ᠱᠠᠩᠳᠤ ᠰᠢᠶᠠᠨ ᠠᠯᠲᠠᠨ ᠶᠢᠨ ᠱᠢ ᠱᠠᠨ ᠮᠥᠰᠥᠨ ᠭᠤᠣᠯ ᠤᠨ ᠴᠢᠯᠠᠭᠤᠨ ᠤᠢ ᠶᠢᠨ ᠵᠢᠭᠤᠯᠴᠢᠯᠠᠯ ᠤᠨ ᠨᠡᠭᠡᠭᠡᠨ ᠬᠥᠭᠵᠢᠭᠦᠯᠬᠦ ᠲᠦᠷᠦᠯ ᠵᠦᠢᠯ ᠤᠨ ᠭᠡᠷ᠎ᠡ ᠲᠣᠭᠲᠠᠬᠤ ᠶᠣᠰᠣᠯᠠᠯ ᠶᠠᠪᠤᠭᠤᠯᠪᠠ
ᠨᠡᠶᠢᠲᠡᠯᠡᠭᠰᠡᠨ ᠴᠠᠭ᠄
2024/8/13
   8 ᠰᠠᠷ᠎ᠠ ᠶᠢᠨ 9 ᠤ ᠡᠳᠦᠷ᠂ ᠱᠠᠩᠳᠤ ᠰᠢᠶᠠᠨ ᠤ ᠠᠷᠠᠳ ᠤᠨ ᠵᠠᠰᠠᠭ ᠤᠨ ᠣᠷᠳᠣᠨ ᠬᠢᠭᠡᠳ ᠤᠯᠠᠭᠠᠨᠴᠠᠪ ᠤᠨ ᠶᠢᠨ ᠱᠢ ᠱᠠᠨ ᠰᠣᠶᠣᠯ ᠵᠢᠭᠤᠯᠴᠢᠯᠠᠯ ᠤᠨ ᠬᠢᠵᠠᠭᠠᠷᠲᠤ ᠺᠣᠮᠫᠠᠨᠢ᠂ ᠶᠢᠨ ᠱᠢ ᠱᠠᠨ ᠮᠥᠰᠥᠨ ᠭᠤᠤᠯ ᠤᠨ ᠴᠢᠯᠠᠭᠤᠨ ᠣᠶ ᠶᠢᠨ ᠵᠢᠭᠤᠯᠴᠢᠯᠠᠯ ᠤᠨ ᠨᠡᠭᠡᠭᠡᠨ ᠬᠥᠭᠵᠢᠭᠦᠯᠬᠦ ᠲᠥᠷᠥᠯ ᠵᠦᠢᠯ ᠤᠨ ᠭᠡᠷ᠎ᠡ ᠲᠣᠭᠲᠠᠬᠤ ᠶᠣᠰᠣᠯᠠᠯ ᠶᠠᠪᠤᠭᠤᠯᠪᠠ᠃    ᠱᠠᠩᠳᠤ ᠰᠢᠶᠠᠨ ᠤ ᠠᠷᠠᠳ ᠤᠨ ᠵᠠᠰᠠᠭ ᠤᠨ ᠣᠷᠳᠣᠨ ᠤ ᠳᠡᠳ᠋ ᠰᠢᠶᠠᠨ ᠤ ᠳᠠᠷᠤᠭ᠎ᠠ ᠸᠧᠶ ᠸᠧᠶ᠂ ᠤᠯᠠᠭᠠᠨᠴᠠᠪ ᠤᠨ ᠶᠢᠨ ᠱᠢ ᠱᠠᠨ ᠰᠣᠶᠣᠯ ᠵᠢᠭᠤᠯᠴᠢᠯᠠᠯ ᠤᠨ ᠬᠢᠵᠠᠭᠠᠷᠲᠤ ᠺᠣᠮᠫᠠᠨᠢ ᠶᠢᠨ ᠬᠠᠤᠯᠢ ᠶᠢᠨ ᠡᠷᠬᠡᠲᠡᠨ ᠤ ᠵᠤᠸᠠᠩ ᠬᠤᠩ ᠪᠢᠨ᠂ ᠬᠤᠪᠢ ᠣᠷᠣᠭᠤᠯᠤᠭᠴᠢ ᠵᠠᠨ ᠶᠦᠩ ᠠᠨ ᠵᠢᠴᠢ ᠵᠠᠰᠠᠭ ᠤᠨ ᠣᠷᠳᠣᠨ ᠤ ᠠᠯᠪᠠᠨ ᠬᠡᠷ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠴᠢ ᠲᠠᠢ ᠪᠠᠯᠭᠠᠰᠤ᠂ ᠲᠦᠨ ᠺᠧᠨ ᠳ᠋ᠦᠢ ᠪᠠᠯᠭᠠᠰᠤ᠂ ᠰᠠᠨ ᠳ᠋ᠠ ᠴᠢᠩ ᠰᠢᠶᠠᠩ᠂ ᠱᠠᠩᠳᠤ ᠰᠢᠶᠠᠨ ᠤ ᠢ ᠲᠦᠩ ᠰᠣᠶᠣᠯ ᠵᠢᠭᠤᠯᠴᠢᠯᠠᠯ ᠤᠨ ᠨᠡᠭᠡᠭᠡᠨ ᠬᠥᠭᠵᠢᠭᠦᠯᠬᠦ ᠬᠢᠵᠠᠭᠠᠷᠲᠤ ᠺᠣᠮᠫᠠᠨᠢ ᠶᠢᠨ ᠬᠠᠮᠢᠶ᠎ᠠ ᠪᠥᠬᠦᠶ ᠬᠠᠷᠢᠭᠤᠴᠠᠯᠭᠠᠲᠠᠨ ᠭᠡᠷ᠎ᠡ ᠲᠣᠭᠲᠠᠬᠤ ᠶᠣᠰᠣᠯᠠᠯ ᠳᠤ ᠣᠷᠣᠯᠴᠠᠪᠠ᠃     ᠶᠢᠨ ᠱᠢ ᠱᠠᠨ ᠮᠦᠰᠦᠳᠦᠯᠭᠡ ᠶᠢᠨ ᠵᠢᠭᠤᠯᠴᠢᠯᠠᠯ ᠤᠨ ᠨᠡᠭᠡᠭᠡᠨ ᠬᠥᠭᠵᠢᠭᠦᠯᠬᠦ ᠲᠥᠷᠥᠯ ᠵᠦᠢᠯ ᠢ ᠭᠤᠷᠪᠠᠨ ᠬᠤᠭᠤᠴᠠᠭ᠎ᠠ ᠬᠤᠪᠢᠶᠠᠨ ᠪᠦᠲᠦᠭᠡᠨ ᠪᠠᠶᠢᠭᠤᠯᠵᠤ᠂ ᠪᠦᠲᠦᠭᠡᠨ ᠪᠠᠶᠢᠭᠤᠯᠬᠤ ᠠᠭᠤᠯᠭ᠎ᠠ ᠳᠤ ᠭᠤᠤᠯᠳᠠᠭᠤ ᠦᠵᠡᠮᠵᠢ ᠶᠢᠨ ᠣᠷᠣᠨ ᠤ ᠰᠠᠭᠤᠷᠢ ᠪᠡᠯᠡᠳᠬᠡᠮᠵᠢ᠂ ᠬᠦᠯᠢᠶᠡᠨ ᠠᠪᠬᠤ ᠦᠢᠯᠡᠴᠢᠯᠡᠭᠡᠨ ᠤ ᠪᠡᠯᠡᠳᠬᠡᠮᠵᠢ ᠪᠠ ᠡᠵᠡᠩᠨᠡᠯᠲᠡ ᠶᠢᠨ ᠴᠢᠨᠠᠷᠲᠠᠶ ᠪᠡᠯᠡᠳᠬᠡᠮᠵᠢ ᠪᠠᠭᠲᠠᠨ᠎ᠠ᠃ ᠲᠣᠰ ᠲᠥᠷᠥᠯ ᠵᠦᠢᠯ ᠪᠣᠯ ᠮᠠᠨ ᠤ ᠰᠢᠶᠠᠨ ᠤ ᠲᠠᠷᠢᠶᠠᠯᠠᠩ ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠠᠭᠤᠰᠤᠯᠴᠠᠨ ᠬᠥᠭᠵᠢᠬᠦ ᠶᠢ ᠠᠬᠢᠭᠤᠯᠵᠤ ᠣᠯᠤᠭᠰᠠᠨ ᠴᠢᠬᠤᠯᠠ ᠶᠡᠭᠡ ᠰᠢᠪᠲᠤᠯᠤᠯᠲᠠ ᠮᠥᠨ᠂ ᠪᠠᠰᠠ ᠴᠤ ᠮᠠᠨ ᠤ ᠰᠢᠶᠠᠨ ᠤ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠠᠵᠢᠯ ᠤᠨ ᠣᠯᠤᠭᠰᠠᠨ ᠪᠠᠰᠠ ᠨᠢᠭᠡᠨ ᠦᠷ᠎ᠡ ᠪᠦᠲᠦᠭᠡᠯ ᠮᠥᠨ᠃ ᠤᠯᠠᠮᠵᠢᠯᠠᠯᠲᠤ ᠵᠢᠭᠤᠯᠴᠢᠯᠠᠯ ᠤᠨ ᠰᠠᠭᠤᠷᠢᠨ ᠳᠡᠭᠡᠷ᠎ᠡ᠂ ᠶᠢᠨ ᠱᠢ ᠱᠠᠨ ᠮᠥᠰᠥᠨ ᠭᠤᠤᠯ ᠤᠨ ᠴᠢᠯᠠᠭᠤᠨ ᠣᠶ ᠶᠢᠨ ᠭᠠᠵᠠᠷ ᠰᠢᠨᠵᠢᠯᠡᠭᠡᠨ ᠤ ᠴᠡᠴᠡᠷᠯᠢᠭ ᠨᠢ ᠲᠤᠬᠠᠶ ᠶᠢᠨ ᠭᠠᠵᠠᠷ ᠣᠷᠣᠨ ᠤ ᠪᠠᠶᠢᠳᠠᠯ ᠳᠠᠭᠠᠨ ᠳᠣᠭᠢᠷᠠᠭᠤᠯᠤᠨ ᠬᠥᠳᠡᠭᠡ ᠲᠣᠰᠬᠤᠨ ᠤ ᠠᠮᠠᠷᠠᠯᠲᠠ᠂ ᠡᠴᠢᠭᠡ ᠡᠬᠡ ᠦᠷ᠎ᠡ ᠬᠡᠤᠬᠡᠳ ᠤᠨ ᠰᠤᠳᠤᠯᠭᠠᠨ᠂ ᠬᠡᠭᠡᠷ᠎ᠡ ᠪᠠᠭᠤᠳᠠᠯᠯᠠᠬᠤ ᠰᠡᠯᠡᠭᠦᠴᠡᠯ ᠵᠡᠷᠭᠡ ᠵᠢᠭᠤᠯᠴᠢᠯᠠᠯ ᠤᠨ ᠪᠦᠲᠦᠭᠡᠭᠳᠡᠬᠦᠨ ᠢ ᠨᠡᠭᠡᠭᠡᠨ ᠬᠥᠭᠵᠢᠭᠦᠯᠵᠦ᠂ ᠵᠤᠭᠠᠴᠠᠭᠰᠠᠳ ᠢ ᠪᠡᠶᠡᠴᠢᠯᠡᠨ ᠣᠶᠢᠯᠠᠭᠠᠬᠤ ᠶᠢ ᠤᠯᠠᠮ ᠨᠢᠭᠡ ᠠᠯᠬᠤᠮ ᠪᠠᠶᠠᠯᠢᠭᠵᠢᠭᠤᠯᠵᠤ᠂ ᠨᠠᠩ ᠣᠯᠠᠨ ᠠᠬᠠᠰ ᠵᠠᠬᠠᠰ ᠨᠤᠲᠤᠭ ᠤᠨ ᠠᠬ᠎ᠠ ᠳᠡᠭᠦᠦ ᠨᠡᠷ ᠢ ᠵᠢᠭᠤᠯᠴᠢᠯᠠᠯ ᠤᠨ ᠦᠢᠯᠡᠰ ᠲᠤ ᠲᠦᠰᠢᠭᠯᠡᠨ ᠬᠡᠷ ᠤᠨ ᠡᠭᠦᠳᠡᠨ ᠳᠤ ᠠᠵᠢᠯ ᠣᠯᠵᠤ ᠦᠢᠯᠡᠰ ᠪᠤᠰᠬᠠᠬᠤ ᠶᠢ ᠪᠡᠶᠡᠯᠡᠭᠦᠯᠵᠦ᠂ ᠰᠢᠶᠠᠨ ᠤ ᠬᠡᠪᠴᠢᠶᠡᠨ ᠤ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠳᠤ ᠬᠦᠴᠦᠨ ᠨᠡᠮᠡᠷᠢᠯᠡᠨ᠎ᠡ᠃ ᠣᠷᠴᠢᠭᠤᠯᠣᠭᠴᠢ᠄  ᠬᠠᠨᠠᠭᠠᠷᠬᠢᠨᠠᠭᠴᠢ᠄  ᠬᠠᠨᠠᠭᠠᠷ
 
ᠢᠷᠡᠯᠲᠡ᠄ ᠱᠠᠩᠳᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004288号-2