯᠥᠨ ᠬᠥᠮᠦᠵᠢᠭᠦᠯᠬᠦ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠲᠤᠰᠬᠠᠶ ᠪᠠᠭᠰᠢ ᠶᠢᠨ ᠡᠭᠡᠯᠵᠢᠯᠡᠨ ᠪᠣᠯᠪᠠᠰᠤᠷᠠᠭᠤᠯᠬᠤ ᠲᠥᠯᠥᠪᠯᠡᠭᠡ ᠶᠢ ᠴᠢᠨᠠᠷ ᠰᠠᠶᠢᠲᠠᠶ ᠪᠡᠶᠡᠯᠡᠭᠦᠯᠵᠦ᠂ ᠲᠤᠰᠬᠠᠶ ᠪᠠᠭᠰᠢ ᠶᠢᠨ ᠡᠩᠨᠡᠭᠡ ᠶᠢ ᠪᠠᠶᠢᠭᠤᠯᠤᠨ ᠬᠦᠴᠦᠷᠬᠡᠭᠵᠢᠭᠦᠯᠵᠦ᠂ ᠤᠯᠤᠰ ᠲᠥᠷᠥ ᠶᠢᠨ ᠬᠡᠪ ᠴᠢᠨᠠᠷ ᠢᠶᠠᠷ ᠴᠢᠩᠭ᠎ᠠ᠂ ᠦᠢᠯᠡᠳᠦᠯᠭᠡ ᠶᠢᠨ ᠲᠤᠷᠰᠢᠯᠭ᠎ᠠ ᠪᠠᠷ ᠪᠠᠶᠠᠯᠢᠭ᠂ ᠠᠵᠢᠯ ᠤᠨ ᠴᠢᠳᠠᠪᠤᠷᠢ ᠪᠠᠷ ᠲᠣᠪᠤᠶᠢᠮ᠎ᠠ ᠵᠢᠴᠢ ᠤᠯᠤᠰ ᠤᠨ ᠲᠠᠰ ᠤᠨ ᠢᠷᠠᠭᠤ ᠠᠯᠳᠠᠷ ᠢ ᠬᠦᠷᠲᠡᠭᠰᠡᠨ ᠨᠠᠮ ᠤᠨ ᠭᠡᠰᠢᠭᠦᠨ ᠺᠠᠳ᠋ᠷ ᠣᠯᠠᠨ ᠲᠦᠮᠡᠨ ᠤ ᠬᠢᠴᠢᠶᠡᠯ ᠤᠨ ᠲᠠᠩᠬᠢᠮ ᠳᠤ ᠣᠷᠣᠵᠤ᠂ ᠶᠠᠷᠢᠶᠠᠨ ᠤ ᠲᠠᠪᠴᠠᠩ ᠳᠤ ᠭᠠᠷᠴᠤ᠂ ᠲᠡᠷᠢᠭᠦᠨ ᠤ ᠦᠢᠯᠡ ᠠᠵᠢᠯᠯᠠᠭ᠎ᠠ ᠪᠠ ᠠᠵᠢᠯ ᠤᠨ ᠲᠤᠷᠰᠢᠯᠭ᠎ᠠ ᠪᠠᠨ ᠬᠤᠪᠢᠶᠠᠯᠴᠠᠨ ᠰᠣᠯᠢᠯᠴᠠᠬᠤ   ᠬᠡᠷᠡᠭᠲᠡᠶ᠃ᠣᠷᠴᠢᠭᠤᠯᠣᠭᠴᠢ᠄  ᠬᠠᠨᠠᠭᠠᠷᠬᠢᠨᠠᠭᠴᠢ᠄  ᠬᠠᠨᠠᠭᠠᠷ
 
ᠢᠷᠡᠯᠲᠡ᠄ ᠱᠠᠩᠳᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004288号-2