ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ 2024 ᠣᠨ ᠤ 16 ᠳ᠋ᠤᠭᠠᠷ ᠤᠳᠠᠭ᠎ᠠ ᠶᠢᠨ ᠬᠤᠷᠠᠯ ᠵᠢᠴᠢ ᠰᠢᠶᠠᠨ ᠤ ᠨᠠᠮ ᠤᠨ ᠬᠤᠷᠢᠶᠠᠨ ᠤ ᠰᠦᠯᠵᠢᠶᠡᠨ ᠤ ᠠᠮᠤᠷ ᠲᠦᠪᠰᠢᠨ ᠪᠠ ᠮᠡᠳᠡᠭᠡ ᠵᠠᠩᠭᠢᠵᠢᠯᠲᠠ ᠶᠢᠨ ᠵᠥᠪᠯᠡᠯ ᠤᠨ 2024 ᠣᠨ ᠤ 1 ᠳ᠋ᠤᠭᠡᠷ ᠤᠳᠠᠭ᠎ᠠ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2024/7/31
  7 ᠰᠠᠷ᠎ᠠ ᠶᠢᠨ 26 ᠤ ᠡᠳᠦᠷ᠂ ᠤᠯᠠᠭᠠᠨᠴᠠᠪ ᠬᠤᠳᠠ ᠶᠢᠨ ᠳᠡᠳ᠋ ᠳᠠᠷᠤᠭ᠎ᠠ ᠶᠢᠨ ᠨᠡᠷ᠎ᠡ ᠳᠤᠷᠠᠳᠤᠭᠳᠠᠭᠰᠠᠨ ᠵᠢᠱᠢᠭᠳᠡᠭᠴᠢ᠂ ᠱᠠᠩᠳᠤ ᠰᠢᠶᠠᠨ ᠤ ᠨᠠᠮ ᠤᠨ ᠬᠤᠷᠢᠶᠠᠨ ᠤ ᠱᠦᠵᠢ ᠭᠤᠤ ᠶᠦᠩ ᠪᠢᠨ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ 2024 ᠣᠨ ᠤ 16 ᠳ᠋ᠤᠭᠠᠷ ᠤᠳᠠᠭ᠎ᠠ ᠶᠢᠨ ᠬᠤᠷᠠᠯ ᠵᠢᠴᠢ ᠰᠢᠶᠠᠨ ᠤ ᠨᠠᠮ ᠤᠨ ᠬᠤᠷᠢᠶᠠᠨ ᠤ ᠰᠦᠯᠵᠢᠶᠡᠨ ᠤ ᠠᠮᠤᠷ ᠲᠦᠪᠰᠢᠨ ᠪᠠ ᠮᠡᠳᠡᠭᠡ ᠵᠠᠩᠭᠢᠵᠢᠯᠲᠠ ᠶᠢᠨ ᠵᠥᠪᠯᠡᠯ ᠤᠨ 2024 ᠣᠨ ᠤ ᠠᠩᠬᠠᠳᠤᠭᠠᠷ ᠤᠳᠠᠭ᠎ᠠ ᠶᠢᠨ ᠬᠤᠷᠠᠯ ᠢ ᠡᠷᠬᠢᠯᠡᠨ ᠬᠤᠷᠠᠯᠳᠤᠭᠤᠯᠪᠠ᠃ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠰᠢᠶᠠᠨ ᠤ ᠳᠠᠷᠤᠭ᠎ᠠ ᠶᠠᠩ ᠸᠧᠨ ᠾᠦᠢ ᠪᠣᠯᠤᠨ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠳ ᠬᠤᠷᠠᠯ ᠳᠤ ᠣᠷᠣᠯᠴᠠᠪᠠ᠃ ᠰᠢᠶᠠᠨ ᠭᠠᠵᠠᠷ ᠤᠨ ᠲᠡᠰ ᠤᠨ ᠬᠠᠮᠢᠶ᠎ᠠ ᠪᠦᠬᠦᠢ ᠤᠳᠤᠷᠢᠳᠤᠯᠭ᠎ᠠ᠂ ᠡᠯ᠎ᠡ ᠰᠢᠶᠠᠩ ᠪᠠᠯᠭᠠᠰᠤ ᠪᠣᠯᠤᠨ ᠰᠢᠶᠠᠨ ᠤ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠭᠤᠣᠯ ᠬᠠᠷᠢᠭᠤᠴᠠᠯᠭᠠᠲᠠᠨ ᠨᠥᠬᠦᠳ ᠬᠤᠷᠠᠯ ᠳᠤ ᠰᠤᠯᠠ ᠣᠷᠣᠯᠴᠠᠪᠠ᠃    ᠬᠤᠷᠠᠯ ᠠᠴᠠ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ᠂ ᠶᠡᠷᠦᠩᠬᠡᠢ ᠱᠦᠵᠢ ᠰᠢ ᠶᠢᠨ ᠫᠢᠩ ᠤᠨ ᠱᠠᠨᠰᠢ ᠮᠤᠵᠢ ᠶᠢᠨ ᠱᠠᠩ ᠯᠦᠸᠧ ᠬᠤᠳᠠ ᠶᠢᠨ ᠽᠬ᠎ᠠ ᠱᠦᠢ ᠰᠢᠶᠠᠨ ᠤ ᠬᠢᠯᠢ ᠳᠣᠲᠣᠷᠠᠬᠢ ᠲᠦᠷᠭᠡᠨ ᠳᠠᠪᠬᠢᠬᠤ ᠵᠠᠰᠠᠮᠠᠯ ᠵᠠᠮ ᠤᠨ ᠬᠥᠭᠦᠷᠭᠡ ᠨᠤᠷᠠᠭᠰᠠᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠪᠣᠯᠤᠨ ᠶᠡᠷᠦᠩᠬᠡᠢ ᠰᠠᠶᠢᠳ ᠯᠢ ᠴᠢᠶᠠᠩ ᠤᠨ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠬᠤ ᠶᠢᠨ ᠬᠠᠮᠲᠤ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠲᠤᠬᠢᠷᠠᠭᠤᠯᠤᠨ ᠪᠠᠶᠢᠷᠢᠯᠠᠭᠤᠯᠵᠠᠢ᠃    ᠬᠤᠷᠠᠯ ᠠᠴᠠ᠂ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠬᠦᠳᠡ ᠬᠤᠷᠠᠯ ᠪᠣᠯ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠠᠷ ᠬᠦᠴᠦᠷᠬᠡᠭ ᠤᠯᠤᠰ ᠤᠨ ᠪᠦᠲᠦᠭᠡᠨ ᠪᠠᠶᠢᠭᠤᠯᠤᠯᠲᠠ ᠶᠢ ᠪᠦᠬᠦ ᠲᠠᠯ᠎ᠠ ᠪᠠᠷ ᠠᠬᠢᠭᠤᠯᠬᠤ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠠᠭᠤᠤ ᠦᠢᠯᠡᠰ ᠢ ᠪᠦᠬᠦ ᠲᠠᠯ᠎ᠠ ᠪᠠᠷ ᠠᠬᠢᠭᠤᠯᠬᠤ ᠵᠠᠩᠭᠢᠯᠠᠭ᠎ᠠ ᠶᠢᠨ ᠬᠤᠭᠤᠴᠠᠭᠠᠨ ᠳᠤ ᠬᠤᠷᠠᠯᠳᠤᠭᠰᠠᠨ ᠨᠢᠭᠡ ᠤᠳᠠᠭ᠎ᠠ ᠶᠢᠨ ᠲᠦᠢᠯ ᠤᠨ ᠴᠢᠬᠤᠯᠠ ᠬᠤᠷᠠᠯ ᠪᠣᠯᠤᠨ᠎ᠠ᠃ ᠪᠥᠬᠦᠳᠡ ᠬᠤᠷᠠᠯ ᠢ ᠰᠤᠷᠤᠯᠴᠠᠨ ᠲᠤᠭᠤᠰᠢᠯᠠᠭᠤᠯᠬᠤ ᠤᠯᠤᠰ ᠲᠥᠷᠥ ᠶᠢᠨ ᠤᠬᠠᠮᠰᠠᠷ ᠂ ᠦᠵᠡᠯ ᠰᠠᠨᠠᠭᠠᠨ ᠤ ᠤᠬᠠᠮᠰᠠᠷ ᠪᠠ ᠦᠢᠯᠡ ᠠᠵᠢᠯᠯᠠᠭ᠎ᠠ ᠶᠢᠨ ᠤᠬᠠᠮᠰᠠᠷ ᠢᠶᠠᠨ ᠦᠨᠡᠨ ᠬᠦ ᠴᠢᠩᠭᠠᠳᠬᠠᠵᠤ᠂ ᠲᠡᠷᠡ ᠬᠡᠪ ᠢᠶᠠᠷ ᠨᠢ ᠰᠤᠷᠤᠯᠴᠠᠵᠤ᠂ ᠪᠥᠬᠦ ᠲᠠᠯ᠎ᠠ ᠪᠠᠷ ᠰᠢᠰᠲ᠋ᠧᠮ ᠲᠠᠢ ᠰᠤᠷᠤᠯᠴᠠᠵᠤ᠂ ᠭᠦᠨᠵᠡᠭᠡᠶ ᠰᠡᠳᠬᠢᠨ ᠰᠤᠷᠤᠯᠴᠠᠵᠤ᠂ ᠪᠣᠳᠠᠲᠠᠶ ᠲᠠᠢ ᠤᠶᠠᠯᠳᠤᠭᠤᠯᠤᠨ ᠰᠤᠷᠤᠯᠴᠠᠵᠤ᠂ ᠪᠥᠬᠦᠳᠡ ᠬᠤᠷᠠᠯ ᠤᠨ ᠵᠣᠷᠢᠭ ᠰᠠᠨᠠᠭᠠᠨ ᠤ ᠪᠠᠶᠠᠯᠢᠭ ᠠᠭᠤᠯᠤᠭᠳᠠᠬᠤᠨ ᠪᠠ ᠭᠤᠤᠯ ᠴᠢᠬᠤᠯᠠ ᠠᠭᠤᠯᠭ᠎ᠠ ᠶᠢ ᠴᠢᠷᠮᠠᠶᠢᠨ ᠡᠵᠡᠮᠰᠢᠬᠦ ᠬᠡᠷᠡᠭᠲᠡᠶ᠃ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠦᠷ᠎ᠡ ᠪᠦᠲᠦᠭᠡᠯ ᠢ ᠰᠠᠶᠢᠲᠤᠷ ᠬᠡᠷᠡᠭᠯᠡᠵᠦ᠂ ᠨᠠᠮ ᠤᠨ ᠰᠠᠬᠢᠯᠭ᠎ᠠ ᠪᠠᠲᠤ ᠶᠢᠨ ᠪᠠᠶᠢᠭᠤᠯᠤᠯᠲᠠ ᠪᠣᠯ ᠨᠢᠭᠡ ᠵᠦᠢᠯ ᠤᠨ ᠰᠠᠭᠤᠷᠢ ᠴᠢᠨᠠᠷᠲᠠᠢ᠂ ᠪᠠᠶᠢᠩᠭᠤ ᠶᠢᠨ ᠴᠢᠨᠠᠷᠲᠠᠢ ᠠᠵᠢᠯ ᠮᠥᠨ᠂ ᠡᠷᠬᠡᠪᠰᠢ ᠴᠥᠬᠦᠷᠡᠰᠢ ᠦᠭᠡᠢ ᠪᠠᠶᠢᠩᠭᠤ ᠠᠳᠬᠤᠵᠤ᠂ ᠤᠷᠳᠤ ᠬᠤᠭᠤᠴᠠᠭ᠎ᠠ ᠪᠠᠷ ᠴᠢᠷᠮᠠᠶᠢᠨ ᠠᠵᠢᠯᠯᠠᠵᠤ᠂ ᠡᠷᠬᠡᠪᠰᠢ ᠡᠳᠦᠷ ᠲᠤᠳᠤᠮ ᠤᠨ ᠠᠵᠢᠯ ᠳᠠᠭᠠᠨ ᠠᠭᠤᠰᠤᠯᠴᠠᠵᠤ᠂ ᠪᠠᠶᠢᠩᠭᠤ ᠠᠳᠬᠤᠬᠤ ᠬᠡᠷᠡᠭᠲᠡᠢ᠃ ᠭᠦᠨᠵᠡᠭᠡᠶᠢᠷᠡᠭᠦᠯᠬᠦ᠂ ᠳᠣᠲᠣᠭᠠᠳᠤᠵᠢᠭᠤᠯᠬᠤ᠂ ᠬᠤᠪᠢᠷᠠᠭᠤᠯᠬᠤ ᠠᠵᠢᠯ ᠢ ᠰᠠᠶᠢᠲᠤᠷ ᠬᠢᠵᠦ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠳᠤᠮᠳᠠ ᠠᠴᠠ ᠭᠠᠷᠭᠠᠭᠰᠠᠨ ᠬᠠᠷᠢᠴᠠᠯᠠᠰᠢᠭᠦᠢ ᠦᠨᠡᠨᠴᠢ ᠰᠢᠳᠤᠷᠭᠤ᠂ ᠢᠲᠡᠭᠡᠯ ᠪᠢᠰᠢᠷᠡᠯ ᠢᠶᠠᠨ ᠪᠠᠲᠤᠳᠬᠠᠬᠤ᠂ ᠡᠭᠦᠷᠭᠡ ᠬᠠᠷᠢᠭᠤᠴᠠᠯᠭ᠎ᠠ ᠡᠭᠦᠷᠭᠡᠯᠡᠬᠦ᠂ ᠰᠠᠬᠢᠯᠭ᠎ᠠ ᠪᠠᠲᠤ ᠶᠢ ᠴᠢᠩᠳᠠᠯᠠᠬᠤ᠂ ᠰᠢᠯᠢᠳᠡᠭ ᠰᠤᠷᠲᠠᠯ ᠢ ᠦᠨᠡᠨᠬᠦ ᠪᠦᠬᠦᠳᠡ ᠬᠤᠷᠠᠯ ᠤᠨ ᠵᠣᠷᠢᠭ ᠰᠠᠨᠠᠭ᠎ᠠ ᠪᠣᠯᠤᠨ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠶᠢ ᠲᠣᠭᠤᠰᠢᠯᠠᠭᠤᠯᠣᠨ ᠨᠠᠶᠢᠳᠠᠪᠤᠷᠢᠵᠢᠭᠤᠯᠬᠤ ᠪᠣᠳᠠᠲᠤ ᠠᠵᠢᠯᠯᠠᠭ᠎ᠠ ᠳᠤ ᠢᠯᠡᠷᠡᠭᠦᠯᠵᠦ ᠂ ᠪᠦᠬᠦ ᠰᠢᠶᠠᠨ ᠤ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠴᠢᠷᠮᠠᠶᠢᠨ ᠡᠭᠦᠳᠬᠦ ᠳᠤ ᠪᠠᠲᠤ ᠴᠢᠩᠭ᠎ᠠ ᠪᠠᠲᠤᠯᠠᠭ᠎ᠠ ᠬᠠᠩᠭᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃ ᠣᠳᠣᠬᠠᠨ ᠳᠤ᠂ ᠶᠠᠭ ︽ᠲᠤᠯᠤᠭᠠᠨ ᠰᠠᠷ᠎ᠠ ᠶᠢᠨ ᠰᠡᠭᠦᠯᠴᠢ ᠨᠠᠢᠮᠠᠨ ᠰᠠᠷ᠎ᠠ ᠶᠢᠨ ᠡᠬᠢᠨ︾ ᠤ ᠦᠶᠡᠷ ᠢ ᠰᠡᠷᠭᠡᠶᠢᠯᠡᠬᠦ ᠵᠠᠩᠭᠢᠯᠠᠭ᠎ᠠ ᠶᠢᠨ ᠬᠤᠭᠤᠴᠠᠭ᠎ᠠ ᠪᠠᠶᠢᠵᠤ᠂ ᠦᠶᠡᠷ ᠢ ᠰᠡᠷᠭᠡᠶᠢᠯᠡᠬᠦ ᠪᠠᠶᠢᠳᠠᠯ ᠨᠠᠩ ᠬᠦᠨᠳᠦ ᠬᠡᠴᠡᠭᠦᠦ ᠨᠠᠷᠢᠨ ᠪᠤᠳᠤᠯᠢᠶᠠᠨᠲᠠᠶ ᠪᠠᠶᠢᠨ᠎ᠠ᠃ ᠶᠡᠷᠦᠩᠬᠡᠢ ᠱᠦᠵᠢ ᠰᠢ ᠶᠢᠨ ᠫᠢᠩ ᠤᠨ ᠦᠶᠡᠷ ᠢ ᠰᠡᠷᠭᠡᠶᠢᠯᠡᠵᠦ ᠦᠶᠡᠷ ᠲᠠᠢ ᠲᠡᠮᠡᠴᠡᠨ ᠭᠠᠮᠰᠢᠭ ᠠᠴᠠ ᠠᠪᠤᠷᠠᠬᠤ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠡᠷᠡᠰ ᠲᠣᠭᠤᠰᠢᠯᠠᠭᠤᠯᠣᠨ ᠨᠠᠶᠢᠳᠠᠪᠤᠷᠢᠵᠢᠭᠤᠯᠵᠤ᠂ ᠬᠢᠨᠠᠨ ᠬᠡᠮᠵᠢᠬᠦ ᠠᠷᠭ᠎ᠠ ᠪᠠᠷᠢᠯ ᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠤᠷᠢᠳᠴᠢᠯᠠᠨ ᠰᠡᠷᠡᠮᠵᠢᠯᠡᠭᠦᠯᠬᠦ ᠪᠠ ᠪᠠᠴᠢᠮ ᠪᠠᠶᠢᠳᠠᠯ ᠢ ᠠᠷᠭᠠᠴᠠᠬᠤ ᠶᠢ ᠴᠤᠤᠷᠢᠶᠠᠲᠤᠨ ᠳᠠᠭᠠᠵᠤ ᠬᠤᠯᠪᠣᠭᠠᠯᠠᠨ ᠬᠥᠳᠡᠯᠦᠯᠴᠡᠬᠦ ᠶᠢ ᠴᠢᠩᠭᠠᠳᠬᠠᠵᠤ᠂ ᠭᠤᠣᠯᠳᠠᠯᠭ᠎ᠠ ᠲᠠᠢ ᠣᠷᠣᠨ ᠪᠠᠶᠢᠷᠢ ᠪᠣᠯᠤᠨ ᠪᠠᠭᠤᠷᠠᠢ ᠭᠤᠭᠴᠤᠭ᠎ᠠ ᠶᠢ ᠴᠢᠩᠭ᠎ᠠ ᠠᠩᠬᠠᠷᠴᠤ ᠲᠣᠭᠤᠷᠢᠨ ᠪᠠᠶᠢᠴᠠᠭᠠᠵᠤ ᠵᠢᠬᠰᠠᠭᠠᠨ ᠪᠠᠶᠢᠴᠠᠭᠠᠬᠤ ᠪᠠᠨ ᠴᠢᠩᠭᠠᠳᠬᠠᠵᠤ᠂ ᠠᠶᠤᠯ ᠠᠴᠠ ᠠᠪᠤᠷᠠᠨ ᠲᠤᠰᠠᠯᠠᠵᠤ ᠭᠠᠮᠰᠢᠭ ᠠᠴᠠ ᠠᠪᠤᠷᠠᠬᠤ ᠠᠵᠢᠯ ᠢ ᠨᠢᠭᠡᠳᠦᠯᠲᠡᠢ ᠲᠥᠯᠥᠪᠵᠢᠭᠦᠯᠦᠨ ᠪᠠᠶᠢᠷᠢᠯᠠᠭᠤᠯᠬᠤ ᠪᠠ ᠤᠷᠢᠳᠴᠢᠯᠠᠨ ᠤᠷᠢᠳᠴᠢᠯᠠᠨ ᠪᠠᠶᠢᠷᠢᠯᠠᠭᠤᠯᠬᠤ ᠶᠢ ᠴᠢᠩᠭᠠᠳᠬᠠᠵᠤ᠂ ᠠᠵᠢᠯ ᠤᠨ ᠬᠠᠷᠢᠭᠤᠴᠠᠯᠭ᠎ᠠ ᠪᠠᠨ ᠪᠠᠷᠢᠮᠲᠠᠯᠠᠬᠤ᠂ ᠠᠵᠢᠯ ᠤᠨ ᠬᠠᠷᠢᠭᠤᠴᠠᠯᠭ᠎ᠠ ᠪᠠᠨ ᠰᠠᠬᠢᠬᠤ᠂ ᠠᠵᠢᠯ ᠤᠨ ᠬᠠᠷᠢᠭᠤᠴᠠᠯᠭ᠎ᠠ ᠪᠠᠨ ᠭᠦᠢᠴᠡᠳᠬᠡᠬᠦ ᠶᠢ ᠦᠨᠡᠨ ᠬᠦ ᠪᠡᠶᠡᠯᠡᠭᠦᠯᠵᠦ᠂ ᠠᠷᠠᠳ ᠤᠯᠠᠨ ᠤ ᠠᠮᠢ ᠨᠠᠰᠤ ᠡᠳ᠋ ᠬᠦᠷᠦᠩᠭᠡ ᠶᠢᠨ ᠠᠮᠤᠷ ᠲᠦᠪᠰᠢᠨ ᠢ ᠪᠦᠬᠦ ᠬᠦᠴᠦᠨ ᠢᠶᠠᠷ ᠢᠶᠠᠨ ᠪᠠᠲᠤᠯᠠᠬᠤ ᠬᠡᠷᠡᠭᠲᠡᠢ᠃    ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃ᠣᠷᠴᠢᠭᠤᠯᠣᠭᠴᠢ᠄  ᠬᠠᠨᠠᠭᠠᠷᠬᠢᠨᠠᠭᠴᠢ᠄  ᠬᠠᠨᠠᠭᠠᠷ
 
ᠢᠷᠡᠯᠲᠡ᠄ ᠱᠠᠩᠳᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004288号-2