ᠱᠠᠩᠳᠤ ᠰᠢᠶᠠᠨ ᠤ ︽ᠲᠣᠰᠬᠤᠨ ᠤ ᠳᠠᠭᠤᠤ ᠬᠠᠩᠭᠢᠨᠠᠮ᠎ᠠ︾ ᠬᠥᠳᠡᠭᠡ ᠲᠣᠰᠬᠤᠨ ᠤ ᠳᠠᠭᠤᠤ ᠬᠥᠭᠵᠢᠮ ᠤᠨ ᠨᠠᠶᠢᠷ ᠡᠬᠢᠯᠡᠪᠡ
ᠨᠡᠶᠢᠲᠡᠯᠡᠭᠰᠡᠨ ᠴᠠᠭ᠄
2024/8/13
   8 ᠰᠠᠷ᠎ᠠ ᠶᠢᠨ 10 ᠤ ᠡᠳᠦᠷ᠂ ᠱᠠᠩᠳᠤ ᠰᠢᠶᠠᠨ ᠤ ︽ᠲᠣᠰᠬᠤᠨ ᠤ ᠳᠠᠭᠤᠤ ᠬᠠᠩᠭᠢᠨᠠᠮ᠎ᠠ︾ ᠬᠥᠳᠡᠭᠡ ᠲᠣᠰᠬᠤᠨ ᠤ ᠳᠠᠭᠤᠤ ᠬᠥᠭᠵᠢᠮ ᠤᠨ ᠨᠠᠶᠢᠷ ᠰᠠᠨ ᠳ᠋ᠠ ᠴᠢᠩ ᠰᠢᠶᠠᠩ ᠤᠨ ᠳ᠋ᠦᠩ ᠵᠢᠶᠠ ᠲᠣᠰᠬᠤᠨ ᠳᠤ ᠶᠠᠪᠤᠭᠳᠠᠪᠠ ᠃ ᠤᠯᠠᠭᠠᠨᠴᠠᠪ ᠬᠤᠲᠠ ᠶᠢᠨ ᠳᠡᠳ᠋ ᠬᠤᠲᠠ ᠶᠢᠨ ᠳᠠᠷᠤᠭ᠎ᠠ ᠶᠢᠨ ᠨᠡᠷ᠎ᠡ ᠳᠤᠷᠠᠳᠤᠭᠴᠢ᠂ ᠱᠠᠩᠳᠤ ᠰᠢᠶᠠᠨ ᠤ ᠨᠠᠮ ᠤᠨ ᠬᠤᠷᠢᠶᠠᠨ ᠤ ᠱᠦᠵᠢ ᠭᠤᠤ ᠶᠦᠩ ᠪᠢᠨ᠂ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠰᠢᠶᠠᠨ ᠤ ᠳᠠᠷᠤᠭ᠎ᠠ ᠶᠠᠩ ᠸᠧᠨ ᠾᠦᠢ᠂ ᠰᠢᠶᠠᠨ ᠤ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠭᠦᠸᠧ ᠢᠦᠶ ᠭᠤᠸᠠᠩ᠂ ᠬᠤᠲᠠ ᠶᠢᠨ ᠨᠠᠮ ᠤᠨ ᠬᠤᠷᠢᠶᠠᠨ ᠤ ᠤᠬᠠᠭᠤᠯᠬᠤ ᠬᠡᠯᠲᠡᠰ ᠤᠨ ᠳᠡᠳ᠋ ᠳᠠᠷᠤᠭ᠎ᠠ ᠵᠢᠶᠠ ᠶᠢᠩ ᠵᠧᠨ᠂ ᠬᠤᠲᠠ ᠶᠢᠨ ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠤᠨ ᠲᠣᠪᠴᠢᠶᠠᠨ ᠤ ᠳᠡᠳ᠋ ᠳᠠᠷᠤᠭ᠎ᠠ ᠰᠢᠤᠢ ᠵᠢᠶ ᠬᠤᠩ᠂ ᠬᠤᠲᠠ ᠶᠢᠨ ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠤᠨ ᠲᠣᠪᠴᠢᠶᠠᠨ ᠤ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠳᠤᠭᠤᠶᠢᠯᠠᠩ ᠤᠨ ᠳᠠᠷᠤᠭ᠎ᠠ ᠽᠦᠩ ᠽᠦᠸᠧ ᠮᠧᠶ᠂ ᠬᠤᠲᠠ ᠶᠢᠨ ᠬᠠᠮ ᠵᠠᠭᠤᠴᠢᠯᠠᠭᠤᠷ ᠤᠨ ᠲᠥᠪ ᠤᠨ ᠳᠡᠳ᠋ ᠡᠷᠬᠢᠯᠡᠭᠴᠢ ᠸᠠᠩ ᠵᠢᠶᠠᠨ ᠹᠧᠩ ᠵᠢᠴᠢ ᠰᠢᠶᠠᠨ ᠭᠠᠵᠠᠷ ᠤᠨ ᠲᠠᠰ ᠤᠨ ᠤᠳᠤᠷᠢᠳᠤᠯᠭ᠎ᠠ ᠡᠬᠢᠯᠡᠯᠲᠡ ᠶᠢᠨ ᠶᠣᠰᠣᠯᠠᠯ ᠳᠤ ᠣᠷᠣᠯᠴᠠᠪᠠ᠃ ᠡᠯ᠎ᠡ ᠰᠢᠶᠠᠩ ᠪᠠᠯᠭᠠᠰᠤ᠂ ᠰᠢᠶᠠᠨ ᠤ ᠰᠢᠭᠤᠳ ᠬᠠᠷᠢᠶ᠎ᠠ ᠡᠯ᠎ᠡ ᠰᠠᠯᠠᠭ᠎ᠠ ᠮᠥᠴᠢᠷ ᠤᠨ ᠬᠤᠯᠪᠣᠭᠳᠠᠯ ᠪᠦᠬᠦᠢ ᠬᠠᠷᠢᠭᠤᠴᠠᠯᠭᠠᠲᠠᠨ ᠨᠥᠬᠦᠳ ᠡᠬᠢᠯᠡᠯᠲᠡ ᠶᠢᠨ ᠶᠣᠰᠣᠯᠠᠯ ᠳᠤ ᠣᠷᠣᠯᠴᠠᠪᠠ᠃    ᠡᠬᠢᠯᠡᠯᠲᠡ ᠶᠢᠨ ᠶᠣᠰᠣᠯᠠᠯ ᠳᠡᠭᠡᠷ᠎ᠡ᠂ ᠵᠠᠰᠠᠭ ᠤᠨ ᠣᠷᠳᠣᠨ ᠤ ᠳᠡᠳ᠋ ᠰᠢᠶᠠᠨ ᠤ ᠳᠠᠷᠤᠭ᠎ᠠ ᠸᠧᠶ ᠸᠧᠶ ᠤᠭᠲᠤᠬᠤ ᠦᠭᠡ ᠬᠡᠯᠡᠪᠡ᠃ ᠤᠯᠠᠭᠠᠨᠴᠠᠪ ᠤᠨ ᠶᠢᠨ ᠱᠢ ᠱᠠᠨ ᠰᠣᠶᠣᠯ ᠵᠢᠭᠤᠯᠴᠢᠯᠠᠯ ᠤᠨ ᠬᠢᠵᠠᠭᠠᠷᠲᠤ ᠺᠣᠮᠫᠠᠨᠢ ᠪᠣᠯᠤᠨ ᠱᠠᠩᠳᠤ ᠰᠢᠶᠠᠨ ᠤ ᠢ ᠲᠦᠩ ᠰᠣᠶᠣᠯ ᠵᠢᠭᠤᠯᠴᠢᠯᠠᠯ ᠤᠨ ᠨᠡᠭᠡᠭᠡᠨ ᠬᠥᠭᠵᠢᠭᠦᠯᠬᠦ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠬᠠᠮᠲᠤᠪᠠᠷ ᠶᠢᠨ ᠱᠢ ᠱᠠᠨ ᠤ ᠵᠢᠭᠤᠯᠴᠢᠯᠠᠯ ᠤᠨ ᠨᠡᠭᠡᠭᠡᠨ ᠬᠥᠭᠵᠢᠭᠦᠯᠬᠦ ᠬᠠᠮᠲᠤᠷᠠᠯᠴᠠᠭᠠᠨ ᠤ ᠵᠥᠪᠯᠡᠯᠴᠡᠭᠡᠷ ᠲᠤ ᠭᠠᠷ ᠤᠨ ᠦᠰᠦᠭ ᠵᠢᠷᠤᠪᠠ᠃ ᠰᠢᠦᠢ ᠵᠢᠢ ᠬᠤᠩ ᠶᠠᠷᠢᠶ᠎ᠠ ᠲᠠᠯᠪᠢᠭᠰᠠᠨ ᠪᠥᠭᠡᠳ ︽ᠬᠥᠳᠡᠭᠡ ᠲᠣᠰᠬᠤᠨ ᠤ ᠳᠠᠭᠤᠤ ᠬᠠᠩᠭᠢᠨᠠᠮ᠎ᠠ︾ ᠬᠥᠳᠡᠭᠡ ᠲᠣᠰᠬᠤᠨ ᠤ ᠳᠠᠭᠤᠤ ᠬᠥᠭᠵᠢᠮ ᠤᠨ ᠨᠠᠶᠢᠷ ᠡᠬᠢᠯᠡᠭᠰᠡᠨ ᠢ ᠵᠠᠷᠯᠠᠪᠠ᠃    ᠥᠪᠥᠷ ᠮᠣᠩᠭᠤᠯ ᠤᠨ ᠤᠷᠠᠯᠢᠭ ᠵᠦᠴᠦᠭᠡ ᠶᠢᠨ ᠬᠦᠷᠢᠶᠡᠯᠡᠩ ᠤᠨ ᠦᠨᠳᠦᠰᠦᠲᠡᠨ ᠤ ᠬᠥᠭᠵᠢᠮ ᠤᠨ ᠪᠦᠯᠬᠦᠮ ᠤᠨ ᠬᠥᠭᠵᠢᠮᠴᠢᠳ ᠲᠤᠬᠠᠢ ᠶᠢᠨ ᠲᠠᠯᠠᠪᠠᠢ ᠳᠤ ᠦᠵᠡᠭᠴᠢᠳ ᠲᠤ ᠭᠤᠶᠢᠳᠠ ᠰᠠᠶᠢᠬᠠᠨ ᠤᠷᠠᠨ ᠰᠠᠶᠢᠬᠠᠨ ᠤ ᠲᠣᠭᠯᠠᠯᠲᠠ ᠭᠠᠷᠭᠠᠵᠤ᠂ ᠠᠵᠢᠯᠯᠠᠭ᠎ᠠ ᠶᠢᠨ ᠲᠤᠬᠠᠢ ᠶᠢᠨ ᠲᠠᠯᠠᠪᠠᠢ ᠳᠤ ᠠᠭᠤᠷ ᠠᠮᠢᠰᠬᠤᠯ ᠬᠦᠷ ᠬᠥᠭᠵᠢᠶᠡᠨ ᠲᠠᠢ ᠪᠠᠶᠢᠵᠤ᠂ ᠲᠤᠬᠠᠢ ᠶᠢᠨ ᠲᠠᠯᠠᠪᠠᠢ ᠳᠤ ᠨᠢᠵᠢᠭᠢᠨᠡᠲᠡᠯ᠎ᠡ ᠠᠯᠠᠭ᠎ᠠ ᠲᠠᠰᠢᠯᠳᠠ ᠪᠠ ᠮᠠᠭᠲᠠᠭᠠᠯ ᠰᠠᠶᠢᠰᠢᠶᠠᠯ ᠢ ᠣᠯᠵᠠᠢ᠃ ᠲᠣᠰ ᠤᠳᠠᠭᠠᠨ ᠤ ᠠᠵᠢᠯᠯᠠᠭ᠎ᠠ ᠨᠢ ︽ᠬᠥᠮᠦᠨ ᠤ ᠬᠦᠴᠦᠨ ᠢ ᠲᠥᠪᠯᠡᠷᠡᠭᠦᠯᠬᠦ᠂ ᠬᠤᠳᠠᠯᠳᠤᠭᠠᠨ ᠤ ᠠᠵᠠ ᠲᠣᠬᠢᠶᠠᠯ ᠢ ᠪᠤᠶᠢᠵᠢᠭᠤᠯᠬᠤ᠂ ᠣᠷᠣᠯᠭ᠎ᠠ ᠶᠢ ᠨᠡᠮᠡᠭᠳᠡᠭᠦᠯᠬᠦ ᠶᠢ ᠠᠬᠢᠭᠤᠯᠬᠤ︾ ᠪᠠᠷ ᠭᠤᠤᠯ ᠵᠣᠷᠢᠯᠲᠠ ᠪᠣᠯᠭᠠᠵᠤ᠂ ᠳᠥᠷᠪᠡᠨ ᠡᠳᠦᠷ ᠤᠨ ᠬᠤᠭᠤᠴᠠᠭ᠎ᠠ ᠲᠠᠢ ᠶᠠᠪᠤᠭᠳᠠᠵᠤ᠂ ᠬᠥᠳᠡᠭᠡ ᠲᠣᠰᠬᠤᠨ ᠤ ᠵᠠᠩ ᠦᠢᠯᠡ᠂ ᠥᠪᠡᠰᠦᠪᠡᠨ ᠲᠡᠷᠭᠡ ᠵᠢᠯᠣᠭᠤᠳᠴᠤ ᠬᠡᠭᠡᠷ᠎ᠡ ᠪᠠᠭᠤᠳᠠᠯᠯᠠᠬᠤ᠂ ᠵᠢᠪᠦᠮᠡᠯ ᠳᠠᠭᠤᠤ ᠬᠥᠭᠵᠢᠮ ᠢ ᠣᠶᠢᠯᠠᠭᠠᠬᠤ ᠵᠡᠷᠭᠡ ᠠᠭᠤᠯᠭ᠎ᠠ ᠶᠢᠨ ᠲᠣᠭᠤᠷᠢᠨ ᠳᠤ᠂ ᠤᠯᠠᠮᠵᠢᠯᠠᠯᠲᠤ ᠠᠷᠠᠳ ᠤᠨ ᠵᠠᠩ ᠦᠢᠯᠡ ᠶᠢᠨ ᠰᠣᠶᠣᠯ ᠪᠣᠯᠤᠨ ᠤᠷᠤᠰᠬᠠᠯ ᠤᠨ ᠤᠷᠤᠰᠬᠠᠯ ᠢ ᠤᠶᠠᠯᠳᠤᠭᠤᠯᠤᠭᠰᠠᠨ ᠳᠠᠭᠤᠤ ᠬᠥᠭᠵᠢᠮ ᠤᠨ ᠨᠠᠶᠢᠷ ᠢ ᠪᠣᠶ ᠪᠣᠯᠭᠠᠵᠤ᠂ ᠱᠠᠩᠳᠤ ᠶᠢᠨ ᠰᠣᠶᠣᠯ ᠵᠢᠭᠤᠯᠴᠢᠯᠠᠯ ᠤᠨ ᠨᠠᠷᠠᠲᠤ ᠲᠥᠷᠥᠯ ᠲᠡᠮᠳᠡᠭᠲᠦ ᠶᠢᠨ ︽ᠲᠤᠭᠤᠷᠢᠭ ᠠᠴᠠ ᠭᠠᠷᠭᠠᠬᠤ︾ ᠶᠢ ᠠᠬᠢᠭᠤᠯᠵᠤ᠂ ᠲᠠᠷᠢᠶᠠᠯᠠᠩ ᠰᠣᠶᠣᠯ ᠵᠢᠭᠤᠯᠴᠢᠯᠠᠯ ᠤᠨ ᠭᠦᠨᠵᠡᠭᠡᠶ ᠠᠭᠤᠰᠤᠯᠴᠠᠯ ᠢ ᠠᠬᠢᠭᠤᠯᠵᠤ᠂ ᠰᠣᠶᠣᠯ ᠢᠶᠠᠷ ᠵᠤᠭᠠᠴᠠᠯ ᠢ ᠠᠬᠢᠭᠤᠯᠬᠤ᠂ ᠵᠤᠭᠠᠴᠠᠯ ᠢᠶᠠᠷ ᠲᠠᠷᠢᠶᠠᠯᠠᠩ ᠢ ᠬᠥᠭᠵᠢᠭᠦᠯᠬᠦ ᠶᠢ ᠪᠡᠶᠡᠯᠡᠭᠦᠯᠦᠨ᠎ᠡ᠃    ᠲᠣᠰ ᠤᠳᠠᠭᠠᠨ ᠤ ᠬᠥᠳᠡᠭᠡ ᠲᠣᠰᠬᠤᠨ ᠤ ᠳᠠᠭᠤᠤ ᠬᠥᠭᠵᠢᠮ ᠤᠨ ᠨᠠᠶᠢᠷ ᠪᠣᠯ ᠶᠡᠷᠦᠩᠬᠡᠶ ᠱᠦᠵᠢ ᠰᠢ ᠶᠢᠨ ᠫᠢᠩ ᠤᠨ ︽ᠰᠣᠶᠣᠯ ᠢᠶᠠᠷ ᠵᠢᠭᠤᠯᠴᠢᠯᠠᠯ ᠢ ᠱᠤᠭᠤᠬᠤ ᠶᠢ ᠪᠠᠷᠢᠮᠲᠠᠯᠠᠵᠤ᠂ ᠵᠢᠭᠤᠯᠴᠢᠯᠠᠯ ᠢᠶᠠᠷ ᠰᠣᠶᠣᠯ ᠢ ᠢᠯᠡᠷᠡᠭᠦᠯᠵᠦ᠂ ᠰᠣᠶᠣᠯ ᠪᠠ ᠵᠢᠭᠤᠯᠴᠢᠯᠠᠯ ᠢ ᠠᠭᠤᠰᠤᠯᠴᠠᠭᠤᠯᠤᠨ ᠬᠥᠭᠵᠢᠭᠦᠯᠬᠦ ᠶᠢ ᠠᠬᠢᠭᠤᠯᠬᠤ︾ ᠪᠣᠳᠠᠲᠠᠶ ᠦᠢᠯᠡᠳᠦᠯᠭᠡ ᠶᠢ ᠨᠠᠶᠢᠳᠠᠪᠤᠷᠢᠵᠢᠭᠤᠯᠵᠤ᠂ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ︽ᠪᠡᠭᠡᠵᠢᠩ ᠠᠴᠠ ᠪᠠᠷᠠᠭᠤᠨᠰᠢ᠂ ᠤᠯᠠᠭᠠᠨᠴᠠᠪ ᠬᠤᠲᠠ︾ ᠶᠢᠨ ᠵᠢᠭᠤᠯᠴᠢᠯᠠᠯ ᠤᠨ ᠨᠠᠷᠠᠲᠤ ᠲᠥᠷᠥᠯ ᠲᠡᠮᠳᠡᠭᠲᠦ ᠶᠢ ᠪᠥᠬᠦ ᠬᠦᠴᠦᠨ ᠢᠶᠠᠷ ᠢᠶᠠᠨ ᠴᠣᠭᠴᠠᠯᠠᠬᠤ ᠬᠦᠴᠦᠲᠡᠶ ᠠᠷᠭ᠎ᠠ ᠬᠡᠮᠵᠢᠶ᠎ᠡ ᠮᠥᠨ᠂ ᠪᠠᠰᠠ ᠴᠤ ᠮᠠᠨ ᠤ ᠰᠢᠶᠠᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠ ᠰᠣᠶᠣᠯ ᠵᠢᠭᠤᠯᠴᠢᠯᠠᠯ ᠢ ᠭᠦᠨᠵᠡᠭᠡᠶ ᠠᠭᠤᠰᠤᠯᠴᠠᠭᠤᠯᠬᠤ ᠶᠢ ᠠᠬᠢᠭᠤᠯᠬᠤ ᠰᠢᠨ᠎ᠡ ᠶᠢ ᠡᠭᠦᠳᠬᠦ ᠲᠤᠷᠰᠢᠯᠲᠠ ᠮᠥᠨ᠃ ᠳᠠᠷᠠᠭᠠᠴᠢ ᠶᠢᠨ ᠬᠡᠳᠦᠨ ᠡᠳᠦᠷ ᠤᠨ ᠳᠣᠲᠣᠷ᠎ᠠ᠂ ᠤᠯᠠᠮᠵᠢᠯᠠᠯ ᠨᠢ ᠣᠳᠣ ᠦᠶ᠎ᠡ ᠶᠢᠨ ᠬᠢ ᠲᠠᠢ ᠥᠩᠭᠡ ᠢᠯᠭᠠᠷ ᠠᠮ᠎ᠠ ᠪᠠᠢᠵᠤ᠂ ᠡᠷᠬᠢᠮᠰᠦᠭ ᠵᠠᠩ ᠳᠠᠳᠭᠠᠯ ᠲᠠᠢ ᠠᠭᠤᠰᠤᠯᠴᠠᠨ ᠮᠥᠷᠭᠦᠯ ᠳᠦᠵᠦ᠂ ᠭᠤᠢᠳᠠ ᠰᠠᠢᠬᠠᠨ ᠳᠠᠭᠤᠤ ᠬᠥᠭᠵᠢᠮ ᠤᠨ ᠦᠪᠡᠳᠡᠭᠱᠢ ᠴᠤᠭᠯᠠᠭᠠᠨ ᠨᠢ ᠨᠠᠮᠤᠷ ᠤᠨ ᠤᠯᠠᠷᠢᠯ ᠤᠨ ᠳ᠋ᠦᠩ ᠵᠢᠶᠠ ᠲᠣᠰᠭᠤᠨ ᠳᠤ ᠥᠭᠡᠷ᠎ᠡ ᠵᠦᠢᠯ ᠤᠨ ᠤᠷᠠᠯᠢᠭ ᠤᠨ ᠵᠠᠩ ᠵᠠᠩᠱᠢᠯ ᠢ ᠠᠪᠴᠢᠷᠠᠵᠤ ᠥᠭᠬᠦ ᠪᠣᠯᠤᠨ᠎ᠠ᠃    ᠡᠬᠢᠯᠡᠯᠲᠡ ᠶᠢᠨ ᠶᠣᠰᠣᠯᠠᠯ ᠤᠨ ᠲᠠᠷᠠᠭ᠎ᠠ᠂ ᠬᠤᠷᠠᠯ ᠳᠤ ᠣᠷᠣᠯᠴᠠᠭᠰᠠᠨ ᠤᠳᠤᠷᠢᠳᠤᠯᠭ᠎ᠠ ᠭᠡᠷᠡᠯ ᠵᠢᠷᠤᠭ ᠤᠨ ᠦᠵᠡᠰᠬᠦᠯᠡᠩ ᠪᠣᠯᠤᠨ ᠠᠯᠲᠠᠢ ᠶᠢᠨ ᠳᠣᠯᠤᠭ᠎ᠠ ᠲᠠᠢ ᠦᠵᠡᠮᠵᠢ ᠶᠢᠨ ᠣᠷᠣᠨ ᠢ ᠲᠣᠭᠤᠷᠢᠨ ᠦᠵᠡᠪᠡ᠃ᠣᠷᠴᠢᠭᠤᠯᠣᠭᠴᠢ᠄  ᠬᠠᠨᠠᠭᠠᠷᠬᠢᠨᠠᠭᠴᠢ᠄  ᠬᠠᠨᠠᠭᠠᠷ
 
ᠢᠷᠡᠯᠲᠡ᠄ ᠱᠠᠩᠳᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004288号-2