ᠱᠠᠩᠳᠤ ᠰᠢᠶᠠᠨ ᠤ ᠴᠡᠷᠢᠭ ᠠᠴᠠ ᠬᠠᠯᠠᠭᠳᠠᠭᠰᠠᠳ ᠤᠨ ᠬᠡᠷᠡᠭ ᠶᠠᠪᠤᠳᠠᠯ ᠤᠨ ᠲᠣᠪᠴᠢᠶ᠎ᠠ ︽ᠬᠤᠶᠠᠷ ᠢ ᠬᠦᠷᠢᠶᠡᠯᠡᠵᠦ ᠬᠠᠮᠲᠤ ᠪᠠᠷ ᠪᠠᠶᠢᠭᠤᠯᠵᠤ ᠨᠠᠢᠮᠠᠨ ᠰᠠᠷ᠎ᠠ ᠶᠢᠨ ᠨᠢᠭᠡᠨ ᠢ ᠪᠡᠯᠭᠡᠯᠡᠵᠦ᠂ ᠴᠡᠷᠢᠭ ᠠᠷᠠᠳ ᠨᠢᠭᠡ ᠭᠡᠷ ᠪᠦᠯᠢ ᠮᠡᠲᠦ ᠠᠭᠤᠰᠤᠯᠴᠠᠬᠤ︾ ᠬᠤᠶᠠᠷ ᠢ ᠬᠦᠷᠢᠶᠡᠯᠡᠬᠦ ᠰᠢᠷᠢᠰ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/7/31
  ᠳᠤᠮᠳᠠᠳᠤ ᠤᠯᠤᠰ ᠤᠨ ᠠᠷᠠᠳ ᠤᠨ ᠴᠢᠯᠥᠭᠡᠯᠡᠬᠦ ᠴᠡᠷᠢᠭ ᠪᠠᠶᠢᠭᠤᠯᠤᠭᠳᠠᠭᠰᠠᠨ 97 ᠵᠢᠯ ᠤᠨ ᠤᠢ ᠶᠢ ᠪᠡᠯᠭᠡᠯᠡᠵᠦ᠂ ᠴᠡᠷᠢᠭ ᠢᠶᠠᠨ ᠬᠦᠷᠢᠶᠡᠯᠡᠨ ᠭᠡᠷ ᠪᠦᠯᠢ ᠶᠢ ᠨᠢ ᠬᠠᠷᠠᠭᠠᠯᠵᠠᠬᠤ᠂ ᠵᠠᠰᠠᠭ ᠢᠶᠠᠨ ᠬᠦᠷᠢᠶᠡᠯᠡᠨ ᠠᠷᠠᠳ ᠢᠶᠠᠨ ᠬᠠᠶᠢᠷᠠᠯᠠᠬᠤ ᠢᠷᠠᠭᠤ ᠠᠯᠳᠠᠷᠲᠤ ᠤᠯᠠᠮᠵᠢᠯᠠᠯ ᠢᠶᠠᠨ ᠤᠯᠠᠮ ᠨᠢᠭᠡ ᠠᠯᠬᠤᠮ ᠪᠠᠳᠠᠷᠠᠭᠤᠯᠵᠤ᠂ ᠪᠦᠬᠦ ᠰᠢᠶᠠᠨ ᠤ ᠴᠡᠷᠢᠭ ᠠᠷᠠᠳ ᠤᠨ ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠬᠤ ᠶᠢ ᠵᠣᠷᠢᠭᠵᠢᠭᠤᠯᠬᠤ ᠶᠢᠨ ᠲᠥᠯᠥᠭᠡ᠂ ᠣᠶᠢᠷ᠎ᠠ ᠳᠤ᠂ ᠱᠠᠩᠳᠤ ᠰᠢᠶᠠᠨ ᠤ ᠴᠡᠷᠢᠭ ᠠᠴᠠ ᠬᠠᠯᠠᠭᠳᠠᠭᠰᠠᠳ ᠤᠨ ᠬᠡᠷᠡᠭ ᠶᠠᠪᠤᠳᠠᠯ ᠤᠨ ᠲᠣᠪᠴᠢᠶ᠎ᠠ ︽8 · 1︾ ᠤ ᠴᠡᠷᠢᠭ ᠪᠠᠶᠢᠭᠤᠯᠤᠭᠳᠠᠬᠤ ᠠᠴᠠ ᠡᠮᠦᠨᠡᠬᠢ ᠭᠠᠯ ᠤᠨᠲᠠᠷᠠᠭᠠᠵᠤ ᠠᠪᠤᠷᠠᠨ ᠲᠤᠰᠠᠯᠠᠬᠤ ᠶᠡᠭᠡ ᠠᠩᠭᠢ ᠲᠠᠢ ᠬᠠᠮᠲᠤᠷᠠᠨ ︽ᠠᠬᠠᠮᠠᠳ ᠴᠡᠷᠢᠭ ᠤᠨ ᠤᠬᠠᠭᠤᠯᠤᠨ ᠲᠠᠶᠢᠯᠪᠤᠷᠢᠯᠠᠬᠤ ᠪᠦᠯᠬᠦᠮ︾ ᠤᠨ ᠤᠬᠠᠭᠤᠯᠤᠨ ᠲᠠᠶᠢᠯᠪᠤᠷᠢᠯᠠᠬᠤ ᠵᠢᠴᠢ ᠤᠯᠠᠭᠠᠨᠮᠥ᠋ᠴᠢᠷ ᠤᠨ ᠲᠣᠬᠤᠨᠢᠭᠤᠯᠬᠤ ᠲᠣᠭᠯᠠᠯᠲᠠ ᠶᠢᠨ ᠠᠵᠢᠯᠯᠠᠭ᠎ᠠ ᠥᠷᠨᠢᠭᠦᠯᠪᠡ᠃    ᠡᠩ ᠲᠡᠷᠢᠭᠦᠨ ᠳᠤ ︽ᠠᠬᠠᠮᠠᠳ ᠴᠡᠷᠢᠭ ᠥᠨᠢ ᠡᠭᠦᠷᠢᠳᠡ ᠨᠠᠮ ᠢᠶᠠᠨ ᠳᠠᠭᠠᠬᠤ︾ ᠪᠠᠷ ᠭᠤᠣᠯ ᠰᠡᠳᠦᠪ ᠪᠣᠯᠭᠠᠭᠰᠠᠨ ᠠᠬᠠᠮᠠᠳ ᠴᠡᠷᠢᠭ ᠤᠨ ᠤᠬᠠᠭᠤᠯᠤᠨ ᠲᠠᠶᠢᠯᠪᠤᠷᠢᠯᠠᠬᠤ ᠪᠦᠯᠬᠦᠮ ᠤᠨ ᠠᠵᠢᠯᠯᠠᠭ᠎ᠠ ᠶᠢ ᠬᠢᠵᠦ᠂ ᠪᠦᠬᠦ ᠤᠯᠤᠰ ᠤᠨ ᠬᠠᠮᠤᠭ ᠤᠨ ᠭᠤᠶᠤ ᠴᠡᠷᠢᠭ ᠤᠨ ᠠᠯᠪᠠᠨ ᠠᠴᠠ ᠪᠠᠭᠤᠭᠰᠠᠨ ᠳ᠋ᠦᠩ ᠫᠸᠢ᠂ ︽ᠨᠢᠭᠡᠳᠦᠭᠡᠷ ᠳᠡᠰ ᠤᠨ ᠭᠠᠪᠢᠶ᠎ᠠ ᠵᠢᠳᠬᠦᠯ︾ ᠣᠯᠤᠭᠰᠠᠨ ᠠᠬᠠᠮᠠᠳ ᠴᠡᠷᠢᠭ ᠢᠦᠢ ᠰᠢᠶᠠᠩ᠂ ᠬᠤᠳᠠ ᠶᠢᠨ ᠬᠠᠮᠤᠭ ᠤᠨ ᠭᠤᠶᠤ ᠴᠡᠷᠢᠭ ᠤᠨ ᠠᠯᠪᠠᠨ ᠠᠴᠠ ᠪᠠᠭᠤᠭᠰᠠᠨ ᠴᠡᠷᠢᠭ ᠸᠠᠩ ᠬᠠᠶᠢᠷ᠎ᠠ ᠶᠢ ᠤᠷᠢᠵᠤ ᠪᠢᠳᠡᠨ ᠳᠤ ᠤᠬᠠᠭᠤᠯᠤᠨ ᠲᠠᠶᠢᠯᠪᠤᠷᠢᠯᠠᠵᠤ᠂ ᠠᠬᠠᠮᠠᠳ ᠴᠡᠷᠢᠭ ᠤᠨ ᠦᠯᠢᠭᠡᠷ ᠬᠥᠮᠦᠰ ᠤᠨ ᠰᠡᠳᠬᠢᠯ ᠢ ᠬᠥᠳᠡᠯᠭᠡᠵᠦ᠂ ᠲᠡᠳᠡᠨ ᠤ ᠵᠣᠷᠢᠭ ᠰᠠᠨᠠᠭ᠎ᠠ ᠶᠢ ᠪᠢᠳᠡ ᠡᠭᠦᠷᠢᠳᠡ ᠴᠡᠭᠡᠵᠢᠯᠡᠵᠦ ᠰᠤᠷᠤᠯᠴᠠᠭᠤᠰᠢᠲᠠᠢ ᠶᠤᠮ᠃    ᠳᠠᠷᠠᠭ᠎ᠠ ᠨᠢ ᠭᠠᠯ ᠤᠨᠲᠠᠷᠠᠭᠠᠬᠤ ᠶᠡᠭᠡ ᠠᠩᠭᠢ ᠶᠢᠨ ᠳᠠᠷᠤᠭ᠎ᠠ ᠣᠯᠠᠨ ᠢ ᠳᠠᠭᠠᠭᠤᠯᠤᠨ ᠬᠤᠶᠠᠳᠤᠭᠠᠷ ᠳᠠᠪᠬᠤᠷᠯᠢᠭ ᠤᠨ ᠦᠵᠡᠭᠦᠯᠭᠡ ᠶᠢᠨ ᠲᠠᠰᠤᠭ᠂ ᠬᠥᠳᠡᠯᠭᠡᠭᠡᠨ ᠤ ᠲᠠᠰᠤᠭ ᠵᠢᠴᠢ ᠨᠢᠭᠡᠳᠦᠭᠡᠷ ᠳᠠᠪᠬᠤᠷᠯᠢᠭ ᠤᠨ ᠴᠠᠭᠳᠠᠭ᠎ᠠ ᠭᠠᠷᠬᠤ ᠲᠣᠨᠤᠭ ᠲᠥᠬᠦᠭᠡᠷᠦᠮᠵᠢ ᠶᠢ ᠲᠣᠭᠤᠷᠢᠨ ᠦᠵᠡᠵᠦ᠂ ᠡᠯ᠎ᠡ ᠵᠦᠢᠯ ᠤᠨ ᠭᠠᠯ ᠤᠨᠲᠠᠷᠠᠭᠠᠬᠤ ᠪᠠᠭᠠᠵᠢ ᠬᠡᠷᠡᠭᠰᠡᠯ ᠪᠣᠯᠤᠨ ᠭᠠᠯ ᠤᠨᠲᠠᠷᠠᠭᠠᠬᠤ ᠠᠮᠤᠷ ᠲᠦᠪᠰᠢᠨ ᠤ ᠮᠡᠳᠡᠯᠭᠡ ᠶᠢ ᠣᠶᠢᠯᠠᠭᠠᠪᠠ᠃    ᠬᠠᠮᠤᠭ ᠰᠡᠭᠦᠯ ᠳᠤ ᠤᠯᠠᠭᠠᠨᠮᠥ᠋ᠴᠢᠷ ᠤᠨ ᠭᠤᠶᠢᠳᠠ ᠰᠠᠶᠢᠬᠠᠨ ᠲᠣᠬᠤᠨᠢᠭᠤᠯᠬᠤ ᠲᠣᠭᠯᠠᠯᠲᠠ ᠵᠢᠴᠢ ᠡᠯ᠎ᠡ ᠨᠢᠭᠡᠴᠡ ᠶᠢᠨ ᠣᠨᠴᠠᠭᠠᠶ ᠲᠣᠭᠯᠠᠯᠲᠠ ᠶᠢ ᠬᠠᠮᠲᠤ ᠪᠠᠷ ᠰᠣᠨᠢᠷᠬᠠᠪᠠ᠃ ᠲᠣᠭᠯᠠᠯᠲᠠ ᠨᠢ ᠰᠦᠷ ᠳᠠᠯᠠᠶᠢᠴᠠᠲᠠᠢ ᠡᠬᠢᠯᠡᠯᠲᠡ ᠶᠢᠨ ᠪᠥᠵᠢᠭ ︽ᠪᠠᠳᠠᠷᠠᠯᠲᠤ ᠦᠶ᠎ᠡ ᠶᠢᠨ ᠳᠤᠮᠳᠠᠳᠤ︾ ᠶᠢᠨ ᠳᠤᠮᠳᠠ ᠬᠥᠰᠢᠭᠡ ᠪᠠᠨ ᠰᠡᠬᠦᠵᠦ᠂ ᠡᠷᠡᠭᠲᠡᠢ ᠶᠢᠨ ᠭᠤᠴᠣᠯᠠᠯ ᠳᠠᠭᠤᠤ᠂ ᠬᠤᠪᠢᠰᠬᠠᠯ ᠤᠨ ᠦᠯᠢᠭᠡᠷ ᠤᠨ ᠶᠠᠷᠢᠶ᠎ᠠ ᠢᠯᠡᠳᠬᠡᠯ᠂ ᠮᠤᠷᠢᠨ ᠬᠤᠭᠤᠷ ᠤᠨ ᠭᠤᠴᠣᠯᠠᠯ ᠬᠥᠭᠵᠢᠮ᠂ ᠤᠷᠠᠨ ᠤᠩᠰᠢᠯᠭ᠎ᠠ ᠵᠡᠷᠭᠡ ᠭᠤᠶᠢᠳᠠ ᠰᠠᠶᠢᠬᠠᠨ ᠲᠣᠭᠯᠠᠯᠲᠠ ᠨᠢ ᠤᠳᠬ᠎ᠠ ᠤᠷᠠᠯᠢᠭ ᠤᠨ ᠪᠠᠭ᠋ᠠᠲᠠᠳ ᠤᠷ᠎ᠠ ᠴᠢᠳᠠᠪᠤᠷᠢ ᠪᠠᠷ ᠢᠶᠠᠨ ᠦᠨᠳᠦᠰᠦᠲᠡᠨ ᠤ ᠵᠣᠷᠢᠭ ᠰᠠᠨᠠᠭ᠎ᠠ ᠪᠣᠯᠤᠨ ᠴᠠᠭ ᠦᠶ᠎ᠡ ᠶᠢᠨ ᠵᠣᠷᠢᠭ ᠰᠠᠨᠠᠭ᠎ᠠ ᠶᠢ ᠮᠠᠭᠲᠠᠨ ᠳᠠᠭᠤᠯᠠᠵᠤ᠂ ᠴᠡᠷᠢᠭ ᠠᠷᠠᠳ ᠠᠭᠤᠰᠤᠯᠴᠠᠭᠰᠠᠨ ᠰᠡᠳᠬᠢᠯ ᠬᠥᠳᠡᠯᠭᠡᠮ᠎ᠡ ᠪᠠᠶᠢᠳᠠᠯ ᠢ ᠢᠯᠡᠷᠡᠭᠦᠯᠵᠦ᠂ ᠴᠡᠷᠢᠭ ᠠᠷᠠᠳ ᠪᠦᠯᠬᠦᠮᠳᠡᠨ ᠨᠢᠭᠡ ᠭᠡᠷ ᠤᠨ ᠬᠥᠮᠦᠨ ᠮᠡᠲᠦ ᠳᠣᠲᠣᠨᠣ ᠪᠠᠶᠢᠬᠤ ᠭᠦᠨ ᠵᠤᠵᠠᠭᠠᠨ ᠠᠭᠤᠷ ᠠᠮᠢᠰᠬᠤᠯ ᠢ ᠪᠤᠢ ᠪᠣᠯᠭᠠᠪᠠ᠃    ︽ᠨᠢᠭᠡ ᠤᠳᠠᠭᠠᠨ ᠤ ᠲᠣᠭᠯᠠᠯᠲᠠ ᠪᠣᠯ ᠨᠢᠭᠡ ᠤᠳᠠᠭᠠᠨ ᠤ ᠵᠣᠷᠢᠭᠵᠢᠭᠤᠯᠤᠯ ᠮᠥᠨ᠂ ᠨᠢᠭᠡ ᠤᠳᠠᠭᠠᠨ ᠤ ᠲᠣᠬᠤᠨᠢᠭᠤᠯᠤᠯ ᠪᠣᠯ ᠨᠢᠭᠡ ᠤᠳᠠᠭᠠᠨ ᠤ ᠳᠠᠶᠢᠴᠢᠯᠠᠯᠲᠠ ᠮᠥᠨ︾ ᠭᠡᠵᠡᠢ᠃ ᠲᠣᠰ ᠤᠳᠠᠭᠠᠨ ᠤ ᠠᠵᠢᠯᠯᠠᠭ᠎ᠠ ᠨᠢ ᠬᠠᠮᠲᠤ ᠶᠢᠨ ᠪᠥᠵᠢᠭ ᠤᠨ ︽ᠲᠠᠨᠠᠷ ᠪᠠᠳᠠᠷᠠᠭᠰᠠᠨ ᠦᠶ᠎ᠡ ᠶᠢᠨ ᠳᠤᠮᠳᠠᠳᠤ ᠤᠯᠤᠰ ᠢᠶᠠᠨ ᠵᠥᠩᠨᠡᠶ᠎ᠡ︾ ᠭᠡᠬᠦ ᠪᠥᠵᠢᠭ ᠤᠨ ᠳᠤᠮᠳᠠ ᠥᠨᠳᠥᠷᠯᠡᠵᠦ᠂ ᠴᠡᠷᠢᠭ ᠢᠶᠠᠨ ᠬᠦᠷᠢᠶᠡᠯᠡᠨ ᠬᠡᠷ ᠪᠦᠯᠢ ᠶᠢ ᠨᠢ ᠬᠠᠷᠠᠭᠠᠯᠵᠠᠬᠤ᠂ ᠵᠠᠰᠠᠭ ᠢᠶᠠᠨ ᠬᠦᠷᠢᠶᠡᠯᠡᠨ ᠠᠷᠠᠳ ᠢᠶᠠᠨ ᠬᠠᠶᠢᠷᠠᠯᠠᠬᠤ᠂ ᠬᠤᠶᠠᠷ ᠢ ᠬᠦᠷᠢᠶᠡᠯᠡᠵᠦ ᠬᠠᠮᠲᠤ ᠪᠠᠷ ᠪᠠᠶᠢᠭᠤᠯᠬᠤ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠣᠯᠭᠠᠭᠰᠠᠨ ᠢᠶᠠᠷ ᠪᠠᠷᠠᠬᠤ ᠥᠬᠡᠶ᠂ ᠪᠠᠰᠠ ᠴᠡᠷᠢᠭ ᠠᠷᠠᠳ ᠪᠦᠯᠬᠦᠮᠳᠡᠨ ᠨᠢᠭᠡᠳᠬᠦ᠂ ᠳᠤᠮᠳᠠᠳᠤ ᠶᠢᠨ ᠵᠡᠭᠦᠳᠦ ᠴᠡᠷᠢᠭ ᠢᠶᠠᠨ ᠬᠦᠴᠦᠷᠬᠡᠭᠵᠢᠭᠦᠯᠬᠦ ᠵᠡᠭᠦᠳᠦ ᠶᠢ ᠬᠠᠮᠲᠤ ᠪᠠᠷ ᠲᠡᠷᠭᠡᠯᠰᠢᠭᠦᠯᠬᠦ ᠢᠲᠡᠭᠡᠯ ᠵᠣᠷᠢᠭ ᠢ ᠨᠡᠮᠡᠭᠳᠡᠭᠦᠯᠵᠡᠶ᠃    ᠰᠢᠶᠠᠨ ᠤ ᠴᠡᠷᠢᠭ ᠠᠴᠠ ᠬᠠᠯᠠᠭᠳᠠᠭᠰᠠᠳ ᠤᠨ ᠬᠡᠷᠡᠭ ᠶᠠᠪᠤᠳᠠᠯ ᠤᠨ ᠲᠤᠪᠴᠢᠶ᠎ᠠ᠂ ᠭᠠᠯ ᠰᠡᠷᠭᠡᠶᠢᠯᠡᠵᠦ ᠭᠠᠯ ᠤᠨᠲᠠᠷᠠᠭᠠᠬᠤ ᠠᠪᠤᠷᠠᠨ ᠲᠤᠰᠠᠯᠠᠬᠤ ᠶᠡᠭᠡ ᠠᠩᠬᠢ᠂ ᠠᠷᠠᠳ ᠤᠨ ᠵᠡᠪᠰᠡᠭᠲᠦ ᠬᠦᠴᠦᠨ ᠤ ᠬᠡᠯᠲᠡᠰ ᠤᠨ ᠠᠵᠢᠯᠳᠠᠨ ᠵᠢᠴᠢ ᠬᠡᠰᠡᠭ ᠴᠡᠷᠢᠭ ᠠᠴᠠ ᠬᠠᠯᠠᠭᠳᠠᠭᠰᠠᠨ ᠠᠬᠠᠮᠠᠳ ᠴᠡᠷᠢᠭ ᠠᠵᠢᠯᠯᠠᠭ᠎ᠠ ᠳᠤ ᠣᠷᠣᠯᠴᠠᠪᠠ᠃
ᠣᠷᠴᠢᠭᠤᠯᠣᠭᠴᠢ᠄  ᠬᠠᠨᠠᠭᠠᠷᠬᠢᠨᠠᠭᠴᠢ᠄  ᠬᠠᠨᠠᠭᠠᠷ
 
ᠢᠷᠡᠯᠲᠡ᠄ ᠱᠠᠩᠳᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004288号-2