ᠱᠠᠩᠳᠤ ᠶᠢᠨ ᠴᠠᠬᠢᠯᠭᠠᠨ ᠬᠠᠩᠭᠠᠬᠤ ᠺᠣᠮᠫᠠᠨᠢ᠄ ᠴᠢᠨᠠᠷ ᠰᠠᠶᠢᠲᠠᠶ ᠴᠠᠬᠢᠯᠭᠠᠨ ᠢ ᠳᠡᠮᠵᠢᠨ ᠲᠠᠷᠢᠶᠠᠯᠠᠩ ᠢ ᠲᠡᠳᠬᠦᠵᠦ ᠡᠯᠪᠡᠭ ᠬᠤᠷᠢᠶᠠᠯᠲᠠ ᠶᠢ ᠠᠬᠢᠭᠤᠯᠤᠨ᠎ᠠ
ᠨᠡᠶᠢᠲᠡᠯᠡᠭᠰᠡᠨ ᠴᠠᠭ᠄
2024/7/31
   ᠱᠠᠩᠳᠤ ᠰᠢᠶᠠᠨ ᠤ ᠲᠦᠨ ᠺᠧᠨ ᠳ᠋ᠦᠢ ᠪᠠᠯᠭᠠᠰᠤᠨ ᠤ ᠵᠠᠶ ᠵᠢᠶᠠ ᠲᠣᠰᠬᠤᠨ ᠳᠤ ᠬᠦᠷᠬᠦ ᠳᠤ᠂ 240 ᠭᠠᠷᠤᠶ ᠮᠦ ᠲᠥᠮᠥᠰᠥ ᠶᠠᠭ ᠰᠠᠶᠢᠬᠠᠨ ᠴᠡᠴᠡᠭ ᠳᠡᠯᠭᠡᠷᠡᠬᠦ ᠤᠯᠠᠷᠢᠯ ᠪᠣᠯᠵᠤ᠂ ᠴᠠᠭᠠᠨ ᠥᠩᠭᠡ ᠶᠢᠨ ᠲᠥᠮᠥᠰᠥ ᠴᠡᠴᠡᠭ ᠳᠡᠯᠭᠡᠷᠡᠬᠦ ᠶᠢ ᠣᠯᠵᠤ ᠬᠠᠷᠠᠪᠠ᠃ ᠲᠥᠮᠥᠰᠥ ᠲᠠᠷᠢᠬᠤ ᠡᠷᠦᠬᠡ ᠯᠢᠦ ᠶᠠᠩ ᠶᠠᠭ ᠬᠦᠴᠦ ᠣᠷᠣᠭᠤᠯᠤᠨ ᠤᠰᠤ ᠣᠷᠣᠭᠤᠯᠵᠤ᠂ ᠬᠤᠲᠣᠭᠤᠷ ᠤᠰᠤ ᠨᠢ ᠲᠥᠮᠥᠰᠥ ᠶᠢᠨ ᠲᠠᠷᠢᠶᠠᠨ ᠳᠤ ᠣᠷᠣᠵᠤ᠂ ᠡᠯᠪᠡᠭ ᠬᠤᠷᠢᠶᠠᠯᠲᠠ ᠶᠢᠨ ᠬᠦᠰᠡᠯ ᠡᠷᠡᠮᠡᠯᠵᠡᠯ ᠲᠠᠯᠪᠢᠵᠤ ᠪᠠᠢᠨ᠎ᠠ᠃    ︽ᠲᠥᠮᠥᠰᠥ ᠪᠠᠰᠠ ᠨᠢᠭᠡ ᠰᠠᠷ᠎ᠠ ᠪᠣᠯᠪᠠᠯ ᠡᠯᠪᠡᠭ ᠬᠤᠷᠢᠶᠠᠯᠲᠠ ᠣᠯᠤᠨ᠎ᠠ᠂ ᠣᠳᠣ ᠶᠠᠭ ᠤᠷᠲᠤ ᠵᠢᠮᠢᠰ ᠤᠨ ᠬᠤᠭᠤᠴᠠᠭ᠎ᠠ ᠪᠠᠶᠢᠵᠤ᠂ ᠥᠴᠦᠬᠡᠨ ᠴᠦ ᠤᠰᠤ ᠳᠤᠲᠠᠭᠳᠠᠵᠤ ᠪᠣᠯᠬᠤ ᠦᠭᠡᠢ᠂ ᠤᠰᠤ ᠤᠰᠤᠯᠠᠵᠤ ᠴᠠᠬᠢᠯᠭᠠᠨ ᠬᠡᠷᠡᠭᠯᠡᠬᠦ ᠲᠠᠯ᠎ᠠ ᠪᠠᠷ ᠶᠠᠮᠠᠷ ᠠᠰᠠᠭᠤᠳᠠᠯ ᠪᠠᠶᠢᠬᠤ ᠡᠰᠡᠬᠦ ᠪᠠᠨ ᠦᠵᠡᠶ᠎ᠡ᠃ ᠱᠠᠩᠳᠤ ᠶᠢᠨ ᠴᠠᠬᠢᠯᠭᠠᠨ ᠬᠠᠩᠭᠠᠬᠤ ᠺᠣᠮᠫᠠᠨᠢ ᠶᠢᠨ ᠨᠠᠮ ᠤᠨ ᠭᠡᠰᠢᠭᠦᠨ ᠤ ᠦᠢᠯᠡᠴᠢᠯᠡᠭᠡᠨ ᠤ ᠠᠩᠬᠢ ᠶᠢᠨ ᠭᠡᠰᠢᠭᠦᠨ ᠦ᠋ ᠸᠧᠢ ᠪᠠᠰᠠ ᠬᠤᠭᠤᠯᠠᠢ ᠢᠶᠠᠨ ᠬᠠᠪᠰᠤᠷᠴᠤ᠂ ᠲᠥᠮᠥᠰᠥ ᠶᠢᠨ ᠲᠠᠷᠢᠶᠠᠨ ᠭᠠᠵᠠᠷ ᠤᠷᠤᠭᠤ ᠶᠠᠪᠤᠪᠠ᠃    ᠵᠤᠨ ᠤ ᠤᠯᠠᠷᠢᠯ ᠤᠨ ᠠᠭᠠᠷ ᠤᠨ ᠳᠤᠯᠠᠭᠠᠨ ᠤ ᠳᠡᠭᠡᠭᠰᠢᠯᠡᠬᠦ ᠶᠢ ᠳᠠᠭᠠᠯᠳᠤᠨ᠂ ᠲᠥᠮᠥᠰᠥ ᠶᠢᠨ ᠤᠷᠭᠤᠴᠠ ᠵᠠᠩᠭᠢᠯᠠᠭ᠎ᠠ ᠶᠢᠨ ᠤᠰᠤ ᠬᠡᠷᠡᠭᠰᠡᠬᠦ ᠬᠤᠭᠤᠴᠠᠭᠠᠨ ᠳᠤ ᠣᠷᠣᠬᠤ ᠪᠣᠯᠤᠨ᠎ᠠ᠃ ᠲᠥᠮᠥᠰᠥᠨ ᠤ ᠤᠰᠤᠯᠠᠯᠲᠠ ᠶᠢᠨ ᠴᠠᠬᠢᠯᠭᠠᠨ ᠬᠡᠷᠡᠭᠯᠡᠬᠦ ᠬᠡᠷᠡᠭᠴᠡᠭᠡ ᠶᠢ ᠬᠠᠩᠭᠠᠬᠤ ᠶᠢᠨ ᠲᠥᠯᠥᠭᠡ᠂ ᠱᠠᠩᠳᠤ ᠶᠢᠨ ᠴᠠᠬᠢᠯᠭᠠᠨ ᠬᠠᠩᠭᠠᠬᠤ ᠺᠣᠮᠫᠠᠨᠢ ᠤᠷᠢᠳᠴᠢᠯᠠᠨ ᠪᠠᠶᠢᠷᠢᠯᠠᠭᠤᠯᠵᠤ᠂ ᠲᠠᠷᠢᠮᠠᠯ ᠤᠨ ᠡᠷᠦᠬᠡ ᠶᠢ ᠰᠠᠨᠠᠭᠠᠴᠢᠯᠠᠭ᠎ᠠ ᠠᠴᠠ ᠪᠠᠨ ᠵᠣᠯᠭᠠᠭᠤᠯᠵᠤ᠂ ᠤᠰᠤᠯᠠᠯᠲᠠ ᠳᠤ ᠬᠡᠷᠡᠭᠯᠡᠬᠦ ᠴᠠᠬᠢᠯᠭᠠᠨ ᠤ ᠳᠠᠭᠠᠭᠠᠴᠠ ᠶᠢᠨ ᠪᠠᠶᠢᠳᠠᠯ ᠢ ᠣᠶᠢᠯᠠᠭᠠᠵᠤ᠂ ᠴᠠᠬᠢᠯᠭᠠᠨ ᠬᠠᠩᠭᠠᠬᠤ ᠶᠢ ᠪᠠᠲᠤᠯᠠᠬᠤ ᠨᠠᠷᠢᠨ ᠲᠥᠰᠦᠯ ᠢ ᠲᠣᠭᠲᠠᠭᠠᠪᠠ᠃ ᠨᠠᠮ ᠤᠨ ᠭᠡᠰᠢᠭᠦᠨ ᠤ ᠦᠢᠯᠡᠴᠢᠯᠡᠭᠡᠨ ᠤ ᠭᠡᠰᠢᠭᠦᠳ ᠲᠠᠷᠢᠶᠠᠨ ᠭᠠᠵᠠᠷ ᠲᠤ ᠭᠦᠨᠵᠡᠭᠡᠶᠢᠷᠡᠵᠦ᠂ ᠴᠠᠬᠢᠯᠭᠠᠨ ᠬᠡᠯᠬᠢᠶ᠎ᠡ ᠶᠢ ᠪᠠᠶᠢᠴᠠᠭᠠᠬᠤ ᠪᠠ ᠲᠥᠬᠦᠭᠡᠷᠦᠮᠵᠢ ᠶᠢ ᠬᠠᠮᠠᠭᠠᠯᠠᠬᠤ ᠠᠵᠢᠯ ᠢ ᠪᠠᠴᠢᠮ ᠶᠠᠭᠠᠷᠠᠯᠲᠠᠢ ᠬᠢᠵᠦ᠂ ᠤᠰᠤᠯᠠᠯᠲᠠ ᠳᠤ ᠬᠤᠯᠪᠣᠭᠳᠠᠬᠤ ᠴᠠᠬᠢᠯᠭᠠᠨ ᠬᠠᠩᠭᠠᠬᠤ ᠱᠤᠭᠤᠮ᠂ ᠬᠦᠴᠦᠳᠡᠯ ᠥᠭᠡᠷᠡᠴᠢᠯᠡᠭᠴᠢ᠂ ᠴᠠᠬᠢᠯᠭᠠᠨ ᠲᠦᠭᠡᠭᠡᠬᠦ ᠬᠠᠶᠢᠷᠴᠠᠭ ᠵᠡᠷᠭᠡ ᠴᠠᠬᠢᠯᠭᠠᠨ ᠬᠦᠴᠦᠨ ᠤ ᠲᠥᠬᠦᠭᠡᠷᠦᠮᠵᠢ ᠳᠤ ᠪᠦᠬᠦ ᠲᠠᠯ᠎ᠠ ᠶᠢᠨ ︽ᠪᠡᠶ᠎ᠡ ᠶᠢᠨ ᠪᠠᠶᠢᠴᠠᠭᠠᠯᠲᠠ︾ ᠬᠢᠵᠦ᠂ ᠠᠮᠤᠷ ᠲᠦᠪᠰᠢᠨ ᠤ ᠭᠡᠮ ᠰᠣᠭᠤᠭ ᠢ ᠴᠠᠭ ᠲᠤᠬᠠᠢ ᠳᠤᠨᠢ ᠠᠷᠢᠯᠭᠠᠵᠤ᠂ ᠲᠥᠮᠥᠰᠥ ᠶᠢᠨ ᠤᠰᠤᠯᠠᠯᠲᠠ ᠶᠢᠨ ᠬᠤᠭᠤᠴᠠᠭᠠᠨ ᠳᠠᠬᠢ ᠴᠠᠬᠢᠯᠭᠠᠨ ᠬᠦᠴᠦᠨ ᠤ ᠲᠣᠭᠲᠠᠭᠤᠨ ᠢᠶᠠᠷ ᠬᠠᠩᠭᠠᠬᠤ ᠶᠢ ᠦᠨᠡᠨ ᠬᠦ ᠪᠠᠲᠤᠯᠠᠪᠠ᠃ ᠡᠭᠦᠨ ᠤ ᠬᠠᠮᠲᠤ ᠲᠠᠷᠢᠮᠠᠯ ᠤᠨ ᠡᠷᠦᠬᠡ ᠳᠤ ᠠᠮᠤᠷ ᠲᠦᠪᠰᠢᠨ ᠢᠶᠠᠷ ᠴᠠᠬᠢᠯᠭᠠᠨ ᠬᠡᠷᠡᠭᠯᠡᠬᠦ ᠮᠡᠳᠡᠯᠭᠡ ᠶᠢ ᠤᠬᠠᠭᠤᠯᠵᠤ᠂ ᠲᠠᠷᠢᠶᠠᠴᠢᠨ ᠡᠷᠦᠬᠡ ᠶᠢᠨ ᠤᠰᠤᠯᠠᠯᠲᠠ ᠶᠢᠨ ᠲᠥᠬᠦᠭᠡᠷᠦᠮᠵᠢ ᠶᠢ ᠵᠥᠪ ᠬᠡᠷᠡᠭᠯᠡᠬᠦ ᠶᠢ ᠵᠢᠯᠣᠭᠤᠳᠴᠤ᠂ ᠠᠮᠤᠷ ᠲᠦᠪᠰᠢᠨ ᠤ ᠤᠬᠠᠮᠰᠠᠷ ᠢ ᠳᠡᠭᠡᠭᠰᠢᠯᠡᠭᠦᠯᠪᠡ᠃    ︽ᠲᠠᠷᠢᠶ᠎ᠠ ᠲᠠᠷᠢᠨ᠎ᠠ ᠤᠤᠯ ᠨᠢ ᠲᠩᠷᠢ ᠶᠢᠨ ᠴᠢᠷᠠᠶ ᠶᠢ ᠬᠠᠷᠠᠵᠤ ᠪᠤᠳᠠᠭ᠎ᠠ ᠢᠳᠡᠳᠡᠭ᠂ ᠤᠰᠤ ᠪᠠᠭ᠎ᠠ ᠬᠡᠷᠡᠭᠯᠡᠳᠡᠭ᠃ ᠣᠳᠣ ᠴᠥᠮ ᠣᠳᠣᠬᠢᠴᠢᠯᠠᠭᠰᠠᠨ ᠤᠰᠤᠯᠠᠯᠲᠠ ᠶᠢᠨ ᠲᠠᠷᠢᠶ᠎ᠠ ᠲᠠᠷᠢᠬᠤ ᠳᠤ ᠮᠠᠰᠢ ᠳᠥᠭᠦᠮ ᠪᠠᠶᠢᠨ᠎ᠠ︾ ᠭᠡᠵᠦ ᠬᠡᠯᠡᠪᠡ᠃ ᠯᠢᠦ ᠶᠠᠩ ᠲᠠᠷᠢᠶᠠᠨ ᠳᠠᠯᠠᠩ ᠢ ᠭᠠᠵᠠᠷ ᠪᠣᠯᠭᠠᠨ ᠳᠤ ᠳᠡᠪᠢᠰᠴᠦ ᠪᠠᠶᠢᠭ᠎ᠠ ᠤᠰᠤᠨ ᠬᠤᠭᠤᠯᠠᠶ ᠶᠢ ᠵᠢᠭᠠᠵᠤ ᠪᠠᠶᠢᠨ᠎ᠠ᠂ ︽ᠴᠠᠬᠢᠯᠭᠠᠨ ᠬᠦᠴᠦ ᠲᠣᠭᠲᠠᠭᠤᠨ᠂ ᠬᠥᠭᠡᠷᠭᠡ ᠶᠢᠨ ᠭᠡᠷ ᠤᠨ ᠳᠠᠷᠤᠯᠲᠠ ᠴᠢᠩᠭ᠎ᠠ᠂ ᠲᠠᠷᠢᠶᠠᠨ ᠭᠠᠵᠠᠷ ᠤᠨ ᠤᠰᠤ ᠢᠷᠡᠬᠦ ᠬᠡᠮᠵᠢᠶ᠎ᠡ ᠮᠠᠰᠢ ᠶᠡᠭᠡ︕︾ ᠭᠡᠵᠦ ᠬᠡᠯᠡᠪᠡ᠃    ᠱᠠᠩᠳᠤ ᠶᠢᠨ ᠴᠠᠬᠢᠯᠭᠠᠨ ᠬᠠᠩᠭᠠᠬᠤ ᠺᠣᠮᠫᠠᠨᠢ ᠲᠤᠰᠬᠠᠶ ᠬᠥᠮᠦᠨ ᠵᠢᠵᠢᠭᠦᠷᠯᠡᠵᠦ᠂ ᠭᠠᠷᠴᠤ ᠮᠡᠳᠡᠬᠦ ᠴᠠᠬᠢᠯᠭᠠᠨ ᠬᠦᠴᠦᠨ ᠤ ᠰᠠᠭᠠᠳ ᠢ ᠴᠠᠭ ᠲᠤᠬᠠᠶ ᠳᠤᠨᠢ ᠰᠢᠶ᠋ᠳᠪᠦᠷᠢᠯᠡᠵᠦ᠂ ᠴᠢᠨᠠᠷ ᠰᠠᠶᠢᠲᠠᠶ᠂ ᠥᠨᠳᠥᠷ ᠪᠦᠲᠦᠮᠵᠢᠲᠡᠶ᠂ ᠳᠥᠭᠦᠮ ᠳᠥᠲᠡ ᠴᠠᠬᠢᠯᠭᠠᠨ ᠬᠦᠴᠦᠨ ᠤ ᠦᠶ᠋ᠯᠡᠴᠢᠯᠡᠭᠡ ᠪᠠᠷ ᠲᠥᠮᠥᠰᠥ ᠶᠢᠨ ᠡᠯᠪᠡᠭ ᠬᠤᠷᠢᠶᠠᠯᠲᠠ ᠳᠤ ᠪᠠᠲᠤ ᠪᠠᠬᠢ ᠪᠠᠲᠤᠯᠠᠭ᠎ᠠ ᠬᠠᠩᠭᠠᠬᠤ ᠶᠢᠨ ᠬᠠᠮᠲᠤ ᠲᠠᠷᠢᠶᠠᠯᠠᠩ ᠤᠨ ᠦᠶ᠋ᠯᠡᠳᠪᠦᠷᠢᠯᠡᠯ ᠢ ᠳᠡᠮᠵᠢᠬᠦ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠬᠥᠳᠡᠭᠡ ᠲᠣᠰᠬᠤᠨ ᠤ ᠴᠠᠬᠢᠯᠭᠠᠨ ᠲᠣᠤᠷ ᠤᠨ ᠪᠥᠲᠥᠭᠡᠨ ᠪᠠᠶᠢᠭᠤᠯᠤᠯᠲᠠ ᠶᠢ ᠲᠠᠰᠤᠷᠠᠯᠲᠠ ᠥᠬᠡᠶ ᠲᠡᠭᠦᠯᠳᠡᠷᠵᠢᠭᠦᠯᠵᠦ᠂ ᠴᠠᠬᠢᠯᠭᠠᠨ ᠬᠠᠩᠭᠠᠬᠤ ᠦᠶ᠋ᠯᠡᠴᠢᠯᠡᠭᠡᠨ ᠤ ᠲᠦᠪᠰᠢᠨ ᠢ ᠳᠡᠭᠡᠭᠰᠢᠯᠡᠭᠦᠯᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠬᠦ ᠳᠤ ᠲᠠᠰᠤᠷᠠᠯᠲᠠ ᠥᠬᠡᠶ ᠴᠠᠬᠢᠯᠭᠠᠨ ᠬᠦᠴᠦᠨ ᠤ ᠬᠥᠳᠡᠯᠭᠡᠬᠦ ᠬᠦᠴᠦᠨ ᠨᠡᠮᠡᠷᠢᠯᠡᠵᠦ ᠪᠠᠶᠢᠨ᠎ᠠ᠃    ᠳᠣᠯᠣᠭᠠᠨ ᠰᠠᠷ᠎ᠠ ᠴᠡᠴᠡᠭ ᠳᠡᠯᠭᠡᠷᠡᠵᠦ᠂ ᠶᠢᠰᠦᠨ ᠰᠠᠷ᠎ᠠ ︽ᠲᠥᠮᠥᠰᠥ︾ ᠠᠩᠬᠢᠯᠤᠮ᠎ᠠ ᠰᠠᠢᠬᠠᠨ᠃ ᠲᠠᠷᠠᠭᠠᠴᠢ ᠶᠢᠨ ᠠᠯᠬᠤᠮ ᠳᠤ᠂ ᠱᠠᠩᠳᠤ ᠶᠢᠨ ᠴᠠᠬᠢᠯᠭᠠᠨ ᠬᠠᠩᠭᠠᠬᠤ ᠺᠣᠮᠫᠠᠨᠢ ᠦᠷᠭᠦᠯᠵᠢᠯᠡᠨ ᠥᠨᠳᠥᠷ ᠪᠦᠲᠦᠮᠵᠢᠲᠡᠶ᠂ ᠴᠢᠨᠠᠷ ᠰᠠᠶᠢᠲᠠᠶ᠂ ᠳᠣᠲᠣᠨᠣ ᠲᠠᠷᠢᠶᠠᠯᠠᠩ ᠢ ᠲᠤᠰᠠᠯᠠᠬᠤ ᠦᠢᠯᠡᠴᠢᠯᠡᠭᠡ ᠪᠠᠷ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠤᠷᠤᠨ᠎ᠠ ᠶᠢᠨ ᠰᠠᠯᠬᠢ ᠶᠢ ᠵᠠᠪᠳᠤᠵᠤ᠂ ︽ᠵᠢᠵᠢᠭ ᠲᠥᠮᠥᠰᠥ︾ ᠶᠢ ᠣᠯᠠᠨ ᠲᠦᠮᠡᠨ ᠤ ᠬᠠᠮᠲᠤ ᠪᠠᠷ ᠴᠢᠨᠡᠭᠡᠯᠢᠭᠵᠢᠬᠦ ᠵᠠᠮ ᠳᠡᠭᠡᠷᠡᠬᠢ ︽ᠲᠣᠮᠣ ᠠᠵᠤ ᠦᠢᠯᠡᠰ︾ ᠪᠣᠯᠭᠠᠨ ᠬᠤᠪᠢᠷᠠᠭᠤᠯᠵᠤ᠂ ᠲᠠᠷᠢᠶᠠᠯᠠᠩ ᠤᠨ ᠭᠠᠷᠤᠯᠲᠠ ᠶᠢ ᠲᠣᠭᠲᠠᠪᠤᠷᠢᠵᠢᠭᠤᠯᠬᠤ᠂ ᠲᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠬᠦ ᠳᠤ ᠬᠦᠴᠦᠨ ᠨᠡᠮᠡᠷᠢᠯᠡᠨ᠎ᠡ᠃
ᠣᠷᠴᠢᠭᠤᠯᠣᠭᠴᠢ᠄  ᠬᠠᠨᠠᠭᠠᠷᠬᠢᠨᠠᠭᠴᠢ᠄  ᠬᠠᠨᠠᠭᠠᠷ
 
ᠢᠷᠡᠯᠲᠡ᠄ ᠱᠠᠩᠳᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004288号-2