ᠰᠢᠶᠠᠨ ᠤ ᠨᠠᠮ ᠤᠨ ᠬᠤᠷᠢᠶᠠᠨ ᠤ ᠮᠠᠯᠵᠢᠬᠤ ᠲᠠᠷᠢᠶᠠᠯᠠᠬᠤ ᠣᠷᠣᠨ ᠤ ᠠᠵᠢᠯ ᠤᠨ ᠤᠳᠤᠷᠢᠳᠬᠤ ᠳᠤᠭᠤᠶᠢᠯᠠᠩ 2024 ᠣᠨ ᠤ ᠬᠤᠶᠠᠳᠤᠭᠠᠷ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/8/13
   ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠪᠠ ᠶᠡᠷᠦᠩᠬᠡᠶ ᠱᠦᠵᠢ ᠰᠢ ᠶᠢᠨ ᠫᠢᠩ ᠤᠨ ︽ᠬᠥᠳᠡᠭᠡ ᠠᠵᠤ ᠠᠬᠤᠶ ᠬᠥᠳᠡᠭᠡ ᠲᠣᠰᠬᠤᠨ ᠲᠠᠷᠢᠶᠠᠴᠢᠨ︾ ᠤ ᠠᠵᠢᠯ ᠤᠨ ᠲᠤᠬᠠᠶ ᠴᠢᠬᠤᠯᠠ ᠥᠭᠦᠯᠡᠯᠲᠡ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠬᠤ ᠶᠢᠨ ᠲᠥᠯᠥᠭᠡ᠂ 8 ᠰᠠᠷ᠎ᠠ ᠶᠢᠨ 9 ᠤ ᠡᠳᠦᠷ᠂ ᠤᠯᠠᠭᠠᠨᠴᠠᠪ ᠬᠤᠲᠠ ᠶᠢᠨ ᠳᠡᠳ᠋ ᠳᠠᠷᠤᠭ᠎ᠠ ᠶᠢᠨ ᠨᠡᠷ᠎ᠡ ᠳᠤᠷᠠᠳᠤᠭᠳᠠᠭᠰᠠᠨ ᠵᠢᠱᠢᠭᠳᠡᠭᠴᠢ᠂ ᠱᠠᠩᠳᠤ ᠰᠢᠶᠠᠨ ᠤ ᠨᠠᠮ ᠤᠨ ᠬᠤᠷᠢᠶᠠᠨ ᠤ ᠱᠦᠵᠢ ᠭᠤᠤ ᠶᠦᠩ ᠪᠢᠨ ᠰᠢᠶᠠᠨ ᠤ ᠨᠠᠮ ᠤᠨ ᠬᠤᠷᠢᠶᠠᠨ ᠤ ᠮᠠᠯᠵᠢᠬᠤ ᠲᠠᠷᠢᠶᠠᠯᠠᠬᠤ ᠣᠷᠣᠨ ᠤ ᠠᠵᠢᠯ ᠤᠨ ᠤᠳᠤᠷᠢᠳᠬᠤ ᠳᠤᠭᠤᠶᠢᠯᠠᠩ ᠤᠨ 2024 ᠣᠨ ᠤ ᠬᠤᠶᠠᠳᠤᠭᠠᠷ ᠤᠳᠠᠭ᠎ᠠ ᠶᠢᠨ ᠬᠤᠷᠠᠯ ᠢ ᠡᠷᠭᠢᠯᠡᠨ ᠬᠤᠷᠠᠯᠳᠤᠭᠤᠯᠵᠤ᠂ ᠣᠶᠢᠷ᠎ᠠ ᠶᠢᠨ ᠬᠤᠭᠤᠴᠠᠭᠠᠨ ᠤ ᠭᠤᠤᠯᠳᠠᠯᠭ᠎ᠠ ᠲᠠᠢ ᠠᠵᠢᠯ ᠢ ᠨᠠᠶᠢᠳᠠᠪᠤᠷᠢᠵᠢᠭᠤᠯᠬᠤ ᠶᠢ ᠠᠬᠢᠭᠤᠯᠪᠠ᠃ ᠰᠢᠶᠠᠨ ᠤ ᠤᠳᠤᠷᠢᠳᠤᠯᠭ᠎ᠠ ᠯᠢ ᠶᠠ ᠳ᠋ᠦᠩ᠂ ᠱᠢ ᠼᠦᠢ ᠴᠢᠨ᠂ ᠮᠧᠩ ᠽᠧ ᠴᠢᠶᠦ᠋ᠩ᠂ ᠵᠠᠩ ᠭᠤᠸᠠᠩ᠂ ᠡᠯ᠎ᠡ ᠰᠢᠶᠠᠩ ᠪᠠᠯᠭᠠᠰᠤ᠂ ᠰᠢᠶᠠᠨ ᠤ ᠰᠢᠭᠤᠳ ᠬᠠᠷᠢᠶ᠎ᠠ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃    ᠬᠤᠷᠠᠯ ᠠᠴᠠ᠂ ᠡᠯ᠎ᠡ ᠰᠢᠶᠠᠩ ᠪᠠᠯᠭᠠᠰᠤ᠂ ᠡᠯ᠎ᠡ ᠰᠠᠯᠠᠭ᠎ᠠ ᠮᠥᠴᠢᠷ ᠤᠨ ᠬᠢᠨ ᠤᠯᠤᠰ ᠲᠦᠷᠦ ᠶᠢᠨ ᠬᠠᠷᠢᠭᠤᠴᠠᠯᠭ᠎ᠠ ᠪᠠᠨ ᠴᠢᠩᠭ᠎ᠠ ᠪᠣᠳᠠᠲᠠᠶᠢᠵᠢᠭᠤᠯᠵᠤ᠂ ︽ᠨᠢᠭᠡ ᠬᠥᠯᠭᠡ ᠰᠢᠳᠠᠷ᠎ᠠ︾ ᠶᠢᠨ ᠦᠵᠡᠯ ᠰᠠᠨᠠᠭ᠎ᠠ ᠶᠢ ᠪᠠᠲᠤ ᠪᠤᠢ ᠪᠣᠯᠭᠠᠵᠤ᠂ ᠪᠦᠬᠦ ᠲᠠᠯ᠎ᠠ ᠶᠢᠨ ᠦᠨᠳᠦᠷᠴᠡ ᠠᠴᠠ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠲᠦᠮᠵᠢᠲᠡᠢ ᠵᠣᠯᠭᠠᠭᠤᠯᠬᠤ ᠠᠵᠢᠯ ᠤᠨ ᠭᠤᠣᠯᠳᠠᠯᠭ᠎ᠠ ᠶᠢ ᠡᠵᠡᠮᠳᠡᠵᠦ᠂ ᠪᠣᠳᠠᠲᠠᠢ ᠲᠠᠢ ᠪᠠᠨ ᠤᠶᠠᠯᠳᠤᠭᠤᠯᠵᠤ᠂ ᠳᠤᠲᠠᠭᠤ ᠪᠠᠨ ᠪᠦᠬᠦ ᠲᠠᠯ᠎ᠠ ᠪᠠᠷ ᠪᠠᠶᠢᠴᠠᠭᠠᠨ ᠨᠥᠬᠦᠪᠥᠷᠢᠯᠡᠵᠦ᠂ ᠡᠯ᠎ᠡ ᠵᠦᠢᠯ ᠤᠨ ᠠᠵᠢᠯ ᠢᠶᠠᠨ ᠦᠨᠡᠨᠬᠦ ᠰᠠᠶᠢᠲᠤᠷ ᠬᠢᠬᠦ ᠬᠡᠷᠡᠭᠲᠡᠢ᠃ ᠰᠢᠶᠠᠨ ᠭᠠᠵᠠᠷ ᠤᠨ ᠲᠠᠰ ᠤᠨ ᠰᠤᠮᠤ ᠳᠠᠭᠠᠭᠠᠴᠢᠯᠠᠭᠰᠠᠨ ᠤᠳᠤᠷᠢᠳᠤᠯᠭ᠎ᠠ ᠨᠢᠭᠡᠳᠦᠯᠲᠡᠶ ᠲᠥᠯᠥᠪᠵᠢᠭᠦᠯᠦᠨ ᠵᠣᠬᠢᠴᠠᠭᠤᠯᠬᠤ ᠪᠠᠨ ᠴᠢᠩᠭᠠᠳᠬᠠᠵᠤ᠂ ᠨᠢᠭᠡᠳᠦᠭᠡᠷ ᠹᠷᠣᠨᠲ ᠲᠤ ᠭᠦᠨᠵᠡᠭᠡᠶᠢᠷᠡᠨ᠂ ᠡᠮᠦᠨ᠎ᠡ ᠹᠷᠣᠨᠲ ᠲᠤ ᠣᠴᠢᠵᠤ ᠵᠢᠯᠣᠭᠤᠳᠴᠤ᠂ ᠠᠰᠠᠭᠤᠳᠠᠯ ᠢ ᠢᠯᠡᠷᠡᠭᠦᠯᠦᠨ᠂ ᠠᠰᠠᠭᠤᠳᠠᠯ ᠢ ᠰᠢᠶ᠋ᠳᠪᠦᠷᠢᠯᠡᠵᠦ᠂ ︽ᠲᠠᠪᠤᠨ ᠶᠡᠭᠡ ᠡᠭᠦᠷᠭᠡ︾᠂ ︽ᠵᠢᠷᠭᠤᠭᠠᠨ ᠢᠨᠵᠧᠨᠧᠷᠢᠩ︾ ᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠲᠠᠢ ᠦᠷᠭᠦᠯᠵᠢᠯᠡᠨ ᠤᠶᠠᠯᠳᠤᠭᠤᠯᠵᠤ᠂ ᠡᠯ᠎ᠡ ᠵᠦᠶ᠋ᠯ ᠤᠨ ᠠᠵᠢᠯ ᠤᠨ ᠨᠠᠶᠢᠳᠠᠪᠤᠷᠢᠵᠢᠭᠤᠯᠤᠯᠲᠠ ᠶᠢ ᠯᠠᠪᠳᠠᠭᠤᠨ ᠪᠥᠭᠡᠳ ᠡᠮᠬᠢ ᠵᠢᠷᠤᠮ ᠲᠠᠢ ᠠᠬᠢᠭᠤᠯᠬᠤ ᠬᠡᠷᠡᠭᠲᠡᠶ᠃ᠣᠷᠴᠢᠭᠤᠯᠣᠭᠴᠢ᠄  ᠬᠠᠨᠠᠭᠠᠷᠬᠢᠨᠠᠭᠴᠢ᠄  ᠬᠠᠨᠠᠭᠠᠷ
 
ᠢᠷᠡᠯᠲᠡ᠄ ᠱᠠᠩᠳᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004288号-2