ᠳᠦᠭᠦᠷᠡᠩ ᠴᠠᠬᠢᠯᠭᠠᠨ ᠡᠳᠡᠭᠡ ᠳᠠᠭᠤᠤ ᠬᠥᠭᠵᠢᠮ ᠤᠨ ᠪᠠᠶᠠᠷ ᠢ ᠪᠦᠬᠦ ᠬᠦᠴᠦ ᠪᠠᠷ ᠬᠠᠮᠠᠭᠠᠯᠠᠵᠤ ᠪᠠᠢᠨ᠎ᠠ
ᠨᠡᠶᠢᠲᠡᠯᠡᠭᠰᠡᠨ ᠴᠠᠭ᠄
2024/8/13
    ᠱᠠᠩᠳᠤ ᠰᠢᠶᠠᠨ ᠤ ︽ᠲᠣᠰᠬᠤᠨ ᠤ ᠳᠠᠭᠤᠯᠠᠯ︾ ᠬᠥᠳᠡᠭᠡ ᠲᠣᠰᠬᠤᠨ ᠤ ᠳᠠᠭᠤᠤ ᠬᠥᠭᠵᠢᠮ ᠤᠨ ᠨᠠᠶᠢᠷ 8 ᠰᠠᠷ᠎ᠠ ᠶᠢᠨ 10 ᠤ ᠡᠳᠦᠷ ᠠᠴᠠ 8 ᠰᠠᠷ᠎ᠠ ᠶᠢᠨ 13 ᠤ ᠡᠳᠦᠷ ᠪᠣᠯᠲᠠᠯ᠎ᠠ ᠱᠠᠩᠳᠤ ᠰᠢᠶᠠᠨ ᠤ ᠰᠠᠨ ᠳ᠋ᠠ ᠴᠢᠩ ᠰᠢᠶᠠᠩ ᠤᠨ ᠳ᠋ᠦᠩ ᠵᠢᠶᠠ ᠲᠣᠰᠬᠤᠨ ᠳᠤ ᠶᠠᠪᠤᠭᠳᠠᠨ᠎ᠠ᠃ ᠠᠵᠢᠯᠯᠠᠭ᠎ᠠ ᠶᠢᠨ ᠬᠤᠭᠤᠴᠠᠭᠠᠨ ᠳᠤ᠂ ᠥᠪᠥᠷ ᠮᠣᠩᠭᠤᠯ ᠤᠨ ᠦᠨᠳᠦᠰᠦᠲᠡᠨ ᠤ ᠬᠥᠭᠵᠢᠮ ᠤᠨ ᠪᠦᠯᠬᠦᠮ ᠵᠡᠷᠭᠡ ᠨᠢᠭᠡᠴᠢ ᠶᠢᠨ ᠲᠤᠰᠬᠠᠶ ᠮᠡᠷᠭᠡᠵᠢᠯ ᠤᠨ ᠤᠷᠠᠯᠢᠭ ᠤᠨ ᠴᠢᠳᠠᠪᠤᠷᠢᠲᠠᠨ ᠡᠯᠪᠡᠭ ᠪᠠᠶᠠᠯᠢᠭ ᠤᠷᠠᠯᠢᠭ ᠤᠨ ᠲᠣᠭᠯᠠᠯᠲᠠ ᠭᠠᠷᠭᠠᠬᠤ ᠪᠣᠯᠤᠨ᠎ᠠ᠃ ᠡᠭᠦᠨ ᠤ ᠲᠤᠯᠠᠳᠠ᠂ ᠱᠠᠩᠳᠤ ᠴᠠᠬᠢᠯᠭᠠᠨ ᠬᠠᠩᠭᠠᠬᠤ ᠺᠣᠮᠫᠠᠨᠢ ᠴᠠᠬᠢᠯᠭᠠᠨ ᠪᠠᠲᠤᠯᠠᠬᠤ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠠᠵᠢᠯᠯᠠᠭ᠎ᠠ ᠳᠤ ᠬᠦᠴᠦᠲᠡᠶ ᠴᠠᠬᠢᠯᠭᠠᠨ ᠬᠦᠴᠦᠨ ᠤ ᠳᠡᠮᠵᠢᠯᠭᠡ ᠬᠠᠩᠭᠠᠪᠠ᠃    ᠠᠵᠢᠯᠯᠠᠭ᠎ᠠ ᠶᠢᠨ ᠠᠮᠤᠷ ᠲᠦᠪᠰᠢᠨ᠂ ᠨᠠᠶᠢᠳᠠᠪᠤᠷᠢᠲᠠᠶ ᠴᠠᠬᠢᠯᠭᠠᠨ ᠬᠡᠷᠡᠭᠯᠡᠬᠦ ᠶᠢ ᠦᠨᠡᠨ ᠬᠦ ᠪᠠᠲᠤᠯᠠᠬᠤ ᠶᠢᠨ ᠲᠥᠯᠥᠭᠡ᠂ ᠱᠠᠩᠳᠤ ᠶᠢᠨ ᠴᠠᠬᠢᠯᠭᠠᠨ ᠬᠠᠩᠭᠠᠬᠤ ᠺᠣᠮᠫᠠᠨᠢ ᠰᠠᠨ ᠳ᠋ᠠ ᠴᠢᠩ ᠰᠢᠶᠠᠩ ᠤᠨ ᠵᠠᠰᠠᠭ ᠤᠨ ᠣᠷᠳᠣᠨ ᠪᠣᠯᠤᠨ ᠰᠣᠶᠣᠯ ᠵᠢᠭᠤᠯᠴᠢᠯᠠᠯ ᠤᠨ ᠲᠣᠪᠴᠢᠶ᠎ᠠ ᠲᠠᠢ ᠡᠷᠲᠡᠬᠡᠨ ᠵᠣᠯᠭᠠᠭᠤᠯᠵᠤ᠂ ᠠᠵᠢᠯᠯᠠᠭ᠎ᠠ ᠶᠢᠨ ᠴᠠᠬᠢᠯᠭᠠᠨ ᠬᠡᠷᠡᠭᠯᠡᠬᠦ ᠬᠡᠷᠡᠭᠴᠡᠭᠡ ᠶᠢ ᠣᠶᠢᠯᠠᠭᠠᠵᠤ᠂ ᠲᠤᠰᠬᠠᠶ ᠵᠦᠶ᠋ᠯ ᠤᠨ ᠴᠠᠬᠢᠯᠭᠠᠨ ᠢ ᠪᠠᠲᠤᠯᠠᠬᠤ ᠠᠵᠢᠯ ᠤᠨ ᠲᠥᠰᠦᠯ ᠲᠣᠭᠲᠠᠭᠠᠵᠤ᠂ ᠳᠠᠭᠤᠤ ᠬᠥᠭᠵᠢᠮ ᠤᠨ ᠪᠠᠶᠠᠷ ᠤᠨ ᠡᠯ᠎ᠡ ᠵᠦᠶ᠋ᠯ ᠤᠨ ᠴᠠᠬᠢᠯᠭᠠᠨ ᠢ ᠪᠠᠲᠤᠯᠠᠬᠤ ᠠᠵᠢᠯ ᠢ ᠪᠥᠬᠦ ᠲᠠᠯ᠎ᠠ ᠪᠠᠷ ᠪᠠᠶᠢᠷᠢᠯᠠᠭᠤᠯᠪᠠ᠃ ᠨᠠᠮ ᠤᠨ ᠭᠡᠰᠢᠭᠦᠨ ᠤ ᠦᠢᠯᠡᠴᠢᠯᠡᠭᠡᠨ ᠤ ᠠᠩᠭᠢ ᠤᠷᠢᠳᠴᠢᠯᠠᠨ ᠬᠠᠶᠢᠨ ᠪᠠᠶᠢᠴᠠᠭᠠᠬᠤ ᠠᠵᠢᠯᠯᠠᠭ᠎ᠠ ᠡᠷᠬᠢᠯᠡᠭᠰᠡᠨ ᠲᠤᠬᠠᠶ ᠶᠢᠨ ᠲᠠᠯᠠᠪᠠᠢ ᠳᠤ᠂ ᠠᠵᠢᠯᠯᠠᠭ᠎ᠠ ᠶᠢᠨ ᠲᠠᠶᠢᠰᠠᠨ ᠤ ᠲᠣᠭᠤᠷᠢᠭ᠂ ᠦᠵᠡᠭᠴᠢᠳ ᠤᠨ ᠲᠣᠭᠤᠷᠢᠭ᠂ ᠢᠳᠡᠭᠡᠨ ᠤᠮᠳᠠᠭᠠᠨ ᠤ ᠲᠣᠭᠤᠷᠢᠭ ᠵᠡᠷᠭᠡ ᠴᠢᠬᠤᠯᠠ ᠣᠷᠣᠨ ᠪᠦᠰᠡ ᠶᠢᠨ ᠪᠣᠳᠠᠲᠠᠶ ᠴᠠᠬᠢᠯᠭᠠᠨ ᠬᠡᠷᠡᠭᠯᠡᠬᠦ ᠬᠡᠷᠡᠭᠴᠡᠭᠡ ᠶᠢ ᠦᠨᠳᠦᠰᠦᠯᠡᠨ᠂ ᠠᠵᠢᠯᠲᠠᠨ ᠢ ᠨᠢᠭᠡᠳᠦᠯᠲᠡᠶ ᠲᠥᠯᠥᠪᠯᠡᠨ ᠵᠣᠬᠢᠴᠠᠭᠤᠯᠬᠤ ᠶᠢᠨ ᠬᠠᠮᠲᠤ ᠴᠠᠬᠢᠯᠭᠠᠨ ᠬᠠᠩᠭᠠᠬᠤ ᠱᠤᠭᠤᠮ ᠳᠤ ᠲᠣᠭᠤᠷᠢᠨ ᠪᠠᠶᠢᠴᠠᠭᠠᠯᠲᠠ ᠬᠢᠵᠦ᠂ ᠠᠮᠤᠷ ᠲᠦᠪᠰᠢᠨ ᠤ ᠳᠠᠯᠳᠠ ᠭᠡᠮ ᠢ ᠴᠠᠭ ᠲᠤᠬᠠᠶ ᠳᠤᠨᠢ ᠠᠷᠢᠯᠭᠠᠪᠠ᠃ ᠳᠠᠭᠤᠤ ᠬᠥᠭᠵᠢᠮ ᠤᠨ ᠪᠠᠶᠠᠷ ᠤᠨ ᠬᠤᠭᠤᠴᠠᠭᠠᠨ ᠳᠤ᠂ ᠨᠠᠮ ᠤᠨ ᠭᠡᠰᠢᠭᠦᠨ ᠦᠢᠯᠡᠴᠢᠯᠡᠭᠡᠨ ᠤ ᠭᠡᠰᠢᠭᠦᠳ ᠡᠭᠡᠯᠵᠢᠯᠡᠨ ᠴᠠᠬᠢᠯᠭᠠᠨ ᠪᠠᠲᠤᠯᠠᠬᠤ ᠲᠦᠷᠢᠮ ᠢ ᠬᠡᠷᠡᠭᠵᠢᠭᠦᠯᠵᠦ᠂ ᠲᠠᠰᠤᠷᠠᠯᠳᠠ ᠦᠭᠡᠢ ᠲᠣᠭᠤᠷᠢᠨ ᠪᠠᠶᠢᠴᠠᠭᠠᠬᠤ᠂ ᠳᠤᠯᠠᠭᠠᠨ ᠢ ᠬᠡᠮᠵᠢᠬᠦ ᠠᠵᠢᠯ ᠢ ᠥᠷᠨᠢᠭᠦᠯᠵᠦ᠂ ᠴᠠᠬᠢᠯᠭᠠᠨ ᠬᠦᠴᠦᠨ ᠤ ᠠᠵᠢᠯᠯᠠᠭᠠᠨ ᠤ ᠪᠠᠶᠢᠳᠠᠯ ᠢ ᠪᠦᠬᠦ ᠶᠠᠪᠤᠴᠠ ᠪᠠᠷ ᠬᠢᠨᠠᠨ ᠬᠡᠮᠵᠢᠪᠡ᠃ ᠡᠭᠦᠨ ᠤ ᠬᠠᠮᠲᠤ᠂ ᠨᠠᠮ ᠤᠨ ᠭᠡᠰᠢᠭᠦᠨ ᠤ ᠦᠢᠯᠡᠴᠢᠯᠡᠭᠡᠨ ᠤ ᠠᠩᠭᠢ ᠤᠨᠴᠠᠯᠢᠬᠳᠤ ᠳᠡᠯᠭᠡᠭᠡ ᠮᠠᠶᠢᠮᠠᠶ ᠳᠤ ᠠᠮᠤᠷ ᠲᠦᠪᠰᠢᠨ ᠢᠶᠠᠷ ᠴᠠᠬᠢᠯᠭᠠᠨ ᠬᠡᠷᠡᠭᠯᠡᠬᠦ ᠪᠠᠶᠢᠴᠠᠭᠠᠯᠲᠠ ᠬᠢᠬᠦ ᠶᠢᠨ ᠬᠠᠮᠲᠤ ᠬᠤᠳᠠᠯᠳᠤᠭᠠᠴᠢᠨ ᠡᠷᠦᠬᠡ ᠪᠣᠯᠤᠨ ᠬᠡᠷᠡᠭᠯᠡᠭᠴᠢᠳ ᠲᠤ ᠠᠮᠤᠷ ᠲᠦᠪᠰᠢᠨ ᠢᠶᠠᠷ ᠴᠠᠬᠢᠯᠭᠠᠨ ᠬᠡᠷᠡᠭᠯᠡᠬᠦ ᠤᠬᠠᠭᠤᠯᠭ᠎ᠠ ᠶᠢᠨ ᠭᠠᠷ ᠳᠡᠪᠲᠡᠷ ᠲᠠᠷᠬᠠᠭᠠᠵᠤ᠂ ᠳᠡᠯᠭᠡᠭᠡ ᠮᠠᠶᠢᠮᠠᠶ ᠶᠢᠨ ᠣᠷᠣ ᠶᠢᠨ ᠠᠮᠤᠷ ᠲᠦᠪᠰᠢᠨ ᠢᠶᠠᠷ ᠴᠠᠬᠢᠯᠭᠠᠨ ᠬᠡᠷᠡᠭᠯᠡᠬᠦ ᠶᠢ ᠦᠨᠡᠨ ᠬᠦ ᠪᠠᠲᠤᠯᠠᠵᠤ᠂ ᠳᠠᠭᠤᠤ ᠬᠥᠭᠵᠢᠮ ᠤᠨ ᠪᠠᠶᠠᠷ ᠤᠨ ᠠᠵᠢᠯᠯᠠᠭ᠎ᠠ ᠶᠢ ᠪᠥᠬᠦ ᠬᠦᠴᠦᠨ ᠢᠶᠠᠷ ᠢᠶᠠᠨ ᠬᠠᠮᠠᠭᠠᠯᠠᠨ᠎ᠠ᠃    ᠰᠣᠶᠣᠯ ᠵᠢᠭᠤᠯᠴᠢᠯᠠᠯ ᠥᠷᠨᠢᠨ ᠬᠥᠭᠵᠢᠬᠦ ᠨᠢ ᠨᠠᠶᠢᠳᠠᠪᠤᠷᠢᠲᠠᠢ ᠴᠠᠬᠢᠯᠭᠠᠨ ᠬᠦᠴᠦᠨ ᠤ ᠬᠠᠩᠭᠠᠯᠭ᠎ᠠ ᠠᠴᠠ ᠰᠠᠯᠵᠤ ᠴᠢᠳᠠᠬᠤ ᠦᠭᠡᠢ᠃ ᠱᠠᠩᠳᠤ ᠶᠢᠨ ᠴᠠᠬᠢᠯᠭᠠᠨ ᠬᠠᠩᠭᠠᠬᠤ ᠺᠣᠮᠫᠠᠨᠢ ︽ᠨᠠᠮ ᠤᠨ ᠪᠠᠶᠢᠭᠤᠯᠤᠯᠲᠠ ᠶᠢᠨ ᠲᠣᠣᠷᠵᠢᠯ︾ ᠤᠨ ᠦᠢᠯᠡᠴᠢᠯᠡᠭᠡᠨ ᠤ ᠵᠠᠭᠪᠤᠷ ᠢᠶᠠᠨ ᠴᠢᠩᠭᠠᠳᠬᠠᠵᠤ᠂ ᠵᠤᠭᠠᠴᠠᠯ ᠤᠨ ᠢᠯᠴᠢ ᠶᠢ ᠥᠨᠳᠥᠷ ᠪᠦᠲᠦᠮᠵᠢᠲᠡᠶ ᠪᠠᠷ ᠬᠠᠮᠠᠭᠠᠯᠠᠵᠤ᠂ ᠱᠠᠩᠳᠤ ᠰᠢᠶᠠᠨ ᠤ ᠰᠣᠶᠣᠯ ᠵᠤᠭᠠᠴᠠᠯ ᠤᠨ ᠠᠵᠤ ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠤᠭᠰᠠᠭᠠᠷ ᠢᠷᠡᠵᠡᠶ
ᠣᠷᠴᠢᠭᠤᠯᠣᠭᠴᠢ᠄  ᠬᠠᠨᠠᠭᠠᠷᠬᠢᠨᠠᠭᠴᠢ᠄  ᠬᠠᠨᠠᠭᠠᠷ
 
ᠢᠷᠡᠯᠲᠡ᠄ ᠱᠠᠩᠳᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004288号-2