ᠱᠠᠩᠳᠤ ᠰᠢᠶᠠᠨ 2024 ᠣᠨ ᠤ ︽ᠪᠦᠬᠦ ᠠᠷᠠᠳ ᠤᠨ ᠪᠡᠶ᠎ᠡ ᠴᠢᠭᠢᠷᠠᠭᠵᠢᠭᠤᠯᠬᠤ ᠡᠳᠦᠷ︾ ᠤᠨ ᠡᠬᠢᠯᠡᠯᠲᠡ ᠶᠢᠨ ᠶᠣᠰᠣᠯᠠᠯ ᠵᠢᠴᠢ ᠪᠦᠬᠦ ᠰᠢᠶᠠᠨ ᠤ ᠠᠭᠤᠳᠠᠮ ᠲᠠᠯᠠᠪᠠᠢ ᠶᠢᠨ ᠪᠥᠵᠢᠭ ︵ᠪᠡᠶ᠎ᠡ ᠴᠢᠭᠢᠷᠠᠭᠵᠢᠭᠤᠯᠬᠤ ᠲᠠᠮᠢᠷ︶ ᠤᠨ ᠦᠵᠡᠭᠦᠯᠦᠯᠭᠡ ᠶᠢᠨ ᠲᠣᠭᠯᠠᠯᠲᠠ ᠬᠢᠪᠡ
ᠨᠡᠶᠢᠲᠡᠯᠡᠭᠰᠡᠨ ᠴᠠᠭ᠄
2024/8/13
  ᠶᠡᠷᠦᠩᠬᠡᠶ ᠱᠦᠵᠢ ᠰᠢ ᠶᠢᠨ ᠫᠢᠩ ᠤᠨ ᠪᠡᠶ᠎ᠡ ᠶᠢᠨ ᠲᠠᠮᠢᠷ ᠤᠨ ᠲᠤᠬᠠᠶ ᠴᠢᠬᠤᠯᠠ ᠥᠭᠦᠯᠡᠯᠲᠡ ᠶᠢᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠪᠡᠶ᠎ᠡ ᠶᠢᠨ ᠲᠠᠮᠢᠷ ᠤᠨ ᠬᠦᠴᠦᠷᠬᠡᠭ ᠤᠯᠤᠰ ᠪᠠ ᠡᠷᠡᠭᠦᠯ ᠡᠩᠬᠡ ᠳᠤᠮᠳᠠᠳᠤ ᠤᠯᠤᠰ ᠤᠨ ᠪᠥᠲᠥᠭᠡᠨ ᠪᠠᠶᠢᠭᠤᠯᠤᠯᠲᠠ ᠳᠤ ᠬᠦᠴᠦᠨ ᠨᠡᠮᠡᠷᠢᠯᠡᠵᠦ᠂ 16 ᠳ᠋ᠤᠭᠠᠷ ︽ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠡᠳᠦᠷ︾ ᠤᠨ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠪᠠ ᠣᠯᠢᠮᠫᠢᠺ ᠤᠨ ᠪᠡᠶ᠎ᠡ ᠶᠢᠨ ᠲᠠᠮᠢᠷ ᠤᠨ ᠴᠤᠭᠯᠠᠭᠠᠨ ᠲᠠᠢ ᠬᠠᠮᠲᠤ ᠪᠠᠷ ᠤᠷᠤᠭᠰᠢᠯᠠᠬᠤ ᠠᠵᠢᠯᠯᠠᠭ᠎ᠠ ᠶᠢᠨ ᠭᠤᠤᠯ ᠰᠡᠳᠦᠪ ᠢ ᠴᠤᠤᠷᠢᠶᠠᠲᠤᠨ ᠳᠠᠭᠠᠪᠠ᠃ ᠮᠠᠨ ᠤ ᠰᠢᠶᠠᠨ ᠤ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠠᠵᠢᠯᠯᠠᠭ᠎ᠠ ᠶᠢᠨ ᠥᠷᠨᠢᠩᠭᠦᠶ ᠬᠥᠭᠵᠢᠯᠲᠡ ᠶᠢ ᠪᠥᠬᠦ ᠲᠠᠯ᠎ᠠ ᠪᠠᠷ ᠢᠯᠡᠷᠡᠭᠦᠯᠵᠦ᠂ ᠠᠷᠠᠳ ᠲᠦᠮᠡᠨ ᠤ ᠪᠡᠶ᠎ᠡ ᠴᠢᠭᠢᠷᠠᠭᠵᠢᠭᠤᠯᠬᠤ ᠤᠬᠠᠮᠰᠠᠷ ᠢ ᠴᠢᠩᠭᠠᠷᠠᠭᠤᠯᠤᠨ᠂ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠡᠳᠦᠷ ᠤᠨ ᠦᠷ᠎ᠡ ᠪᠦᠲᠦᠭᠡᠯ ᠢ ᠪᠥᠬᠦ ᠰᠢᠶᠠᠨ ᠤ ᠠᠷᠠᠳ ᠲᠦᠮᠡᠨ ᠳᠤ ᠦᠨᠡᠨ ᠬᠦ ᠬᠦᠷᠲᠡᠭᠡᠵᠦ᠂ 8 ᠰᠠᠷ᠎ᠠ ᠶᠢᠨ 8 ᠤ ᠡᠳᠦᠷ᠂ ᠱᠠᠩᠳᠤ ᠰᠢᠶᠠᠨ 2024 ᠣᠨ ᠤ ︽ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠡᠳᠦᠷ︾ ᠤᠨ ᠡᠬᠢᠯᠡᠯᠲᠡ ᠶᠢᠨ ᠶᠣᠰᠣᠯᠠᠯ ᠵᠢᠴᠢ ᠪᠥᠬᠦ ᠰᠢᠶᠠᠨ ᠤ ᠠᠭᠤᠳᠠᠮ ᠲᠠᠯᠠᠪᠠᠶ ᠶᠢᠨ ᠪᠥᠵᠢᠭ ︵ᠪᠡᠶ᠎ᠡ ᠴᠢᠭᠢᠷᠠᠭᠵᠢᠭᠤᠯᠬᠤ ᠲᠠᠮᠢᠷ︶ ᠶᠢᠨ ᠦᠵᠡᠭᠦᠯᠦᠯᠭᠡ ᠶᠢᠨ ᠠᠵᠢᠯᠯᠠᠭ᠎ᠠ ᠶᠢ ᠵᠣᠬᠢᠶᠠᠨ ᠪᠠᠶᠢᠭᠤᠯᠵᠤ ᠬᠤᠷᠠᠯᠳᠤᠭᠤᠯᠪᠠ᠃ ᠱᠠᠩᠳᠤ ᠰᠢᠶᠠᠨ ᠤ ᠵᠠᠰᠠᠭ ᠤᠨ ᠣᠷᠳᠣᠨ ᠤ ᠳᠡᠳ᠋ ᠰᠢᠶᠠᠨ ᠤ ᠳᠠᠷᠤᠭ᠎ᠠ ᠸᠧᠶ ᠸᠧᠶ᠂ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠲᠣᠪᠴᠢᠶ᠎ᠠ ᠶᠢᠨ ᠨᠠᠮ ᠤᠨ ᠬᠤᠷᠢᠶᠠᠨ ᠤ ᠱᠦᠵᠢ᠂ ᠲᠣᠪᠴᠢᠶᠠᠨ ᠳᠠᠷᠤᠭ᠎ᠠ ᠰᠥᠩ ᠴᠢᠶᠠᠩ᠂ ᠲᠣᠪᠴᠢᠶ᠎ᠠ ᠶᠢᠨ ᠨᠠᠮ ᠤᠨ ᠬᠤᠷᠢᠶᠠᠨ ᠤ ᠭᠡᠰᠢᠭᠦᠨ᠂ ᠳᠡᠳ᠋ ᠲᠣᠪᠴᠢᠶᠠᠨ ᠳᠠᠷᠤᠭ᠎ᠠ ᠵᠣᠣ ᠶᠢᠦ ᠯᠢᠶᠠᠩ᠂ ᠲᠣᠪᠴᠢᠶ᠎ᠠ ᠶᠢᠨ ᠬᠠᠮᠢᠶ᠎ᠠ ᠪᠥᠬᠦᠶ ᠲᠠᠰᠤᠭ ᠤᠨ ᠬᠠᠷᠢᠭᠤᠴᠠᠯᠭᠠᠲᠠᠨ ᠲᠣᠰ ᠤᠳᠠᠭᠠᠨ ᠤ ᠠᠵᠢᠯᠯᠠᠭ᠎ᠠ ᠳᠤ ᠣᠷᠣᠯᠴᠠᠵᠠᠶ᠃    ᠲᠣᠰ ᠤᠳᠠᠭᠠᠨ ᠤ ᠦᠵᠡᠭᠦᠯᠦᠯᠭᠡ ᠶᠢᠨ ᠲᠣᠭᠯᠠᠯᠲᠠ ᠳᠤ ᠨᠡᠶᠢᠲᠡ 41 ᠰᠠᠯᠪᠤᠷᠢ ᠲᠠᠯᠠᠪᠠᠶ ᠶᠢᠨ ᠪᠥᠵᠢᠭ ᠪᠡᠶ᠎ᠡ ᠴᠢᠭᠢᠷᠠᠭᠵᠢᠭᠤᠯᠬᠤ ᠲᠠᠮᠢᠷ ᠤᠨ ᠠᠩᠭᠢ ᠪᠠᠷᠤᠭ 1100 ᠬᠥᠮᠦᠨ ᠣᠷᠣᠯᠴᠠᠵᠤ᠂ ᠲᠣᠰ ᠲᠣᠰ ᠪᠥᠬᠦ ᠰᠢᠶᠠᠨ ᠤ 10 ᠰᠢᠶᠠᠩ ᠪᠠᠯᠭᠠᠰᠤ ᠪᠠ 20 ᠨᠡᠶᠢᠭᠡᠮ ᠲᠣᠭᠤᠷᠢᠭ᠂ 2 ᠨᠡᠶᠢᠭᠡᠮ ᠤᠨ ᠪᠦᠯᠬᠦᠮ ᠠᠴᠠ ᠢᠷᠡᠭᠰᠡᠨ ᠪᠠᠶᠢᠨ᠎ᠠ᠃    ᠲᠣᠰ ᠤᠳᠠᠭᠠᠨ ᠤ ᠠᠵᠢᠯᠯᠠᠭ᠎ᠠ ᠶᠢ ᠡᠷᠬᠢᠯᠡᠭᠰᠡᠨ ᠨᠢ ᠥᠷᠭᠡᠨ ᠣᠯᠠᠨ ᠲᠦᠮᠡᠨ ᠤ ᠪᠣᠯᠪᠠᠰᠤᠨ ᠡᠷᠡᠭᠦᠯ ᠠᠮᠢᠳᠤᠷᠠᠯ ᠤᠨ ᠠᠷᠭ᠎ᠠ ᠮᠠᠶ᠋ᠢᠭ ᠢ ᠰᠠᠨᠠᠭᠠᠴᠢᠯᠠᠵᠤ᠂ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠬᠥᠳᠡᠯᠭᠡᠭᠡᠨ ᠤ ᠥᠷᠨᠢᠯᠲᠡ ᠶᠢ ᠠᠬᠢᠭᠤᠯᠵᠤ ᠂ ᠣᠯᠠᠨ ᠤ ᠪᠡᠶ᠎ᠡ ᠶᠢᠨ ᠲᠠᠮᠢᠷ ᠤᠨ ᠪᠡᠶ᠎ᠡ ᠴᠢᠭᠢᠷᠠᠭᠵᠢᠭᠤᠯᠬᠤ ᠠᠵᠢᠯᠯᠠᠭ᠎ᠠ ᠳᠤ ᠢᠳᠡᠪᠬᠢᠲᠡᠶ ᠣᠷᠣᠯᠴᠠᠬᠤ ᠬᠠᠯᠠᠭᠤᠨ ᠰᠡᠳᠬᠢᠯᠭᠡ ᠵᠢᠴᠢ ᠡᠷᠡᠭᠦᠯ ᠪᠣᠯᠪᠠᠰᠤᠨ ᠠᠮᠢᠳᠤᠷᠠᠯ ᠤᠨ ᠠᠷᠭ᠎ᠠ ᠮᠠᠶ᠋ᠢᠭ ᠢ ᠬᠥᠭᠡᠭᠡᠴᠡᠯᠳᠦᠬᠦ ᠰᠠᠶᠢᠨ ᠰᠠᠶᠢᠬᠠᠨ ᠣᠷᠴᠢᠨ ᠠᠬᠤᠶ ᠶᠢᠨ ᠠᠭᠤᠷ ᠠᠮᠢᠰᠬᠤᠯ ᠢ ᠬᠥᠭᠵᠢᠭᠡᠪᠡ᠃
ᠣᠷᠴᠢᠭᠤᠯᠣᠭᠴᠢ᠄  ᠬᠠᠨᠠᠭᠠᠷᠬᠢᠨᠠᠭᠴᠢ᠄  ᠬᠠᠨᠠᠭᠠᠷ
 
ᠢᠷᠡᠯᠲᠡ᠄ ᠱᠠᠩᠳᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004288号-2