ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ 2024 ᠣᠨ ᠤ 17 ᠳ᠋ᠤᠭᠠᠷ ᠤᠳᠠᠭᠠᠨ ᠤ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2024/8/13
  8 ᠰᠠᠷ᠎ᠠ ᠶᠢᠨ 12 ᠤᠨ ᠡᠳᠦᠷ᠂ ᠤᠯᠠᠭᠠᠨᠴᠠᠪ ᠬᠤᠲᠠ ᠶᠢᠨ ᠳᠡᠳ᠋ ᠳᠠᠷᠤᠭ᠎ᠠ ᠶᠢᠨ ᠨᠡᠷ᠎ᠡ ᠳᠤᠷᠠᠳᠤᠭᠳᠠᠭᠰᠠᠨ ᠵᠢᠱᠢᠭᠳᠡᠭᠴᠢ᠂ ᠱᠠᠩᠳᠤ ᠰᠢᠶᠠᠨ ᠤ ᠨᠠᠮ ᠤᠨ ᠬᠤᠷᠢᠶᠠᠨ ᠤ ᠱᠦᠵᠢ ᠭᠤᠤ ᠶᠦᠩ ᠪᠢᠨ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ 2024 ᠣᠨ ᠤ 17 ᠳ᠋ᠤᠭᠠᠷ ᠤᠳᠠᠭᠠᠨ ᠤ ᠬᠤᠷᠠᠯ ᠢ ᠡᠷᠭᠢᠯᠡᠨ ᠬᠤᠷᠠᠯᠳᠤᠭᠤᠯᠪᠠ᠃ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠰᠢᠶᠠᠨ ᠤ ᠳᠠᠷᠤᠭ᠎ᠠ ᠶᠠᠩ ᠸᠧᠨ ᠾᠦᠢ ᠪᠣᠯᠤᠨ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠳ ᠬᠤᠷᠠᠯ ᠳᠤ ᠣᠷᠣᠯᠴᠠᠪᠠ᠃ ᠰᠢᠶᠠᠨ ᠭᠠᠵᠠᠷ ᠤᠨ ᠲᠡᠰ ᠤᠨ ᠬᠠᠮᠢᠶ᠎ᠠ ᠪᠦᠬᠦᠢ ᠤᠳᠤᠷᠢᠳᠤᠯᠭ᠎ᠠ᠂ ᠡᠯ᠎ᠡ ᠰᠢᠶᠠᠩ ᠪᠠᠯᠭᠠᠰᠤ ᠪᠣᠯᠤᠨ ᠰᠢᠶᠠᠨ ᠤ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠭᠤᠣᠯ ᠬᠠᠷᠢᠭᠤᠴᠠᠯᠭᠠᠲᠠᠨ ᠨᠥᠬᠦᠳ ᠬᠤᠷᠠᠯ ᠳᠤ ᠰᠤᠯᠠ ᠣᠷᠣᠯᠴᠠᠪᠠ᠃    ᠬᠤᠷᠠᠯ ᠠᠴᠠ ᠡᠮᠦᠨ᠎ᠡ᠂ ᠬᠤᠷᠠᠯ ᠳᠤ ᠣᠷᠣᠯᠴᠠᠭᠰᠠᠨ ᠪᠥᠬᠦ ᠬᠥᠮᠦᠰ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠬᠠᠤᠯᠢ︾᠂ ︽ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠬᠠᠷᠢᠭᠤᠴᠠᠯᠭ᠎ᠠ ᠶᠢᠨ ᠲᠦᠷᠢᠮ ᠢ ᠬᠡᠷᠡᠭᠵᠢᠭᠦᠯᠬᠦ ᠠᠷᠭ᠎ᠠ︾᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠯᠤᠰ ᠤᠨ ᠴᠢᠬᠤᠯᠠ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ ᠦᠢᠯᠡᠳᠪᠦᠷᠢᠯᠡᠯ ᠤᠨ ᠰᠠᠭᠤᠷᠢᠨ ᠢ ᠪᠥᠲᠥᠭᠡᠨ ᠪᠠᠶᠢᠭᠤᠯᠬᠤ ᠲᠦᠷᠢᠮ︾ ᠢ ᠰᠤᠷᠤᠯᠴᠠᠪᠠ᠃ ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶᠠᠨ ᠤ ᠪᠠᠶᠢᠩᠭᠤ ᠶᠢᠨ ᠬᠤᠷᠢᠶᠠᠨ ᠤ ᠬᠤᠷᠠᠯ ᠳᠡᠭᠡᠷ᠎ᠡ ᠦᠶᠡᠷ ᠢ ᠰᠡᠷᠭᠡᠶᠢᠯᠡᠵᠦ ᠦᠶᠡᠷ ᠲᠠᠢ ᠲᠡᠮᠡᠴᠡᠨ ᠭᠠᠮᠰᠢᠭ ᠠᠴᠠ ᠠᠪᠤᠷᠠᠬᠤ ᠠᠵᠢᠯ ᠢ ᠰᠤᠳᠤᠯᠤᠨ ᠪᠠᠶᠢᠷᠢᠯᠠᠭᠤᠯᠬᠤ ᠳᠠᠭᠠᠨ᠂ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶᠠᠨ ᠤ ᠠᠷᠪᠠᠨ ᠭᠤᠷᠪᠠᠳᠤᠭᠠᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ᠳᠡᠭᠡᠷ᠎ᠡ ᠲᠠᠯᠪᠢᠭᠰᠠᠨ ᠴᠢᠬᠤᠯᠠ ᠶᠠᠷᠢᠶᠠᠨ ᠤ ᠵᠣᠷᠢᠭ ᠰᠠᠨᠠᠭ᠎ᠠ᠂ ᠲᠥᠪ ᠬᠤᠷᠢᠶ᠎ᠠ ᠪᠠ ᠲᠦᠷᠦ ᠶᠢᠨ ᠪᠠᠶᠢᠭᠤᠯᠭ᠎ᠠ ᠶᠢᠨ ᠨᠠᠮ ᠤᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠣᠭᠤᠰᠢᠯᠠᠭᠤᠯᠵᠣ ᠪᠠᠶᠢᠭᠤᠯᠭ᠎ᠠ ᠶᠢᠨ ᠨᠠᠮ ᠤᠨ ᠪᠠᠶᠢᠭᠤᠯᠤᠯᠲᠠ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ᠂ ᠰᠣᠶᠣᠯ ᠪᠠ ᠪᠠᠶᠢᠭᠠᠯᠢ ᠶᠢᠨ ᠥᠪ ᠢ ᠬᠠᠮᠠᠭᠠᠯᠠᠵᠤ ᠤᠯᠠᠮᠵᠢᠯᠠᠨ ᠠᠰᠢᠭᠯᠠᠬᠤ ᠠᠵᠢᠯ ᠢ ᠴᠢᠩᠭᠠᠳᠬᠠᠬᠤ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠵᠢᠴᠢ ᠶᠡᠷᠦᠩᠬᠡᠢ ᠱᠦᠵᠢ ᠰᠢ ᠶᠢᠨ ᠫᠢᠩ ᠤᠨ ︽ᠬᠥᠳᠡᠭᠡ ᠠᠵᠤ ᠠᠬᠤᠢ ᠬᠥᠳᠡᠭᠡ ᠲᠣᠰᠬᠤᠨ ᠲᠠᠷᠢᠶᠠᠴᠢᠨ︾ ᠤ ᠠᠵᠢᠯ ᠤᠨ ᠲᠤᠬᠠᠢ ᠴᠢᠬᠤᠯᠠ ᠥᠭᠦᠯᠡᠯᠲᠡ ᠶᠢ ᠤᠯᠠᠮᠵᠢᠯᠠᠨ ᠰᠤᠷᠤᠯᠴᠠᠪᠠ︔ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠠᠷᠪᠠᠨ ᠨᠢᠭᠡᠳᠦᠭᠡᠷ ᠬᠤᠭᠤᠴᠠᠭᠠᠨ ᠤ ᠨᠠᠢᠮᠠᠳᠤᠭᠠᠷ ᠪᠦᠬᠦᠳᠡ ᠬᠤᠷᠠᠯ᠂ ᠬᠤᠳᠠ ᠶᠢᠨ ᠨᠠᠮ ᠤᠨ ᠬᠤᠷᠢᠶᠠᠨ ᠤ ᠲᠠᠪᠤᠳᠤᠭᠠᠷ ᠬᠤᠭᠤᠴᠠᠭᠠᠨ ᠤ ᠨᠠᠢᠮᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠠ᠃    ᠬᠤᠷᠠᠯ ᠠᠴᠠ᠂ ᠪᠦᠬᠦ ᠰᠢᠶᠠᠨ ᠤ ᠡᠯ᠎ᠡ ᠱᠠᠲᠤᠨ ᠤ ᠤᠳᠤᠷᠢᠳᠬᠤ ᠺᠠᠳ᠋ᠷ ᠶᠡᠷᠦᠩᠬᠡᠢ ᠱᠦᠵᠢ ᠰᠢ ᠶᠢᠨ ᠫᠢᠩ ᠤᠨ ᠦᠶᠡᠷ ᠢ ᠰᠡᠷᠭᠡᠶᠢᠯᠡᠵᠦ ᠦᠶᠡᠷ ᠲᠠᠢ ᠲᠡᠮᠡᠴᠡᠵᠦ ᠭᠠᠮᠰᠢᠭ ᠠᠴᠠ ᠠᠪᠤᠷᠠᠬᠤ ᠠᠵᠢᠯ ᠤᠨ ᠲᠤᠬᠠᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠡᠷᠡᠰ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠬᠠᠷᠢᠭᠤᠴᠠᠯᠭ᠎ᠠ ᠡᠭᠦᠷᠭᠡᠯᠡᠯ ᠢᠶᠠᠨ ᠴᠢᠩᠭᠠᠳᠬᠠᠵᠤ᠂ ᠠᠵᠢᠯ ᠤᠨ ᠠᠷᠭ᠎ᠠ ᠬᠡᠮᠵᠢᠶ᠎ᠡ ᠪᠠᠨ ᠨᠠᠷᠢᠯᠢᠬᠵᠢᠭᠤᠯᠵᠤ᠂ ᠠᠷᠠᠳ ᠤᠯᠠᠨ ᠤ ᠠᠮᠢ ᠨᠠᠰᠤ ᠡᠳ᠋ ᠬᠦᠷᠦᠩᠭᠡ ᠶᠢᠨ ᠠᠮᠤᠷ ᠲᠦᠪᠰᠢᠨ ᠢ ᠪᠠᠲᠤᠯᠠᠬᠤ ᠬᠡᠷᠡᠭᠲᠡᠢ︔ ᠶᠡᠷᠦᠩᠬᠡᠢ ᠱᠦᠵᠢ ᠰᠢ ᠶᠢᠨ ᠫᠢᠩ ᠤᠨ ᠪᠠᠶᠢᠭᠤᠯᠭ᠎ᠠ ᠶᠢᠨ ᠨᠠᠮ ᠤᠨ ᠪᠠᠶᠢᠭᠤᠯᠤᠯᠲᠠ ᠶᠢᠨ ᠲᠤᠬᠠᠢ ᠴᠢᠬᠤᠯᠠ ᠶᠠᠷᠢᠶ᠎ᠠ ᠪᠣᠯᠤᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠦᠨᠳᠦᠰᠦᠨ ᠱᠠᠲᠤ ᠶᠢ ᠶᠡᠬᠡᠪᠡᠷ ᠠᠳᠬᠤᠬᠤ ᠢᠯᠡ ᠲᠣᠳᠣ ᠤᠳᠤᠷᠢᠳᠤᠮᠵᠢ ᠶᠢ ᠲᠠᠰᠤᠷᠠᠯᠲᠠ ᠥᠬᠡᠶ ᠪᠠᠲᠤ ᠪᠤᠢ ᠪᠣᠯᠭᠠᠵᠤ᠂ ᠴᠢᠨᠠᠷ ᠰᠠᠶᠢᠲᠠᠶ ᠨᠠᠮ ᠤᠨ ᠪᠠᠶᠢᠭᠤᠯᠤᠯᠲᠠ ᠪᠠᠷ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠠᠵᠢᠯ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠬᠡᠷᠡᠭᠲᠡᠶ︔ ᠶᠡᠷᠦᠩᠬᠡᠢ ᠱᠦᠵᠢ ᠰᠢ ᠶᠢᠨ ᠫᠢᠩ ᠤᠨ ︽ᠬᠥᠳᠡᠭᠡ ᠠᠵᠤ ᠠᠬᠤᠢ ᠬᠥᠳᠡᠭᠡ ᠲᠣᠰᠬᠤᠨ ᠲᠠᠷᠢᠶᠠᠴᠢᠨ︾ ᠤ ᠠᠵᠢᠯ ᠤᠨ ᠲᠤᠬᠠᠢ ᠴᠢᠬᠤᠯᠠ ᠥᠭᠦᠯᠡᠯᠲᠡ ᠶᠢ ᠭᠦᠨᠵᠡᠭᠡᠢ ᠰᠤᠷᠤᠯᠴᠠᠵᠤ᠂ ᠬᠥᠳᠡᠭᠡ ᠠᠵᠤ ᠠᠬᠤᠢ ᠬᠥᠳᠡᠭᠡ ᠲᠣᠰᠬᠤᠨ ᠢ ᠤᠷᠢᠳ ᠢᠶᠠᠷ ᠬᠥᠭᠵᠢᠭᠦᠯᠬᠦ ᠶᠢ ᠪᠠᠷᠢᠮᠲᠠᠯᠠᠵᠤ᠂ ᠬᠥᠳᠡᠭᠡ ᠲᠣᠰᠬᠤᠨ ᠤ ᠠᠵᠤ ᠦᠢᠯᠡᠰ ᠤᠨ ᠬᠥᠭᠵᠢᠯᠲᠡ ᠶᠢᠨ ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ ᠭᠡᠵᠦ ᠵᠢᠭᠠᠵᠤ ᠭᠠᠷᠭᠠᠪᠠ᠃    ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃ᠣᠷᠴᠢᠭᠤᠯᠣᠭᠴᠢ᠄  ᠬᠠᠨᠠᠭᠠᠷᠬᠢᠨᠠᠭᠴᠢ᠄  ᠬᠠᠨᠠᠭᠠᠷ
 
ᠢᠷᠡᠯᠲᠡ᠄ ᠱᠠᠩᠳᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004288号-2