ᠱᠠᠩᠳᠤ ᠰᠢᠶᠠᠨ ᠰᠢᠨᠵᠢᠯᠡᠬᠦ ᠤᠬᠠᠭᠠᠨ ᠮᠡᠷᠭᠡᠵᠢᠯ ᠤᠨ ᠣᠨᠴᠠ ᠲᠣᠮᠢᠯᠠᠭᠳᠠᠭᠰᠠᠳ ᠤᠨ ᠲᠣᠭᠤᠷᠢᠨ ᠦᠵᠡᠵᠦ ᠪᠣᠯᠪᠠᠰᠤᠷᠠᠭᠤᠯᠬᠤ ᠬᠤᠷᠠᠯ ᠵᠢᠴᠢ ︽ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠲᠦᠮᠡᠨ ᠭᠠᠵᠠᠷ ᠤᠨ ᠠᠶᠠᠯᠠᠯ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠶ᠎ᠡ - ᠪᠥᠬᠦ ᠣᠷᠣᠨ ᠤ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠬᠠᠮ ᠲᠡᠷᠭᠡ ᠶᠢᠨ ᠬᠠᠮᠲᠤᠷᠠᠭᠰᠠᠨ ᠠᠵᠢᠯᠯᠠᠭ᠎ᠠ︾ ᠶᠢᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/7/31
   ᠰᠢᠨᠵᠢᠯᠡᠬᠦ ᠤᠬᠠᠭᠠᠨ ᠮᠡᠷᠭᠡᠵᠢᠯ ᠤᠨ ᠣᠨᠴᠠ ᠲᠣᠮᠢᠯᠠᠭᠳᠠᠭᠰᠠᠳ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠦᠢᠯᠡᠴᠢᠯᠡᠬᠦ ᠴᠢᠳᠠᠪᠤᠷᠢ ᠬᠡᠪ ᠴᠢᠨᠠᠷ ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠮᠠᠯᠵᠢᠬᠤ ᠲᠠᠷᠢᠶᠠᠯᠠᠬᠤ ᠣᠷᠣᠨ ᠤ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠠᠵᠢᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠶᠢᠨ ᠲᠥᠯᠥᠭᠡ᠂ 7 ᠰᠠᠷ᠎ᠠ ᠶᠢᠨ 24 ᠤ ᠡᠳᠦᠷ᠂ ᠱᠠᠩᠳᠤ ᠰᠢᠶᠠᠨ ᠤ ᠰᠢᠨᠵᠢᠯᠡᠬᠦ ᠤᠬᠠᠭᠠᠨ ᠮᠡᠷᠭᠡᠵᠢᠯ ᠤᠨ ᠨᠡᠶᠢᠭᠡᠮᠯᠢᠭ ᠠᠴᠠ ᠰᠢᠨᠵᠢᠯᠡᠬᠦ ᠤᠬᠠᠭᠠᠨ ᠮᠡᠷᠭᠡᠵᠢᠯ ᠤᠨ ᠣᠨᠴᠠ ᠲᠣᠮᠢᠯᠠᠭᠳᠠᠭᠰᠠᠳ ᠤᠨ ᠲᠤᠬᠠᠢ ᠶᠢᠨ ᠲᠠᠯᠠᠪᠤᠷ ᠲᠤ ᠲᠣᠭᠤᠷᠢᠨ ᠦᠵᠡᠵᠦ ᠪᠣᠯᠪᠠᠰᠤᠷᠠᠭᠤᠯᠬᠤ ᠬᠤᠷᠠᠯ ᠵᠢᠴᠢ ︽ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠲᠦᠮᠡᠨ ᠭᠠᠵᠠᠷ ᠤᠨ ᠠᠶᠠᠯᠠᠯ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠶ᠎ᠡ︾ ᠭᠡᠬᠦ ᠠᠵᠢᠯᠯᠠᠭ᠎ᠠ ᠶᠢ ᠡᠷᠬᠢᠯᠡᠪᠡ᠃ ᠪᠦᠬᠦ ᠰᠢᠶᠠᠨ ᠤ ᠰᠢᠨᠵᠢᠯᠡᠬᠦ ᠤᠬᠠᠭᠠᠨ ᠮᠡᠷᠭᠡᠵᠢᠯ ᠤᠨ ᠣᠨᠴᠠ ᠲᠣᠮᠢᠯᠠᠭᠰᠠᠳ᠂ ᠡᠯ᠎ᠡ ᠰᠢᠶᠠᠩ ᠪᠠᠯᠭᠠᠰᠤᠨ ᠤ ᠰᠢᠨᠵᠢᠯᠡᠬᠦ ᠤᠬᠠᠭᠠᠨ ᠮᠡᠷᠭᠡᠵᠢᠯ ᠤᠨ ᠨᠡᠶᠢᠭᠡᠮᠯᠢᠭ ᠤᠨ ᠲᠡᠷᠢᠭᠦᠯᠡᠭᠴᠢ ᠨᠡᠶᠢᠳᠡ 50 ᠭᠠᠷᠤᠢ ᠬᠥᠮᠦᠨ ᠠᠵᠢᠯᠯᠠᠭ᠎ᠠ ᠳᠤ ᠣᠷᠣᠯᠴᠠᠪᠠ᠃    ᠲᠣᠭᠤᠷᠢᠨ ᠰᠤᠷᠤᠯᠴᠠᠬᠤ ᠪᠦᠯᠬᠦᠮ ᠤᠷᠢᠳ ᠬᠤᠵᠢᠳ ᠴᠠᠬᠠᠷ ᠪᠠᠷᠠᠭᠤᠨ ᠭᠠᠷᠤᠨ ᠡᠮᠦᠨᠡᠲᠦ ᠬᠤᠰᠢᠭᠤᠨ ᠤ ᠳᠤᠮᠳᠠᠳᠤ ᠤᠯᠤᠰ ᠤᠨ ᠬᠦᠢᠲᠡᠨ ᠰᠡᠷᠢᠭᠦᠨ ᠢᠳᠡᠰᠢᠨ ᠨᠣᠭᠤᠭ᠎ᠠ ᠶᠢᠨ ᠠᠺᠠᠳᠧᠮᠢᠴᠢ ᠶᠢᠨ ᠠᠵᠢᠯᠯᠠᠬᠤ ᠥᠷᠲᠡᠭᠡ᠂ ᠤᠯᠠᠭᠠᠨᠴᠠᠪ ᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠣᠷᠳᠣᠨ᠂ ᠱᠠᠩᠳᠤ ᠰᠢᠶᠠᠨ ᠤ ᠦᠨᠳᠦᠰᠦᠨ ᠱᠠᠲᠤᠨ ᠤ ᠲᠠᠷᠢᠶᠠᠯᠠᠩ ᠤᠨ ᠮᠡᠷᠭᠡᠵᠢᠯ ᠢ ᠳᠡᠯᠭᠡᠷᠡᠭᠦᠯᠬᠦ ᠵᠢᠱᠢᠶ᠎ᠡ ᠦᠵᠡᠭᠦᠯᠬᠦ ᠰᠠᠭᠤᠷᠢᠨ ᠭᠠᠵᠠᠷ᠂ ᠪᠠᠷᠠᠭᠤᠨ ᠴᠤᠭᠤᠷ ᠤᠨ ᠰᠢᠨᠵᠢᠯᠡᠬᠦ ᠤᠬᠠᠭᠠᠨ ᠮᠡᠷᠭᠡᠵᠢᠯ ᠤᠨ ᠪᠠᠭ᠎ᠠ ᠬᠦᠷᠢᠶᠡᠯᠡᠩ ᠪᠣᠯᠤᠨ ᠴᠠᠭᠠᠨᠨᠠᠭᠤᠷ ᠤᠨ ᠤᠯᠤᠰ ᠤᠨ ᠨᠤᠭᠤ ᠭᠠᠵᠠᠷ ᠤᠨ ᠴᠡᠴᠡᠷᠯᠢᠭ ᠲᠤ ᠬᠦᠷᠴᠦ᠂ ᠲᠤᠬᠠᠶ ᠶᠢᠨ ᠲᠠᠯᠠᠪᠤᠷ ᠲᠤ ᠲᠣᠭᠤᠷᠢᠨ ᠦᠵᠡᠬᠦ᠂ ᠲᠠᠨᠢᠯᠴᠠᠭᠤᠯᠭ᠎ᠠ ᠰᠣᠨᠣᠰᠬᠤ᠂ ᠯᠠᠪᠯᠠᠨ ᠠᠰᠠᠭᠤᠵᠤ ᠰᠣᠯᠢᠯᠴᠠᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ ᠲᠠᠷᠢᠮᠠᠯ ᠤᠨ ᠰᠢᠨ᠎ᠡ ᠡᠭᠦᠯᠳᠡᠷ᠂ ᠰᠢᠨ᠎ᠡ ᠮᠡᠷᠭᠡᠵᠢᠯ ᠤᠨ ᠬᠡᠷᠡᠭᠯᠡᠯᠲᠡ ᠵᠢᠴᠢ ᠢᠳᠡᠰᠢᠨ ᠨᠣᠭᠤᠭ᠎ᠠ ᠶᠢᠨ ᠡᠪᠡᠳᠴᠢᠨ ᠬᠤᠷᠣᠬᠠᠶ ᠶᠢᠨ ᠬᠥᠨᠥᠭᠡᠯ ᠢ ᠰᠡᠷᠭᠡᠶᠢᠯᠡᠨ ᠵᠠᠰᠠᠬᠤ ᠮᠡᠳᠡᠯᠭᠡ ᠶᠢ ᠨᠠᠷᠢᠨ ᠣᠶᠢᠯᠠᠭᠠᠪᠠ᠃    ᠲᠣᠰ ᠤᠳᠠᠭᠠᠨ ᠤ ᠦᠵᠡᠭᠦᠯᠦᠯᠭᠡ ᠶᠢᠨ ᠪᠣᠯᠪᠠᠰᠤᠷᠠᠭᠤᠯᠤᠯ ᠤᠨ ᠬᠤᠷᠠᠯ ᠤᠨ ᠠᠭᠤᠯᠭ᠎ᠠ ᠨᠢ ᠪᠠᠶᠠᠯᠢᠭ᠂ ᠬᠡᠯᠪᠡᠷᠢ ᠨᠢ ᠰᠢᠨ᠎ᠡ ᠰᠡᠪᠡᠭᠦᠨ ᠪᠠᠶᠢᠵᠤ᠂ ᠮᠠᠰᠢ ᠴᠢᠩᠭ᠎ᠠ ᠲᠤᠬᠠᠶᠢᠯᠠᠭᠰᠠᠨ ᠠᠵᠢᠯ ᠤᠨ ᠴᠢᠨᠠᠷ ᠪᠠ ᠠᠵᠢᠯᠯᠠᠭᠠᠨ ᠤ ᠴᠢᠨᠠᠷ ᠲᠠᠢ ᠶᠤᠮ᠂ ᠣᠯᠠᠨ ᠢᠶᠠᠷ ᠢᠶᠠᠨ᠂ ᠰᠢᠨᠵᠢᠯᠡᠬᠦ ᠤᠬᠠᠭᠠᠨ ᠮᠡᠷᠭᠡᠵᠢᠯ ᠤᠨ ᠣᠨᠴᠠ ᠲᠣᠮᠢᠯᠠᠭᠳᠠᠭᠰᠠᠳ ᠤᠨ ᠲᠠᠷᠢᠶᠠᠯᠠᠩ ᠮᠠᠯ ᠠᠵᠤ ᠠᠬᠤᠶ ᠶᠢᠨ ᠭᠠᠷᠤᠯᠲᠠ ᠪᠠᠨ ᠨᠡᠮᠡᠭᠳᠡᠭᠦᠯᠵᠦ ᠦᠷ᠎ᠡ ᠠᠰᠢᠭ ᠢᠶᠠᠨ ᠨᠡᠮᠡᠭᠳᠡᠭᠦᠯᠬᠦ᠂ ᠮᠠᠯᠴᠢᠨ ᠲᠠᠷᠢᠶᠠᠴᠢᠨ ᠤ ᠣᠷᠣᠯᠭ᠎ᠠ ᠪᠠᠨ ᠨᠡᠮᠡᠭᠳᠡᠭᠦᠯᠦᠨ ᠪᠠᠶᠠᠵᠢᠭᠤᠯᠬᠤ ᠠᠵᠢᠯ ᠤᠨ ᠳᠤᠮᠳᠠᠬᠢ ᠢᠳᠡᠪᠬᠢ ᠦᠢᠯᠡᠳᠦᠯ ᠢ ᠭᠦᠢᠴᠡᠳ ᠪᠠᠳᠠᠷᠠᠭᠤᠯᠵᠤ᠂ ᠲᠣᠰ ᠤᠳᠠᠭᠠᠨ ᠤ ᠪᠣᠯᠪᠠᠰᠤᠷᠠᠭᠤᠯᠤᠯ ᠤᠨ ᠰᠣᠷᠣᠭᠰᠠᠨ ᠵᠦᠢᠯ ᠢᠶᠠᠨ ᠠᠵᠢᠯ ᠤᠨ ᠦᠢᠯᠡᠳᠦᠯᠭᠡ ᠳᠡᠭᠡᠨ ᠬᠡᠷᠡᠭᠯᠡᠵᠦ᠂ ᠪᠥᠬᠦ ᠰᠢᠶᠠᠨ ᠤ ᠰᠢᠨ᠎ᠡ ᠶᠢ ᠡᠭᠦᠳᠦᠨ ᠬᠥᠭᠵᠢᠭᠦᠯᠬᠦ ᠴᠢᠳᠠᠪᠤᠷᠢ ᠶᠢ ᠳᠡᠭᠡᠭᠰᠢᠯᠡᠭᠦᠯᠬᠦ᠂ ᠰᠢᠶᠠᠨ ᠤ ᠬᠡᠪᠴᠢᠶᠡᠨ ᠤ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠳᠤ ᠬᠦᠴᠦᠨ ᠴᠢᠳᠠᠯ ᠢᠶᠠᠨ ᠡᠷᠭᠦᠨ᠎ᠡ ᠭᠡᠵᠦ ᠢᠯᠡᠳᠬᠡᠵᠡᠭᠡᠪᠡ᠃
ᠣᠷᠴᠢᠭᠤᠯᠣᠭᠴᠢ᠄  ᠬᠠᠨᠠᠭᠠᠷᠬᠢᠨᠠᠭᠴᠢ᠄  ᠬᠠᠨᠠᠭᠠᠷ
 
ᠢᠷᠡᠯᠲᠡ᠄ ᠱᠠᠩᠳᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004288号-2