︽ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦᠨ ᠤ ᠬᠤᠪᠢ ᠬᠥᠮᠥᠨ ᠤ ᠭᠡᠷᠡᠴᠢᠯᠡᠬᠦ | ᠵᠦᠢᠯᠡᠰ ᠢ ᠨᠡᠶᠢᠳᠬᠡᠵᠦ ︿ᠺᠣᠳ᠋ ᠢᠶᠠᠨ ᠦᠵᠡᠭᠦᠯᠦᠭᠰᠡᠭᠡᠷ ᠭᠦᠢᠴᠡᠳᠬᠡᠵᠦ ᠪᠣᠯᠬᠤ﹀ ᠠᠵᠢᠯ ᠢ ᠠᠬᠢᠭᠤᠯᠬᠤ ᠲᠤᠬᠠᠢ | ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠶᠠᠮᠤᠨ ᠤ ᠠᠯᠪᠠᠨ ᠲᠢᠩᠬᠢᠮ ᠤᠨ | ᠮᠡᠳᠡᠭᠳᠡᠯ︾ ᠳᠤ᠂ ᠪᠥᠬᠦ ᠤᠯᠤᠰ ᠤᠨ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦᠨ ᠤ | ᠵᠢᠵᠢᠭ ᠫᠷᠣᠭ᠍ᠷᠠᠮ ᠪᠠ ᠪᠥᠬᠦ ᠤᠯᠤᠰ ᠤᠨ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦᠨ ᠤ | ᠬᠢᠨᠠᠯᠲᠠ ᠬᠠᠮᠢᠶᠠᠷᠤᠯᠲᠠ ᠶᠢᠨ ᠦᠢᠯᠡᠴᠢᠯᠡᠭᠡᠨ ᠤ ᠲᠠᠪᠴᠠᠩ ᠳᠤ ᠲᠦᠰᠢᠭᠯᠡᠨ᠂ ᠣᠷᠣᠨ ᠰᠠᠭᠤᠴᠠ ᠶᠢᠨ ᠨᠡᠶᠢᠲᠡ ᠶᠢᠨ | ᠬᠤᠷᠠᠮᠳᠤᠭᠤᠯᠭ᠎ᠠ ᠶᠢᠨ ᠮᠥᠩᠭᠦ ᠲᠤᠰᠢᠶᠠᠨ ᠬᠠᠳᠠᠭᠠᠯᠠᠭᠴᠢ ᠨᠢ ᠠᠵᠢᠯᠲᠠᠨ ᠠᠵᠢᠯᠴᠢᠨ ᠤ ᠲᠤᠰᠢᠶᠠᠨ ᠬᠠᠳᠠᠭᠠᠯᠠᠭᠰᠠᠨ | ᠭᠡᠷᠡᠴᠢ᠂ ᠣᠨᠳᠣᠤ ᠭᠠᠵᠠᠷ ᠲᠤ ᠵᠢᠭᠡᠯᠡᠯᠭᠡ ᠲᠤᠰᠢᠶᠠᠨ ᠬᠠᠳᠠᠭᠠᠯᠠᠭᠰᠠᠨ ᠭᠡᠷᠡᠴᠢ ᠪᠠ ᠵᠢᠭᠡᠯᠡᠯᠭᠡ ᠶᠢ ᠪᠣᠳᠣᠵᠤ | ᠳᠠᠭᠤᠰᠬᠠᠭᠰᠠᠨ ᠭᠡᠷᠡᠴᠢ ᠵᠡᠷᠭᠡ ᠬᠤᠪᠢ ᠬᠥᠮᠦᠨ ᠤ ᠭᠡᠷᠡᠴᠢ ᠶᠢ ᠭᠤᠶᠤᠴᠢᠯᠠᠵᠤ ᠠᠪᠬᠤ ᠦᠶ᠎ᠡ ᠳᠤ᠂ ᠬᠤᠪᠢ | ᠬᠥᠮᠥᠨ ᠳᠤ ᠨᠢ ᠴᠠᠭ ᠲᠤᠬᠠᠶ ᠳᠤ ᠨᠢ ᠰᠦᠯᠵᠢᠶ᠎ᠡ ᠪᠠᠷ ᠭᠠᠷᠭᠠᠵᠤ ᠥᠭᠬᠦ᠂ ᠠᠷᠤ ᠲᠠᠪᠴᠠᠩ ᠳᠤ ᠠᠦ᠋ᠲ᠋ᠣ᠋ ᠪᠠᠶᠢᠴᠠᠭᠠᠨ | ᠰᠢᠯᠭᠠᠬᠤ ᠵᠡᠷᠭᠡ ᠦᠢᠯᠡᠴᠢᠯᠡᠭᠡ ᠬᠠᠩᠭᠠᠵᠤ ᠪᠠᠶᠢᠵᠠᠢ᠂ ᠣᠳᠣ ᠨᠢᠭᠡᠳᠦᠯᠲᠡᠶ ︽ᠡᠯᠧᠺᠳ᠋ᠷᠣᠨ ᠺᠣᠳ᠋︾ ᠢᠶᠠᠷ ᠤᠤᠯ ᠤᠨ | 3 ᠵᠦᠢᠯ ᠤᠨ ᠴᠠᠭᠠᠰᠤᠨ ᠭᠡᠷᠡᠴᠢ ᠶᠢ ᠣᠷᠣᠯᠠᠭᠤᠯᠵᠤ᠂ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ | ᠮᠥᠩᠭᠦᠨ ᠤ ᠬᠤᠪᠢ ᠬᠥᠮᠦᠨ ᠤ ᠭᠡᠷᠡᠴᠢᠯᠡᠬᠦ ᠵᠦᠢᠯᠡᠰ ᠢ ︽ᠺᠣᠳ᠋ ᠢᠶᠠᠨ ᠦᠵᠡᠭᠦᠯᠦᠭᠰᠡᠭᠡᠷ ᠭᠦᠢᠴᠡᠳᠬᠡᠵᠦ ᠪᠣᠯᠬᠤ︾ | ᠶᠢ ᠪᠡᠶᠡᠯᠡᠭᠦᠯᠦᠨ᠎ᠡ ᠭᠡᠵᠦ ᠳᠤᠷᠠᠳᠪᠠ᠃ 2024 ᠣᠨ ᠤ 8 ᠳ᠋ᠤᠭᠠᠷ ᠰᠠᠷ᠎ᠠ ᠠᠴᠠ ᠡᠬᠢᠯᠡᠨ᠂ ᠣᠷᠣᠨ | ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦᠨ ᠤ ᠬᠤᠪᠢ ᠬᠥᠮᠦᠨ ᠤ ᠭᠡᠷᠡᠴᠢᠯᠡᠬᠦ ᠵᠦᠢᠯᠡᠰ ᠢ ︽ | ᠺᠣᠳ᠋ ᠢᠶᠠᠨ ᠦᠵᠡᠭᠦᠯᠦᠭᠰᠡᠭᠡᠷ ᠭᠦᠢᠴᠡᠳᠬᠡᠵᠦ ᠪᠣᠯᠬᠤ︾ ᠶᠢ ᠪᠥᠬᠦ ᠲᠠᠯ᠎ᠠ ᠪᠠᠷ ᠬᠡᠷᠡᠭᠵᠢᠭᠦᠯᠪᠡ᠃ | ᠺᠣᠳ᠋ ᠢ ᠰᠢᠷᠪᠢᠵᠦ ᠲᠥᠷᠥ ᠶᠢᠨ ᠶᠠᠪᠤᠳᠠᠯ ᠤᠨ ᠬᠤᠷᠢᠶᠠᠨ ᠤ ᠬᠡᠷᠡᠭᠯᠡᠭᠴᠢ ᠶᠢᠨ ᠵᠢᠵᠢᠭ ᠫᠷᠣᠭ᠍ᠷᠠᠮ ᠳᠤ ᠣᠷᠣᠭᠠᠷᠠᠢ | 【 ᠪᠦᠬᠦ ᠤᠯᠤᠰ ᠤᠨ ᠤᠷᠤᠨ ᠰᠠᠭᠤᠴᠠ ᠶᠢᠨ ᠨᠡᠶᠢᠳᠡ ᠶᠢᠨ ᠬᠤᠷᠠᠮᠳᠤᠯᠭ᠎ᠠ ᠶᠢᠨ ᠮᠦᠩᠭᠦ 】 ᠶᠢᠨ | ᠦᠢᠯᠡᠴᠢᠯᠡᠭᠡ |