ᠭᠤᠤ ᠶᠦᠩ ᠪᠢᠨ ᠴᠢᠬᠤᠯᠠ ᠶᠡᠭᠡ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢᠨ ᠪᠠᠶᠢᠳᠠᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2024/7/31
  7 ᠰᠠᠷ᠎ᠠ ᠶᠢᠨ 30 ᠤ ᠡᠳᠦᠷ᠂ ᠤᠯᠠᠭᠠᠨᠴᠠᠪ ᠬᠤᠲᠠ ᠶᠢᠨ ᠳᠡᠳ᠋ ᠳᠠᠷᠤᠭ᠎ᠠ ᠶᠢᠨ ᠨᠡᠷ᠎ᠡ ᠳᠤᠷᠠᠳᠤᠭᠳᠠᠭᠰᠠᠨ ᠵᠢᠱᠢᠭᠳᠡᠭᠴᠢ᠂ ᠱᠠᠩᠳᠤ ᠰᠢᠶᠠᠨ ᠤ ᠨᠠᠮ ᠤᠨ ᠬᠤᠷᠢᠶᠠᠨ ᠤ ᠱᠦᠵᠢ ᠭᠤᠤ ᠶᠦᠩ ᠪᠢᠨ ᠮᠠᠨ ᠤ ᠰᠢᠶᠠᠨ ᠤ ᠴᠢᠬᠤᠯᠠ ᠶᠡᠭᠡ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠪᠠᠶᠢᠳᠠᠯ ᠳᠤ ᠪᠠᠶᠢᠴᠠᠭᠠᠨ ᠰᠤᠳᠤᠯᠤᠯᠲᠠ ᠬᠢᠪᠠ᠃ ᠰᠢᠶᠠᠨ ᠤ ᠤᠳᠤᠷᠢᠳᠤᠯᠭ᠎ᠠ ᠯᠢ ᠶᠠ ᠳ᠋ᠦᠩ᠂ ᠰᠢᠶᠦ᠋ᠩ ᠸᠧᠢ᠂ ᠵᠠᠩ ᠿᠢ ᠭᠤᠤ᠂ ᠬᠦᠷᠢᠶᠡᠯᠡᠩ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ ᠤᠨ ᠨᠠᠮ ᠤᠨ ᠠᠵᠢᠯ ᠤᠨ ᠵᠥᠪᠯᠡᠯ ᠤᠨ ᠱᠦᠵᠢ ᠶᠤᠸᠠᠨ ᠬᠠᠢ ᠬᠤᠩ ᠵᠢᠴᠢ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠭᠤᠣᠯ ᠬᠠᠷᠢᠭᠤᠴᠠᠯᠭᠠᠲᠠᠨ ᠪᠠᠶᠢᠴᠠᠭᠠᠨ ᠰᠤᠳᠤᠯᠤᠯᠲᠠ ᠳᠤ   ᠣᠷᠣᠯᠴᠠᠪᠠ᠃    ᠭᠤᠤ ᠶᠦᠩ ᠪᠢᠨ ᠤᠷᠢᠳ ᠬᠤᠵᠢᠳ ᠱᠠᠩᠳᠤ ᠰᠢᠶᠠᠨ ᠤ ᠭᠠᠯᠲᠤ ᠲᠡᠷᠭᠡᠨ ᠤ ᠦᠷᠳᠡᠭᠡ ᠶᠢᠨ ᠬᠡᠷ ᠪᠠᠶᠢᠰᠢᠩ ᠢ ᠥᠭᠡᠷᠡᠴᠢᠯᠡᠨ ᠪᠠᠶᠢᠭᠤᠯᠬᠤ ᠲᠦᠷᠦᠯ ᠵᠦᠢᠯ ᠤᠨ ᠲᠤᠬᠠᠢ ᠶᠢᠨ ᠲᠠᠯᠠᠪᠠᠢ᠂ ᠤᠮᠠᠷᠠᠲᠤ ᠶᠢᠨ ᠮᠠᠯ ᠤᠨ ᠠᠷᠠᠯᠵᠢᠶᠠᠨ ᠤ ᠵᠠᠬ᠎ᠠ ᠳᠡᠯᠭᠡᠭᠦᠷ ᠤᠨ ᠬᠦᠢᠳᠡᠨ ᠬᠥᠮᠥᠷᠭᠡ ᠶᠢᠨ ᠪᠦᠳᠦᠭᠡᠨ ᠪᠠᠶᠢᠭᠤᠯᠤᠯᠲᠠ ᠶᠢᠨ ᠲᠦᠷᠦᠯ ᠵᠦᠢᠯ ᠤᠨ ᠲᠤᠬᠠᠢ ᠶᠢᠨ ᠲᠠᠯᠠᠪᠠᠢ᠂ ᠥᠪᠥᠷ ᠮᠣᠩᠭᠤᠯ ᠤᠨ ᠾᠧᠩ ᠱᠧᠩ ᠰᠢᠨ᠎ᠡ ᠡᠨᠧᠷᠭᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠶᠢᠨ ᠵᠢᠯ ᠳᠤ 20 ᠲᠦᠮᠡᠨ ᠲᠣᠨ ᠯᠢᠲ᠋ᠢ ᠴᠠᠬᠢᠯᠭᠠᠨ ᠴᠡᠨᠡᠭ ᠤᠨ ᠪᠢᠯᠢᠭ ᠲᠦᠢᠯ ᠤᠨ ᠮᠠᠲ᠋ᠧᠷᠢᠶᠠᠯ ᠢ ᠨᠢᠭᠡ ᠴᠤᠬᠴᠠᠵᠢᠭᠤᠯᠤᠬᠰᠠᠨ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢᠨ ᠲᠤᠬᠠᠢ ᠶᠢᠨ ᠲᠠᠯᠠᠪᠠᠢ ᠵᠢᠴᠢ ᠱᠠᠩᠳᠤ ᠰᠢᠶᠠᠨ ᠤ ᠲᠣᠰᠬᠤᠨ ᠤ ᠱᠠᠲᠤᠨ ᠤ ᠭᠡᠷᠡᠯ ᠴᠡᠨᠡᠭ ᠤᠨ ᠴᠠᠬᠢᠯᠭᠠᠨ ᠦᠷᠳᠡᠭᠡ ᠶᠢᠨ ᠲᠦᠷᠦᠯ ᠵᠦᠢᠯ ᠤᠨ ᠲᠤᠬᠠᠢ ᠶᠢᠨ ᠲᠠᠯᠠᠪᠠᠢ ᠳᠤ ᠬᠦᠷᠴᠦ᠂ ᠬᠠᠷᠢᠭᠤ ᠮᠡᠳᠡᠭᠦᠯᠦᠯᠲᠡ ᠶᠢ ᠰᠣᠨᠣᠰᠬᠤ ᠪᠠ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠬᠦ ᠵᠡᠷᠭᠡ ᠠᠷᠭ᠎ᠠ ᠬᠡᠯᠪᠡᠷᠢ ᠪᠠᠷ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢᠨ ᠪᠠᠶᠢᠳᠠᠯ ᠢ ᠨᠠᠷᠢᠨ ᠣᠶᠢᠯᠠᠭᠠᠬᠤ ᠶᠢᠨ ᠬᠠᠮᠲᠤ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠳᠤ ᠣᠷᠣᠰᠢᠵᠤ ᠪᠠᠶᠢᠭ᠎ᠠ ᠠᠰᠠᠭᠤᠳᠠᠯ ᠢ ᠵᠣᠬᠢᠴᠠᠭᠤᠯᠤᠨ ᠰᠢᠢᠳᠪᠦᠷᠢᠯᠡᠪᠡ᠃    ᠭᠤᠤ ᠶᠦᠩ ᠪᠢᠨ᠂ ᠲᠦᠷᠦᠯ ᠵᠦᠢᠯ ᠤᠨ ᠪᠠᠷᠢᠯᠭ᠎ᠠ ᠶᠢᠨ ᠨᠢᠭᠡᠴᠡ ᠶᠢᠨ ᠬᠢᠨ ᠴᠠᠭ ᠬᠤᠭᠤᠴᠠᠭᠠᠨ ᠤ ᠵᠠᠩᠭᠢᠯᠠᠭ᠎ᠠ ᠶᠢᠨ ᠴᠡᠭ ᠢ ᠴᠢᠩᠭ᠎ᠠ ᠵᠢᠷᠤᠮᠯᠠᠨ ᠲᠤᠬᠢᠷᠠᠭᠤᠯᠤᠯᠳᠠ ᠪᠠᠨ ᠴᠢᠩᠭᠠᠳᠬᠠᠵᠤ᠂ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢ ᠥᠨᠳᠥᠷ ᠪᠠᠷᠢᠮᠵᠢᠶ᠎ᠠ ᠪᠠᠷ ᠠᠬᠢᠭᠤᠯᠵᠤ᠂ ᠲᠦᠷᠦᠯ ᠵᠦᠢᠯ ᠢ ᠡᠷᠲᠡ ᠪᠦᠳᠦᠭᠡᠨ ᠪᠠᠶᠢᠭᠤᠯᠬᠤ᠂ ᠡᠷᠲᠡ ᠠᠰᠢᠭᠯᠠᠯᠲᠠ ᠳᠤ ᠣᠷᠣᠭᠤᠯᠬᠤ᠂ ᠡᠷᠲᠡ ᠦᠷ᠎ᠡ ᠪᠦᠲᠦᠮᠵᠢ ᠤᠯᠬᠤ ᠶᠢ ᠪᠠᠲᠤᠯᠠᠬᠤ ᠬᠡᠷᠡᠭᠲᠡᠢ᠃ ᠡᠭᠦᠨ ᠤ ᠬᠠᠮᠲᠤ᠂ ᠠᠶᠤᠯᠭᠦᠢ ᠦᠢᠯᠡᠳᠪᠦᠷᠢᠯᠡᠯ ᠤᠨ ᠡᠨᠡᠬᠦ ᠬᠥᠪᠴᠢ ᠶᠢ ᠴᠠᠭ ᠢᠮᠠᠭᠲᠠ ᠴᠢᠩᠭᠠᠷᠠᠭᠤᠯᠵᠤ᠂ ᠠᠮᠤᠷ ᠲᠦᠪᠰᠢᠨ ᠤ ᠬᠠᠷᠢᠭᠤᠴᠠᠯᠭ᠎ᠠ ᠶᠢ ᠴᠢᠩᠭ᠎ᠠ ᠪᠣᠳᠠᠲᠠᠢ ᠨᠠᠶᠢᠳᠠᠪᠤᠷᠢᠵᠢᠭᠤᠯᠵᠤ᠂ ᠡᠯ᠎ᠡ ᠵᠦᠢᠯ ᠤᠨ ᠠᠶᠤᠯᠭᠦᠢ ᠦᠢᠯᠡᠳᠪᠦᠷᠢᠯᠡᠯ ᠤᠨ ᠠᠷᠭ᠎ᠠ ᠬᠡᠮᠵᠢᠶ᠎ᠡ ᠶᠢ ᠨᠠᠷᠢᠯᠢᠬᠵᠢᠭᠤᠯᠵᠤ᠂ ᠠᠮᠤᠷ ᠲᠦᠪᠰᠢᠨ ᠤ ᠠᠳᠡᠯ ᠭᠠᠷᠬᠤ ᠶᠢ ᠡᠷᠡᠰ ᠬᠤᠷᠢᠭᠯᠠᠬᠤ ᠬᠡᠷᠡᠭᠲᠡᠢ᠃ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠬᠠᠷᠢᠭᠤᠴᠠᠯᠭᠠᠲᠤ ᠰᠡᠳᠬᠢᠯᠭᠡ ᠪᠣᠯᠤᠨ ᠲᠤᠯᠭᠠᠮ᠎ᠠ ᠰᠡᠳᠬᠢᠯᠭᠡ ᠪᠠᠨ ᠦᠨᠡᠨᠬᠦ ᠴᠢᠩᠭᠠᠳᠬᠠᠵᠤ᠂ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢᠨ ᠳᠤᠮᠳᠠ ᠲᠤᠯᠭᠠᠷᠠᠭᠰᠠᠨ ᠬᠦᠴᠢᠷ ᠠᠰᠠᠭᠤᠳᠠᠯ ᠢ ᠢᠳᠡᠪᠬᠢᠲᠡᠢ ᠵᠣᠬᠢᠴᠠᠭᠤᠯᠤᠨ ᠰᠢᠢᠳᠪᠦᠷᠢᠯᠡᠵᠦ᠂ ᠨᠡᠩ ᠥᠨᠳᠥᠷ ᠪᠠᠷᠢᠮᠵᠢᠶ᠎ᠠ᠂ ᠨᠡᠩ ᠪᠣᠳᠠᠲᠠᠢ ᠠᠷᠭ᠎ᠠ ᠬᠡᠮᠵᠢᠶ᠎ᠡ ᠪᠠᠷ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢᠨ ᠬᠤᠷᠳᠤᠴᠠ ᠶᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ ᠠᠬᠢᠭᠤᠯᠵᠤ᠂ ᠪᠦᠬᠦ ᠰᠢᠶᠠᠨ ᠤ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠬᠦᠴᠦᠷᠬᠡᠭ ᠶᠡᠭᠡ ᠬᠥᠳᠡᠯᠭᠡᠬᠦ ᠬᠦᠴᠦᠨ ᠨᠡᠮᠡᠷᠢᠯᠡᠬᠦ ᠬᠡᠷᠡᠭᠲᠡᠢ ᠭᠡᠵᠦ ᠵᠢᠭᠠᠵᠤ ᠭᠠᠷᠭᠠᠪᠠ᠃ᠣᠷᠴᠢᠭᠤᠯᠣᠭᠴᠢ᠄  ᠬᠠᠨᠠᠭᠠᠷᠬᠢᠨᠠᠭᠴᠢ᠄  ᠬᠠᠨᠠᠭᠠᠷ
 
ᠢᠷᠡᠯᠲᠡ᠄ ᠱᠠᠩᠳᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004288号-2