ᠦᠰᠦᠭ ᠲᠠᠶᠢᠯᠣᠮᠵᠢ ᠄  ᠲᠠᠨ ᠤ ᠡᠮᠴᠢᠯᠡᠭᠡᠨ ᠤ ᠳᠠᠭᠠᠳᠬᠠᠯ ᠲᠠᠢ ᠬᠤᠯᠪᠣᠭᠳᠠᠨ᠎ᠠ︕ ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠪᠢᠴᠢᠭ ᠮᠠᠲ᠋ᠧᠷᠢᠶᠠᠯ ᠲᠠᠷᠬᠠᠭᠠᠵᠤ ᠳᠠᠭᠠᠳᠬᠠᠯ ᠳᠤ ᠣᠷᠣᠯᠴᠠᠭᠰᠠᠳ ᠲᠤ ᠡᠳᠡᠭᠡᠷ ᠠᠰᠢᠭ ᠢ ᠬᠦᠷᠲᠡᠭᠡᠨ᠎ᠡ
ᠨᠡᠶᠢᠲᠡᠯᠡᠭᠰᠡᠨ ᠴᠠᠭ᠄
2024/8/13
ᠲᠦᠷᠦᠭᠦᠬᠡᠨ᠂ ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ︽ᠦᠨᠳᠦᠰᠦᠨ ᠡᠮᠴᠢᠯᠡᠭᠡᠨ ᠤ ᠳᠠᠭᠠᠳᠬᠠᠯ ᠳᠤ ᠣᠷᠣᠯᠴᠠᠬᠤ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠦᠷᠢᠨᠰᠢᠭᠦᠯᠬᠦ ᠲᠤᠬᠠᠢ ᠵᠢᠯᠤᠭᠤᠳᠬᠤ ᠰᠠᠨᠠᠯ︾ ᠢ ᠳᠠᠷᠤᠮᠠᠯᠯᠠᠨ ᠲᠠᠷᠬᠠᠭᠠᠪᠠ᠃ ᠪᠢᠴᠢᠭ ᠮᠠᠲ᠋ᠧᠷᠢᠶᠠᠯ ᠳᠤ ᠳᠤᠷᠠᠳᠬᠤ ᠳᠤ ᠪᠠᠨ᠂ ᠪᠠᠶᠢᠩᠭᠤ ᠰᠠᠭᠤᠭ᠎ᠠ ᠭᠠᠵᠠᠷ᠂ ᠠᠵᠢᠯ ᠣᠯᠣᠭᠰᠠᠨ ᠭᠠᠵᠠᠷ ᠲᠤ ᠪᠠᠨ ᠦᠨᠳᠦᠰᠦᠨ ᠡᠮᠴᠢᠯᠡᠭᠡᠨ ᠤ ᠳᠠᠭᠠᠳᠬᠠᠯ ᠳᠤ ᠣᠷᠣᠯᠴᠠᠬᠤ ᠡᠷᠦᠬᠡ ᠠᠮᠠ ᠶᠢᠨ ᠬᠢᠵᠠᠭᠠᠷᠯᠠᠯ ᠢ ᠤᠯᠠᠮ ᠨᠢᠭᠡ ᠠᠯᠬᠤᠮ ᠴᠢᠯᠦᠭᠡᠲᠡᠢ ᠪᠣᠯᠭᠠᠨ᠎ᠠ᠃ ᠭᠠᠳᠠᠷ ᠣᠷᠣᠨ ᠤ ᠡᠷᠦᠬᠡ ᠠᠮᠠ ᠲᠠᠢ ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢᠳ᠂ ᠰᠤᠷᠬᠤ ᠨᠠᠰᠤᠨ ᠠᠴᠠ ᠡᠮᠦᠨᠡᠬᠢ ᠬᠡᠦᠬᠡᠳ ᠤᠨ ᠪᠠᠶᠢᠩᠭᠤ ᠰᠠᠭᠤᠭ᠎ᠠ ᠭᠠᠵᠠᠷ ᠲᠤ ᠨᠢ ᠰᠠᠭᠤᠭᠠᠯᠢ ᠠᠷᠠᠳ ᠤᠨ ᠡᠮᠴᠢᠯᠡᠭᠡᠨ ᠤ ᠳᠠᠭᠠᠳᠬᠠᠯ ᠳᠤ ᠣᠷᠣᠯᠴᠠᠭᠤᠯᠬᠤ ᠶᠢ ᠲᠦᠯᠬᠢᠨ ᠠᠬᠢᠭᠤᠯᠤᠨ᠎ᠠ ᠭᠡᠵᠡᠢ᠃᠂ ᠪᠢᠴᠢᠭ ᠮᠠᠲ᠋ᠧᠷᠢᠶᠠᠯ ᠳᠤ ᠳᠤᠷᠠᠳᠬᠤ ᠳᠤ ᠪᠠᠨ᠂ ᠠᠵᠢᠯᠲᠠᠨ ᠠᠵᠢᠯᠴᠢᠨ ᠤ ᠡᠮᠴᠢᠯᠡᠭᠡᠨ ᠤ ᠳᠠᠭᠠᠳᠬᠠᠯ ᠤᠨ ᠬᠤᠪᠢ ᠬᠥᠮᠥᠨ ᠤ ᠲᠠᠩᠰᠠᠨ ᠡᠷᠦᠬᠡ ᠶᠢᠨ ᠲᠤᠰᠠᠯᠠᠯᠴᠠᠬᠤ ᠬᠡᠪᠴᠢᠶ᠎ᠡ ᠶᠢ ᠭᠡᠷ ᠪᠦᠯᠢ ᠶᠢᠨ ᠪᠦᠷᠢᠯᠳᠦᠭᠦᠨ ᠠᠴᠠ ᠨᠢ ᠣᠶᠢᠷ᠎ᠠ ᠰᠠᠳᠤᠨ ᠲᠥᠷᠥᠯ ᠳᠤ ᠨᠢ ᠬᠦᠷᠲᠡᠯ᠎ᠡ ᠥᠷᠭᠡᠳᠬᠡᠨ᠎ᠡ ᠭᠡᠪᠡ᠃ ᠪᠢᠴᠢᠭ ᠮᠠᠲ᠋ᠧᠷᠢᠶᠠᠯ ᠳᠤ ᠲᠣᠳᠣᠷᠬᠠᠶᠢᠯᠠᠬᠤ ᠳᠤ ᠪᠠᠨ᠂ 2025 ᠣᠨ ᠠᠴᠠ ᠡᠬᠢᠯᠡᠨ᠂ ᠳᠠᠭᠠᠳᠬᠠᠯ ᠢᠶᠠᠨ ᠲᠠᠰᠤᠯᠳᠠᠭᠤᠯᠤᠭᠠᠳ ᠳᠠᠬᠢᠨᠲᠠ ᠳᠠᠭᠠᠳᠬᠠᠯ ᠳᠤ ᠣᠷᠣᠯᠴᠠᠭᠰᠠᠨ ᠪᠠᠶᠢᠪᠠᠯ᠂ ᠬᠦᠨᠳᠦ ᠡᠪᠡᠳᠴᠢᠨ ᠤ ᠳᠠᠭᠠᠳᠬᠠᠯ ᠤᠨ ᠲᠦᠯᠦᠪᠦᠷᠢᠯᠡᠬᠦ ᠬᠠᠮᠤᠭ ᠤᠨ ᠥᠨᠳᠥᠷ ᠬᠢᠵᠠᠭᠠᠷ ᠲᠤᠭ᠎ᠠ ᠶᠢ ᠪᠠᠭᠤᠷᠠᠭᠤᠯᠵᠤ ᠪᠣᠯᠣᠨ᠎ᠠ︔ ᠰᠠᠭᠤᠭᠠᠯᠢ ᠠᠷᠠᠳ ᠤᠨ ᠡᠮᠴᠢᠯᠡᠭᠡᠨ ᠤ ᠳᠠᠭᠠᠳᠬᠠᠯ ᠳᠤ ᠵᠠᠯᠭᠠᠭ᠎ᠠ ᠪᠠᠷ ᠪᠦᠬᠦᠯᠢ 4 ᠵᠢᠯ ᠣᠷᠣᠯᠴᠠᠭᠰᠠᠳ᠂ ᠲᠠᠪᠤᠳᠤᠭᠠᠷ ᠵᠢᠯ ᠠᠴᠠ ᠡᠬᠢᠯᠡᠵᠦ ᠢᠯᠡᠭᠦᠦ 1 ᠵᠢᠯ ᠣᠷᠣᠯᠴᠠᠬᠤ ᠪᠦᠷᠢ ᠬᠦᠨᠳᠦ ᠡᠪᠡᠳᠴᠢᠨ ᠤ ᠳᠠᠭᠠᠳᠬᠠᠯ ᠤᠨ ᠲᠦᠯᠦᠪᠦᠷᠢᠯᠡᠬᠦ ᠬᠠᠮᠤᠭ ᠤᠨ ᠥᠨᠳᠥᠷ ᠬᠢᠵᠠᠭᠠᠷ ᠲᠤᠭ᠎ᠠ ᠶᠢ ᠵᠣᠬᠢᠬᠤ ᠬᠡᠮᠵᠢᠶ᠎ᠡ ᠪᠠᠷ ᠳᠡᠭᠡᠭᠰᠢᠯᠡᠭᠦᠯᠵᠦ ᠪᠣᠯᠣᠨ᠎ᠠ᠃ ᠲᠤᠬᠠᠢ ᠶᠢᠨ ᠵᠢᠯ ᠳᠤ ᠰᠠᠭᠤᠷᠢ ᠮᠥᠩᠭᠦᠨ ᠠᠴᠠ ᠲᠠᠩᠰᠠ ᠥᠯᠥ ᠲᠠᠶᠢᠯᠤᠭᠰᠠᠨ ᠰᠠᠭᠤᠭᠠᠯᠢ ᠠᠷᠠᠳ ᠤᠨ ᠡᠮᠴᠢᠯᠡᠭᠡᠨ ᠤ ᠳᠠᠭᠠᠳᠬᠠᠯ ᠳᠤ ᠣᠷᠣᠯᠴᠠᠭᠰᠠᠳ ᠳᠠᠷᠠᠭ᠎ᠠ ᠵᠢᠯ ᠳᠤ ᠨᠢ ᠬᠦᠨᠳᠦ ᠡᠪᠡᠳᠴᠢᠨ ᠤ ᠳᠠᠭᠠᠳᠬᠠᠯ ᠤᠨ ᠲᠦᠯᠦᠪᠦᠷᠢᠯᠡᠬᠦ ᠬᠠᠮᠤᠭ ᠤᠨ ᠥᠨᠳᠥᠷ ᠬᠢᠵᠠᠭᠠᠷ ᠲᠤᠭ᠎ᠠ ᠶᠢ ᠳᠡᠭᠡᠭᠰᠢᠯᠡᠭᠦᠯᠵᠦ ᠪᠣᠯᠣᠨ᠎ᠠ ᠭᠡᠪᠡ᠃
 
ᠢᠷᠡᠯᠲᠡ᠄ ᠥᠪᠥᠷ ᠮᠣᠩᠭᠤᠯ ᠤᠨ ᠦᠪᠡᠷᠲᠡᠭᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004288号-2