ᠪᠠᠷᠢᠯᠭ᠎ᠠ ᠶᠢᠨ ᠬᠤᠭ ᠨᠣᠪᠰᠢ ᠶᠢᠨ ᠬᠠᠮᠢᠶᠠᠷᠤᠯᠲᠠ ᠶᠢ ᠤᠯᠠᠮ ᠨᠢᠭᠡ ᠠᠯᠬᠤᠮ ᠴᠢᠩᠭᠠᠳᠬᠠᠬᠤ ᠲᠤᠬᠠᠶ ᠵᠠᠷᠯᠠᠯ
ᠨᠡᠶᠢᠲᠡᠯᠡᠭᠰᠡᠨ ᠴᠠᠭ᠄
2024/7/4
   ᠮᠠᠨ ᠤ ᠰᠢᠶᠠᠨ ᠤ ᠬᠤᠲᠠ ᠶᠢᠨ ᠲᠣᠭᠤᠷᠢᠭ ᠤᠨ ᠪᠠᠷᠢᠯᠭ᠎ᠠ ᠶᠢᠨ ᠬᠤᠭ ᠨᠣᠪᠰᠢ ᠶᠢᠨ ᠬᠠᠮᠢᠶᠠᠷᠤᠯᠲᠠ ᠶᠢ ᠤᠯᠠᠮ ᠨᠢᠭᠡ ᠠᠯᠬᠤᠮ ᠴᠢᠩᠭᠠᠳᠬᠠᠵᠤ᠂ ᠬᠤᠲᠠ ᠶᠢᠨ ᠲᠣᠭᠤᠷᠢᠭ ᠤᠨ ᠣᠷᠴᠢᠨ ᠲᠣᠭᠤᠷᠢᠨ ᠤ ᠠᠮᠤᠷ ᠲᠦᠪᠰᠢᠨ᠂ ᠴᠡᠪᠡᠷ ᠲᠡᠭᠰᠢ᠂ ᠡᠮᠬᠢ ᠵᠢᠷᠤᠮ ᠲᠠᠢ᠂ ᠠᠭᠠᠷ ᠤᠨ ᠶᠠᠰᠤ ᠴᠢᠨᠠᠷ ᠰᠠᠶᠢᠨ ᠪᠠᠶᠢᠬᠤ ᠶᠢ ᠦᠨᠡᠨᠬᠦ ᠪᠠᠲᠤᠯᠠᠬᠤ ᠶᠢᠨ ᠲᠤᠰᠠᠳᠠ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠭᠠᠷ ᠮᠠᠨᠳᠠᠯ ᠤᠨ ᠪᠣᠬᠢᠷᠲᠤᠯ ᠢ ᠰᠡᠷᠭᠡᠶᠢᠯᠡᠨ ᠵᠠᠰᠠᠬᠤ ᠬᠠᠤᠯᠢ︾᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠠᠲᠠᠭᠤ ᠪᠡᠶᠡᠲᠦ ᠬᠠᠶᠠᠭᠳᠠᠮᠠᠯ ᠪᠣᠳᠠᠰ ᠤᠨ ᠣᠷᠴᠢᠨ ᠲᠣᠭᠤᠷᠢᠨ ᠢ ᠪᠣᠬᠢᠷᠲᠤᠭᠤᠯᠬᠤ ᠶᠢ ᠰᠡᠷᠭᠡᠶᠢᠯᠡᠨ ᠵᠠᠰᠠᠬᠤ ᠬᠠᠤᠯᠢ︾᠂ ︽ᠬᠤᠲᠠ ᠶᠢᠨ ᠪᠠᠷᠢᠯᠭ᠎ᠠ ᠶᠢᠨ ᠬᠤᠭ ᠨᠣᠪᠰᠢ ᠶᠢᠨ ᠬᠠᠮᠢᠶᠠᠷᠤᠯᠲᠠ ᠶᠢᠨ ᠲᠣᠭᠲᠠᠭᠠᠯ︾᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠮ ᠲᠡᠭᠡᠭᠡᠪᠦᠷᠢ ᠶᠢᠨ ᠲᠦᠷᠢᠮ︾ ᠪᠣᠯᠤᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠲᠠ ᠶᠢᠨ ᠦᠵᠡᠮᠵᠢ ᠶᠢᠨ ᠣᠷᠴᠢᠨ ᠲᠣᠭᠤᠷᠢᠨ ᠤ ᠠᠷᠢᠭᠤᠨ ᠴᠡᠪᠡᠷ ᠤᠨ ᠲᠦᠷᠢᠮ︾ ᠵᠡᠷᠭᠡ ᠬᠠᠮᠢᠶ᠎ᠠ ᠪᠥᠬᠦᠶ ᠬᠠᠤᠯᠢ ᠴᠠᠭᠠᠵᠠ ᠬᠠᠤᠯᠢ ᠲᠣᠭᠲᠠᠭᠠᠯ ᠢ ᠦᠨᠳᠦᠰᠦᠯᠡᠨ᠂ ᠮᠠᠨ ᠤ ᠰᠢᠶᠠᠨ ᠤ ᠪᠣᠳᠠᠲᠠᠶ ᠲᠠᠢ ᠪᠠᠨ ᠤᠶᠠᠯᠳᠤᠭᠤᠯᠤᠨ᠂ ᠣᠨᠴᠠᠭᠠᠶᠢᠯᠠᠨ ᠲᠣᠰ ᠬᠠᠮᠢᠶᠠᠷᠤᠯᠲᠠ ᠶᠢᠨ ᠠᠷᠭ᠎ᠠ ᠶᠢ ᠲᠣᠭᠲᠠᠭᠠᠵᠤ᠂ ᠡᠳᠦᠭᠡ ᠬᠤᠯᠪᠣᠭᠳᠠᠯ ᠪᠥᠬᠦᠶ ᠵᠦᠢᠯᠡᠰ ᠢ ᠳᠣᠤᠷᠠᠬᠢ ᠮᠡᠲᠦ ᠵᠠᠷᠯᠠᠶ᠎ᠠ᠄    ᠨᠢᠭᠡ᠂ ᠲᠤᠰ ᠵᠠᠷᠯᠠᠯ ᠳᠤ ᠬᠡᠯᠡᠵᠦ ᠪᠠᠶᠢᠭ᠎ᠠ ᠪᠠᠷᠢᠯᠭ᠎ᠠ ᠶᠢᠨ ᠬᠤᠭ ᠨᠣᠪᠰᠢ ᠭᠡᠳᠡᠭ ᠪᠣᠯ ᠪᠠᠷᠢᠯᠭ᠎ᠠ ᠪᠠᠷᠢᠭᠤᠯᠬᠤ ᠨᠢᠭᠡᠴᠡ᠂ ᠪᠠᠷᠢᠯᠭ᠎ᠠ ᠪᠠᠷᠢᠬᠤ ᠨᠢᠭᠡᠴᠡ ᠪᠤᠶᠤ ᠬᠤᠪᠢ ᠬᠥᠮᠦᠨ ᠤ ᠡᠯ᠎ᠡ ᠲᠥᠷᠥᠯ ᠤᠨ ᠪᠠᠷᠢᠯᠭ᠎ᠠ᠂ ᠪᠠᠷᠢᠯᠭ᠎ᠠ ᠶᠢᠨ ᠵᠦᠢᠯ᠂ ᠬᠤᠭᠤᠯᠠᠶ ᠶᠢᠨ ᠲᠣᠣᠷ ᠵᠡᠷᠭᠡ ᠵᠢᠴᠢ ᠰᠠᠭᠤᠭᠠᠯᠢ ᠠᠷᠠᠳ ᠤᠨ ᠵᠠᠰᠠᠯ ᠴᠢᠮᠡᠭᠯᠡᠯ ᠤᠨ ᠭᠡᠷ ᠪᠠᠶᠢᠰᠢᠩ ᠤᠨ ᠶᠠᠪᠤᠴᠠ ᠳᠤ ᠪᠤᠢ ᠪᠣᠯᠤᠭᠰᠠᠨ ᠬᠠᠶᠠᠭᠳᠠᠮᠠᠯ ᠰᠢᠷᠣᠶ᠂ ᠬᠠᠶᠠᠭᠳᠠᠮᠠᠯ ᠡᠳ᠋ ᠵᠢᠴᠢ ᠪᠤᠰᠤᠳ ᠬᠠᠶᠠᠭᠳᠠᠮᠠᠯ ᠪᠣᠳᠠᠰ ᠢ ᠵᠢᠭᠠᠵᠤ ᠪᠤᠶ᠃    ᠬᠤᠶᠠᠷ᠂ ᠬᠤᠲᠠ ᠶᠢᠨ ᠲᠣᠭᠤᠷᠢᠭ ᠤᠨ ᠶᠠᠮᠠᠷᠪᠠ ᠨᠢᠭᠡᠴᠡ ᠪᠤᠶᠤ ᠬᠤᠪᠢ ᠬᠥᠮᠦᠨ ᠪᠠᠷᠢᠯᠭ᠎ᠠ ᠶᠢᠨ ᠬᠤᠭ ᠨᠣᠪᠰᠢ ᠶᠢ ᠰᠢᠢᠳᠪᠦᠷᠢᠯᠡᠬᠦ ᠳᠤ ᠡᠷᠬᠡᠪᠰᠢ ᠰᠢᠶᠠᠨ ᠤ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ ᠳᠤ ᠭᠤᠶᠤᠴᠢᠯᠠᠯ ᠭᠠᠷᠭᠠᠵᠤ᠂ ᠪᠠᠷᠢᠯᠭ᠎ᠠ ᠶᠢᠨ ᠬᠤᠭ ᠨᠣᠪᠰᠢ ᠶᠢ ᠰᠢᠢᠳᠪᠦᠷᠢᠯᠡᠬᠦ ᠶᠢ ᠬᠢᠨᠠᠨ ᠵᠥᠪᠰᠢᠶᠡᠷᠡᠬᠦ ᠭᠠᠷᠳᠠᠮ ᠢ ᠭᠦᠢᠴᠡᠳᠬᠡᠬᠦ ᠬᠡᠷᠡᠭᠲᠡᠶ᠃ ᠠᠯᠪᠠᠨ ᠪᠠᠶᠢᠭᠤᠯᠭ᠎ᠠ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ᠂ ᠠᠳᠠᠯ ᠠᠬᠤᠢ ᠶᠢᠨ ᠠᠵᠤ ᠠᠬᠤᠶᠢᠯᠠᠯ ᠤᠨ ᠵᠡᠭᠡᠯᠢ ᠳᠠᠭᠠᠤ ᠶᠢᠨ ᠡᠭᠦᠳᠡᠨ ᠳᠡᠯᠭᠡᠭᠦᠷ ᠨᠢ ᠵᠠᠰᠠᠵᠤ ᠴᠢᠮᠡᠭᠯᠡᠬᠦ ᠠᠴᠠ ᠪᠣᠯᠤᠭᠰᠠᠨ ᠵᠠᠰᠠᠵᠤ ᠴᠢᠮᠡᠭᠯᠡᠬᠦ ᠠᠴᠠ ᠪᠣᠯᠤᠭᠰᠠᠨ ᠬᠤᠭ ᠨᠣᠪᠰᠢ ᠶᠢ ᠤᠭᠤᠲᠠᠯᠠᠵᠤ ᠬᠤᠷᠢᠶᠠᠨ ᠴᠤᠭᠯᠠᠭᠤᠯᠬᠤ ᠶᠢ ᠬᠡᠷᠡᠭᠵᠢᠭᠦᠯᠵᠦ᠂ ᠪᠠᠷᠢᠯᠭ᠎ᠠ ᠶᠢᠨ ᠬᠤᠭ ᠨᠣᠪᠰᠢ ᠶᠢ ᠰᠢᠢᠳᠪᠦᠷᠢᠯᠡᠬᠦ ᠵᠥᠪᠰᠢᠶᠡᠷᠡᠯ ᠲᠠᠢ ᠨᠢᠭᠡᠴᠡ ᠪᠣᠯᠤᠨ ᠲᠡᠷᠭᠡ ᠬᠥᠰᠬᠡ ᠶᠢ ᠨᠠᠶᠢᠳᠠᠵᠤ ᠴᠠᠭ ᠲᠤᠬᠠᠶ ᠳᠤᠨᠢ ᠴᠡᠪᠡᠷᠯᠡᠨ ᠵᠦᠭᠡᠭᠡᠪᠦᠷᠢᠯᠡᠨ᠎ᠡ    ᠭᠤᠷᠪᠠ᠂ ᠪᠠᠷᠢᠯᠭ᠎ᠠ ᠶᠢᠨ ᠬᠤᠭ ᠨᠣᠪᠰᠢ ᠶᠢᠨ ᠲᠡᠷᠭᠡ ᠬᠥᠰᠬᠡ ᠲᠡᠭᠡᠭᠡᠪᠦᠷᠢᠯᠡᠬᠦ ᠠᠵᠢᠯ ᠬᠢᠵᠦ ᠪᠠᠶᠢᠭ᠎ᠠ ᠨᠢᠭᠡᠴᠡ ᠪᠠ ᠬᠤᠪᠢ ᠬᠥᠮᠦᠨ ᠡᠷᠬᠡᠪᠰᠢ ᠳᠣᠤᠷᠠᠬᠢ ᠲᠣᠭᠲᠠᠭᠠᠯ ᠢ ᠵᠢᠷᠤᠮᠯᠠᠬᠤ ᠬᠡᠷᠡᠭᠲᠡᠶ᠄    1. ᠬᠤᠲᠠ ᠶᠢᠨ ᠲᠣᠭᠤᠷᠢᠭ ᠲᠤ ᠲᠡᠭᠡᠭᠡᠪᠦᠷᠢ ᠡᠵᠡᠩᠨᠡᠵᠦ ᠪᠠᠶᠢᠭ᠎ᠠ ᠪᠠᠷᠢᠯᠭ᠎ᠠ ᠶᠢᠨ ᠬᠤᠭ ᠨᠣᠪᠰᠢ ᠶᠢᠨ ᠲᠡᠷᠭᠡ ᠬᠥᠰᠬᠡ ᠶᠢ ᠴᠥᠮ ᠺᠣᠮᠫᠠᠨᠢᠴᠢᠯᠠᠨ ᠠᠵᠢᠯᠯᠠᠭᠤᠯᠵᠤ᠂ ᠪᠠᠷᠢᠯᠭ᠎ᠠ ᠶᠢᠨ ᠬᠤᠭ ᠨᠣᠪᠰᠢ ᠶᠢ ᠳᠠᠭᠠᠭᠠᠴᠢᠯᠠᠨ ᠲᠡᠭᠡᠭᠡᠪᠦᠷᠢᠯᠡᠵᠦ ᠪᠠᠶᠢᠭ᠎ᠠ ᠺᠣᠮᠫᠠᠨᠢ ᠪᠠ ᠬᠤᠪᠢ ᠬᠥᠮᠦᠨ ᠡᠷᠬᠡᠪᠰᠢ ᠬᠠᠤᠯᠢ ᠶᠣᠰᠣᠨ ᠤ ᠡᠵᠡᠩᠨᠡᠯᠲᠡ ᠶᠢᠨ ᠬᠢᠷᠢ ᠬᠡᠮ ᠲᠠᠢ ᠪᠠᠶᠢᠬᠤ ᠬᠡᠷᠡᠭᠲᠡᠶ᠃ ᠲᠡᠭᠡᠭᠡᠪᠦᠷᠢ ᠶᠢᠨ ᠬᠢᠷᠢ ᠬᠡᠮ ᠦᠭᠡᠶ ᠨᠢᠭᠡᠴᠡ ᠪᠣᠯᠤᠨ ᠬᠤᠪᠢ ᠬᠥᠮᠦᠨ ᠪᠠᠷᠢᠯᠭ᠎ᠠ ᠶᠢᠨ ᠬᠤᠭ ᠨᠣᠪᠰᠢ ᠪᠣᠯᠤᠨ ᠪᠠᠷᠢᠯᠭ᠎ᠠ ᠶᠢᠨ ᠭᠠᠵᠠᠷ ᠤᠨ ᠪᠠᠷᠢᠯᠭ᠎ᠠ ᠶᠢ ᠳᠤᠷ᠎ᠠ ᠪᠠᠷ ᠢᠶᠠᠨ ᠳᠠᠭᠠᠭᠠᠴᠢᠯᠠᠨ ᠲᠡᠭᠡᠭᠡᠪᠦᠷᠢᠯᠡᠬᠦ᠂ ᠬᠤᠯᠠᠭᠠᠶᠢᠯᠠᠨ ᠲᠡᠭᠡᠭᠡᠪᠦᠷᠢᠯᠡᠬᠦ ᠶᠢ ᠴᠢᠩᠭ᠎ᠠ ᠴᠠᠭᠠᠵᠠᠯᠠᠬᠤ ᠬᠡᠷᠡᠭᠲᠡᠶ᠃    2. ᠪᠠᠷᠢᠯᠭ᠎ᠠ ᠶᠢᠨ ᠬᠤᠭ ᠨᠣᠪᠰᠢ ᠶᠢᠨ ᠲᠡᠷᠭᠡ ᠬᠥᠰᠬᠡ ᠨᠢ ᠡᠷᠬᠡᠪᠰᠢ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠲᠣᠭᠲᠠᠮᠠᠯ ᠬᠤᠭᠤᠴᠠᠭ᠎ᠠ ᠲᠠᠢ ᠪᠠᠷ ᠰᠢᠶᠠᠨ ᠤ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ ᠳᠤ ᠬᠦᠷᠴᠦ ᠬᠢᠷᠢ ᠬᠡᠮ ᠤᠨ ᠬᠢᠨᠠᠨ ᠪᠠᠶᠢᠴᠠᠭᠠᠯᠲᠠ ᠬᠢᠬᠦ ᠶᠢᠨ ᠬᠠᠮᠲᠤ ︽ᠪᠠᠷᠢᠯᠭ᠎ᠠ ᠶᠢᠨ ᠬᠤᠭ ᠨᠣᠪᠰᠢ ᠶᠢᠨ ᠲᠡᠷᠭᠡ ᠬᠥᠰᠬᠡ ᠶᠢᠨ ᠲᠡᠭᠡᠭᠡᠪᠦᠷᠢᠯᠡᠬᠦ ᠶᠢ ᠵᠥᠪᠰᠢᠶᠡᠷᠡᠬᠦ ᠦᠨᠡᠮᠯᠡᠯ︾ ᠢ ᠭᠦᠢᠴᠡᠳᠬᠡᠵᠦ᠂ ᠵᠥᠪᠰᠢᠶᠡᠷᠡᠯ ᠣᠯᠤᠭᠰᠠᠨ ᠦᠭᠡᠢ ᠲᠡᠷᠭᠡ ᠬᠥᠰᠬᠡ ᠶᠢ ᠬᠤᠲᠠ ᠶᠢᠨ ᠲᠣᠭᠤᠷᠢᠭ ᠲᠤ ᠠᠵᠢᠯᠯᠠᠭᠤᠯᠵᠤ ᠪᠣᠯᠬᠤ ᠦᠭᠡᠢ᠃    3. ᠪᠠᠷᠢᠯᠭ᠎ᠠ ᠶᠢᠨ ᠬᠤᠭ ᠨᠣᠪᠰᠢ ᠲᠡᠷᠭᠡ ᠬᠥᠰᠬᠡ ᠲᠡᠭᠡᠭᠡᠪᠦᠷᠢᠯᠡᠬᠦ ᠶᠠᠪᠤᠴᠠ ᠳᠤ᠂ ᠡᠷᠬᠡᠪᠰᠢ ᠢᠯᠡᠳᠬᠡᠮᠵᠢ ᠲᠡᠮᠳᠡᠭ ᠢᠶᠠᠨ ᠢᠯᠡ ᠪᠣᠯᠭᠠᠬᠤ ᠶᠢᠨ ᠬᠠᠮᠲᠤ ᠲᠡᠷᠭᠡᠨ ᠳᠡᠭᠡᠨ ᠠᠪᠴᠤ ᠶᠠᠪᠤᠬᠤ ᠬᠠᠮᠢᠶ᠎ᠠ ᠪᠦᠬᠦᠢ ᠭᠠᠷᠳᠠᠮ ᠢᠶᠠᠨ ᠭᠦᠢᠴᠡᠳᠬᠡᠵᠦ᠂ ᠪᠠᠶᠢᠴᠠᠭᠠᠬᠤ ᠪᠠ ᠬᠢᠨᠠᠯᠲᠠ ᠲᠠᠯᠪᠢᠬᠤ ᠶᠢ ᠤᠬᠠᠮᠰᠠᠷ ᠠᠴᠠ ᠪᠠᠨ ᠬᠦᠯᠢᠶᠡᠬᠦ ᠬᠡᠷᠡᠭᠲᠡᠢ︔ ᠲᠡᠭᠡᠭᠡᠪᠦᠷᠢ ᠶᠢ ᠳᠠᠷᠤᠬᠤ ᠬᠡᠷᠡᠭᠲᠡᠢ᠂ ᠣᠷᠬᠢᠭᠳᠠᠭᠤᠯᠵᠤ ᠪᠣᠯᠬᠤ ᠦᠭᠡᠢ᠃ ᠲᠡᠭᠡᠭᠡᠪᠦᠷᠢ ᠶᠢᠨ ᠪᠠᠷᠢᠯᠭ᠎ᠠ ᠶᠢᠨ ᠬᠤᠭ ᠨᠣᠪᠰᠢ ᠵᠢᠴᠢ ᠪᠠᠷᠢᠯᠭ᠎ᠠ ᠶᠢᠨ ᠭᠠᠵᠠᠷ ᠤᠨ ᠲᠡᠷᠭᠡ ᠬᠥᠰᠬᠡ ᠶᠢ ᠲᠣᠭᠲᠠᠭᠰᠠᠨ ᠲᠡᠭᠡᠭᠡᠪᠦᠷᠢᠯᠡᠬᠦ ᠴᠠᠭ᠂ ᠵᠠᠮ ᠱᠤᠭᠤᠮ ᠢᠶᠠᠷ ᠶᠠᠪᠤᠭᠤᠯᠵᠤ᠂ ᠲᠣᠭᠲᠠᠭᠰᠠᠨ ᠭᠠᠵᠠᠷ ᠲᠤ ᠪᠠᠷᠢᠯᠭ᠎ᠠ ᠶᠢᠨ ᠬᠤᠭ ᠨᠣᠪᠰᠢ ᠶᠢ ᠴᠢᠳᠬᠤᠬᠤ ᠬᠡᠷᠡᠭᠲᠡᠶ᠃ ᠳᠤᠷ᠎ᠠ ᠪᠠᠷ ᠢᠶᠠᠨ ᠠᠰᠬᠠᠭᠰᠠᠨ᠂ ᠳᠤᠷ᠎ᠠ ᠪᠠᠷ ᠢᠶᠠᠨ ᠬᠠᠶᠠᠭᠰᠠᠨ ᠲᠡᠷᠭᠡ ᠬᠥᠰᠬᠡ ᠶᠢ ᠣᠯᠵᠤ ᠮᠡᠳᠡᠪᠡᠯ ᠳᠠᠷᠤᠶ ᠲᠦᠷᠭᠡᠨ ᠪᠠᠶᠢᠴᠠᠭᠠᠨ ᠠᠪᠬᠤ ᠶᠢᠨ ᠬᠠᠮᠲᠤ ᠬᠠᠮᠢᠶ᠎ᠠ ᠪᠥᠬᠦᠶ ᠲᠣᠭᠲᠠᠭᠠᠯ ᠶᠣᠰᠣᠭᠠᠷ ᠬᠦᠨᠳᠦ ᠪᠠᠷ ᠰᠢᠳᠬᠡᠨ᠎ᠡ᠃    4. ᠪᠠᠷᠢᠯᠭ᠎ᠠ ᠶᠢᠨ ᠭᠠᠵᠠᠷ ᠢᠶᠠᠷ ᠣᠷᠣᠵᠤ ᠭᠠᠷᠬᠤ ᠲᠡᠷᠭᠡ ᠬᠥᠰᠬᠡ ᠶᠢ ᠡᠷᠬᠡᠪᠰᠢ ᠲᠡᠷᠭᠡᠨ ᠬᠦᠷᠳᠦ ᠪᠠᠨ ᠴᠡᠪᠡᠷ ᠪᠠᠶᠢᠯᠭᠠᠬᠤ ᠶᠢ ᠪᠠᠲᠤᠯᠠᠵᠤ᠂ ᠰᠢᠪᠠᠷ ᠠᠪᠴᠤ ᠵᠠᠮ ᠳᠤ ᠭᠠᠷᠬᠤ ᠶᠢ ᠴᠢᠩᠭ᠎ᠠ ᠴᠠᠭᠠᠵᠠᠯᠠᠵᠤ᠂ ᠵᠥᠷᠢᠴᠡᠭᠰᠡᠳ ᠢ ᠵᠠᠷᠯᠢᠭᠳᠠᠨ ᠵᠠᠯᠠᠷᠠᠭᠤᠯᠬᠤ ᠶᠢᠨ ᠬᠠᠮᠲᠤ ᠬᠦᠨᠳᠦ ᠪᠠᠷ ᠰᠢᠳᠬᠡᠬᠦ ᠬᠡᠷᠡᠭᠲᠡᠶ᠃    ᠳᠥᠷᠪᠡ᠂ ᠴᠢ ᠲᠠᠢ ᠪᠠᠯᠭᠠᠰᠤᠨ ᠤ ᠬᠤᠲᠠ ᠶᠢᠨ ᠲᠣᠭᠤᠷᠢᠭ ᠤᠨ ᠳᠣᠲᠣᠷᠠᠬᠢ ᠪᠣᠶ ᠪᠥᠬᠦᠶ ᠪᠠᠷᠢᠯᠭ᠎ᠠ ᠶᠢᠨ ᠬᠤᠭ ᠨᠣᠪᠰᠢ ᠶᠢ ᠡᠷᠬᠡᠪᠰᠢ ᠶᠠᠩ ᠵᠢᠶᠠ ᠳ᠋ᠢ ᠳᠤ ᠵᠥᠭᠡᠭᠡᠪᠦᠷᠢᠯᠡᠬᠦ ᠬᠡᠷᠡᠭᠲᠡᠶ᠃ ᠶᠠᠮᠠᠷᠪᠠ ᠨᠢᠭᠡᠴᠡ ᠪᠠ ᠬᠤᠪᠢ ᠬᠥᠮᠦᠨ ᠪᠠᠷᠢᠯᠭ᠎ᠠ ᠶᠢᠨ ᠬᠤᠭ ᠨᠣᠪᠰᠢ ᠶᠢ ᠳᠤᠷ᠎ᠠ ᠪᠠᠷ ᠢᠶᠠᠨ ᠬᠠᠶᠠᠬᠤ᠂ ᠠᠰᠬᠠᠬᠤ ᠪᠤᠶᠤ ᠣᠪᠣᠭᠠᠯᠠᠵᠤ ᠪᠣᠯᠬᠤ ᠦᠭᠡᠢ᠂ ᠪᠠᠷᠢᠯᠭ᠎ᠠ ᠶᠢᠨ ᠬᠤᠭ ᠨᠣᠪᠰᠢ ᠶᠢ ᠳᠤᠷ᠎ᠠ ᠪᠠᠷ ᠢᠶᠠᠨ ᠰᠢᠢᠳᠪᠦᠷᠢᠯᠡᠵᠦ ᠪᠣᠯᠬᠤ ᠦᠭᠡᠢ᠂ ᠪᠠᠷᠢᠯᠭ᠎ᠠ ᠶᠢᠨ ᠬᠤᠭ ᠨᠣᠪᠰᠢ ᠪᠠ ᠠᠮᠢᠳᠤᠷᠠᠯ ᠤᠨ ᠬᠤᠭ ᠨᠣᠪᠰᠢ ᠶᠢ ᠬᠤᠯᠢᠯᠳᠤᠭᠤᠯᠤᠨ ᠰᠢᠢᠳᠪᠦᠷᠢᠯᠡᠵᠦ ᠪᠣᠯᠬᠤ ᠦᠭᠡᠢ᠃ ᠬᠤᠲᠠ ᠶᠢᠨ ᠲᠣᠭᠤᠷᠢᠭ ᠤᠨ ᠡᠯ᠎ᠡ ᠬᠤᠳᠠᠯᠳᠤᠭᠠᠨ ᠤ ᠫᠦᠰᠡ ᠶᠢᠨ ᠵᠠᠰᠠᠵᠤ ᠴᠢᠮᠡᠭᠯᠡᠬᠦ ᠠᠴᠠ ᠪᠣᠯᠤᠭᠰᠠᠨ ᠪᠠᠷᠢᠯᠭ᠎ᠠ ᠶᠢᠨ ᠬᠤᠭ ᠨᠣᠪᠰᠢ ᠶᠢ ᠡᠷᠬᠡᠪᠰᠢ ᠡᠳᠦᠷ ᠤᠨ ᠴᠡᠪᠡᠷᠯᠡᠯᠲᠡ ᠬᠢᠬᠦ ᠬᠡᠷᠡᠭᠲᠡᠶ᠃    ᠲᠠᠪᠤ᠂ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ ᠤᠨ ᠠᠵᠢᠯᠲᠠᠨ ᠤ ᠬᠠᠤᠯᠢ ᠶᠣᠰᠣᠭᠠᠷ ᠠᠵᠢᠯ ᠭᠦᠢᠴᠡᠳᠬᠡᠬᠦ ᠶᠢ ᠲᠡᠪᠴᠢᠭᠰᠡᠨ᠂ ᠬᠠᠷᠰᠢᠯᠠᠭᠰᠠᠨ᠂ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠠᠴᠠ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠮᠤᠷ ᠢ ᠬᠠᠮᠠᠭᠠᠯᠠᠬᠤ ᠬᠠᠮᠢᠶᠠᠷᠤᠯᠲᠠ ᠶᠢᠨ ᠰᠢᠳᠬᠡᠨ ᠲᠣᠷᠭᠠᠬᠤ ᠬᠠᠤᠯᠢ︾ ᠶᠢᠨ ᠶᠣᠰᠣᠭᠠᠷ ᠰᠢᠳᠬᠡᠨ ᠲᠣᠷᠭᠠᠨ᠎ᠠ︔ ᠶᠠᠯ᠎ᠠ ᠳᠤ ᠬᠦᠷᠦᠭᠰᠡᠨ ᠪᠣᠯ ᠬᠠᠤᠯᠢ ᠶᠣᠰᠣᠭᠠᠷ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠨ᠎ᠡ᠃    ᠵᠢᠷᠭᠤᠭ᠎ᠠ᠂ ᠶᠠᠮᠠᠷᠪᠠ ᠨᠢᠭᠡᠴᠡ ᠪᠣᠯᠤᠨ ᠬᠤᠪᠢ ᠬᠥᠮᠦᠨ ᠭᠡᠳ ᠲᠤᠰ ᠵᠠᠷᠯᠠᠯ ᠤᠨ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠢᠯᠡᠴᠢᠯᠡᠨ ᠮᠡᠳᠡᠭᠦᠯᠬᠦ ᠡᠷᠬᠡ ᠲᠠᠢ᠂ ᠪᠠᠶᠢᠴᠠᠭᠠᠬᠤ ᠪᠠᠷ ᠳᠠᠮᠵᠢᠭᠠᠳ ᠦᠨᠡᠨ ᠪᠣᠳᠠᠲᠠᠶ ᠪᠠᠶᠢᠵᠤ᠂ ᠢᠯᠡᠴᠢᠯᠡᠨ ᠮᠡᠳᠡᠭᠦᠯᠦᠭᠴᠢ ᠳᠤ ᠵᠣᠬᠢᠬᠤ ᠱᠠᠩᠨᠠᠯ ᠣᠯᠭᠤᠬᠤ ᠬᠡᠷᠡᠭᠲᠡᠶ᠃    ᠲᠤᠰ ᠵᠠᠷᠯᠠᠯ ᠢ ᠨᠡᠶᠢᠲᠡᠯᠡᠭᠰᠡᠨ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃    ᠬᠢᠨᠠᠯᠲᠠ ᠲᠠᠯᠪᠢᠵᠤ ᠢᠯᠡᠴᠢᠯᠡᠨ ᠮᠡᠳᠡᠭᠦᠯᠬᠦ ᠤᠲᠠᠰᠤ᠄ 0474 - 6902737    ᠡᠭᠦᠨ ᠤ ᠲᠤᠯᠠ ᠣᠨᠴᠠᠭᠠᠶᠢᠯᠠᠨ ᠵᠠᠷᠯᠠᠪᠠ    ᠱᠠᠩᠳᠤ ᠱᠢᠶᠠᠨ ᠶᠢᠨ ᠣᠷᠣᠨ ᠰᠠᠭᠤᠴᠠ ᠪᠣᠯᠤᠨ ᠬᠤᠲᠠ ᠬᠥᠳᠡᠭᠡ ᠶᠢᠨ ᠪᠦᠲᠦᠭᠡᠨ ᠪᠠᠢᠭᠤᠯᠤᠯᠲᠠ ᠶᠢᠨ ᠲᠣᠪᠴᠢᠶ᠎ᠠ    ᠱᠠᠩᠳᠤ ᠰᠢᠶᠠᠨ ᠤ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ    ᠱᠠᠩᠳᠤ ᠱᠢᠶᠠᠨ ᠶᠢᠨ ᠬᠤᠲᠠ ᠶᠢᠨ ᠣᠯᠠᠨ ᠨᠡᠢᠲᠡ ᠶᠢᠨ ᠦᠢᠯᠡᠴᠢᠯᠡᠭᠡᠨ ᠤ ᠲᠥᠪ    ᠤᠯᠠᠭᠠᠨᠴᠠᠪ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠰᠠᠯᠪᠤᠷᠢ ᠠᠩᠭᠢ ᠶᠢᠨ ᠱᠠᠩᠳᠤ ᠱᠢᠶᠠᠨ ᠶᠢᠨ ᠶᠡᠭᠡ ᠠᠩᠭᠢ    2024 ᠣᠨ ᠤ 7 ᠰᠠᠷ᠎ᠠ ᠶᠢᠨ 1 ᠤ ᠡᠳᠦᠷ
 
ᠢᠷᠡᠯᠲᠡ᠄ ᠱᠠᠩᠳᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004288号-2