ᠴᠢ ᠲᠠᠢ ᠪᠠᠯᠭᠠᠰᠤ ᠲᠥᠪᠯᠡᠷᠡᠭᠦᠯᠦᠨ ᠰᠤᠷᠤᠯᠴᠠᠬᠤ ᠡᠳᠦᠷ ᠤᠨ ᠠᠵᠢᠯᠯᠠᠭ᠎ᠠ ᠶᠢ ᠵᠣᠬᠢᠶᠠᠨ ᠪᠠᠶᠢᠭᠤᠯᠵᠤ ᠥᠷᠨᠢᠭᠦᠯᠪᠡ - ᠨᠠᠮ ᠤᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠪᠠ
ᠨᠡᠶᠢᠲᠡᠯᠡᠭᠰᠡᠨ ᠴᠠᠭ᠄
2024/8/30
 ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ ᠪᠥᠬᠦ ᠪᠠᠯᠭᠠᠰᠤᠨ ᠤ ᠥᠷᠭᠡᠨ ᠣᠯᠠᠨ ᠠᠵᠢᠯᠲᠠᠨ ᠠᠵᠢᠯᠴᠢᠨ ᠺᠠᠳ᠋ᠷᠴᠤᠳ ᠢ ᠬᠥᠲᠥᠯᠦᠨ ᠵᠢᠯᠣᠭᠤᠳᠴᠤ ᠪᠠᠶᠢᠭᠠᠳ ᠥᠭᠡᠷᠡᠴᠢᠯᠡᠯᠲᠡ ᠶᠢ ᠪᠥᠬᠦ ᠲᠠᠯ᠎ᠠ ᠪᠠᠷ ᠭᠦᠨᠵᠡᠭᠡᠶᠢᠷᠡᠭᠦᠯᠬᠦ ᠭᠤᠤᠯ ᠰᠡᠳᠦᠪ᠂ ᠴᠢᠬᠤᠯᠠ ᠶᠡᠭᠡ ᠵᠠᠷᠴᠢᠮ᠂ ᠴᠢᠬᠤᠯᠠ ᠶᠡᠭᠡ ᠠᠷᠭ᠎ᠠ ᠬᠡᠮᠵᠢᠶ᠎ᠡ᠂ ᠦᠨᠳᠦᠰᠦᠨ ᠪᠠᠲᠤᠯᠠᠭ᠎ᠠ ᠶᠢ ᠣᠨᠣᠪᠴᠢᠲᠠᠶ ᠤᠶᠢᠯᠠᠭᠠᠨ ᠡᠵᠡᠮᠰᠢᠭᠦᠯᠬᠦ ᠶᠢᠨ ᠲᠥᠯᠥᠭᠡ᠂ ᠥᠭᠡᠷᠡᠴᠢᠯᠡᠯᠲᠡ ᠶᠢ ᠪᠥᠬᠦ ᠲᠠᠯ᠎ᠠ ᠪᠠᠷ ᠭᠦᠨᠵᠡᠭᠡᠶᠢᠷᠡᠭᠦᠯᠬᠦ ᠠᠮᠵᠢᠯᠲᠠ ᠲᠠᠢ ᠦᠢᠯᠡᠳᠦᠯᠭᠡ ᠠᠴᠠ ᠬᠦᠴᠦᠷᠬᠡᠭ ᠶᠡᠭᠡ ᠣᠶᠤᠨ ᠰᠠᠨᠠᠭᠠᠨ ᠤ ᠬᠦᠴᠦᠨ ᠢ ᠰᠢᠩᠭᠡᠭᠡᠨ ᠠᠪᠬᠤ ᠶᠢᠨ ᠲᠥᠯᠥᠭᠡ᠂ 8 ᠰᠠᠷ᠎ᠠ ᠶᠢᠨ 9 ᠤ ᠡᠳᠦᠷ᠂ ᠴᠢ ᠲᠠᠢ ᠪᠠᠯᠭᠠᠰᠤ ᠡᠯ᠎ᠡ ᠲᠣᠰᠬᠤᠨ᠂ ᠨᠡᠶᠢᠭᠡᠮ ᠲᠣᠭᠤᠷᠢᠭ ᠤᠨ ᠱᠦᠵᠢ ᠵᠢᠴᠢ ᠪᠥᠬᠦ ᠺᠠᠳ᠋ᠷᠴᠤᠳ ᠢ ᠵᠣᠬᠢᠶᠠᠨ ᠪᠠᠶᠢᠭᠤᠯᠵᠤ ᠲᠥᠪᠯᠡᠷᠡᠭᠦᠯᠦᠨ ᠰᠤᠷᠤᠯᠴᠠᠬᠤ ᠡᠳᠦᠷ ᠤᠨ ᠠᠵᠢᠯᠯᠠᠭ᠎ᠠ ᠥᠷᠨᠢᠭᠦᠯᠪᠡ᠃    ᠬᠤᠷᠠᠯ ᠳᠡᠭᠡᠷ᠎ᠡ ᠨᠠᠮ ᠤᠨ ᠬᠤᠷᠢᠶᠠᠨ ᠤ ᠱᠦᠵᠢ ᠵᠠᠩ ᠶᠧ ᠢᠦᠢ ᠪᠦᠬᠦ ᠺᠠᠳ᠋ᠷᠴᠤᠳ ᠢ ᠳᠠᠭᠠᠭᠤᠯᠤᠨ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠬᠦᠳᠡ ᠬᠤᠷᠠᠯ ᠤᠨ ᠠᠯᠪᠠᠨ ᠮᠡᠳᠡᠭᠡ︾ ᠶᠢ ᠨᠠᠷᠢᠨ ᠬᠢᠨᠠᠮᠠᠭᠠᠢ ᠰᠤᠷᠤᠯᠴᠠᠬᠤ ᠶᠢᠨ ᠬᠠᠮᠲᠤ ᠠᠯᠪᠠᠨ ᠮᠡᠳᠡᠭᠡ ᠶᠢᠨ ᠠᠭᠤᠯᠭ᠎ᠠ ᠳᠤ ᠨᠠᠷᠢᠨ ᠨᠢᠭᠲᠠ ᠲᠠᠶᠢᠯᠤᠮᠵᠢ ᠬᠢᠵᠡᠢ᠃ ᠡᠯ᠎ᠡ ᠠᠵᠢᠯᠲᠠᠨ ᠠᠵᠢᠯᠴᠢᠨ ᠺᠠᠳ᠋ᠷᠴᠤᠳ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠦᠨᠡᠨ ᠬᠦ ᠰᠠᠶᠢᠲᠤᠷ ᠰᠤᠷᠤᠯᠴᠠᠵᠤ᠂ ᠰᠠᠶᠢᠲᠤᠷ ᠣᠶᠢᠯᠠᠭᠠᠵᠤ᠂ ᠰᠠᠶᠢᠲᠤᠷ ᠤᠬᠠᠭᠤᠯᠵᠤ᠂ ᠰᠠᠶᠢᠲᠤᠷ ᠲᠤᠭᠤᠰᠢᠯᠠᠭᠤᠯᠵᠤ᠂ ᠬᠠᠮᠤᠭ ᠤᠨ ᠰᠢᠨ᠎ᠡ ᠣᠨᠣᠯ ᠤᠨ ᠦᠷ᠎ᠡ ᠪᠦᠲᠦᠭᠡᠯ ᠢᠶᠠᠷ ᠲᠠᠷᠢᠬᠢ ᠲᠣᠯᠣᠭᠠᠶ ᠪᠠᠨ ᠵᠡᠪᠰᠡᠭᠯᠡᠵᠦ᠂ ᠦᠢᠯᠡᠳᠦᠯᠭᠡ ᠪᠠᠨ ᠵᠢᠯᠣᠭᠤᠳᠣᠭᠤᠯᠵᠤ᠂ ᠠᠵᠢᠯ ᠢᠶᠠᠨ ᠠᠬᠢᠭᠤᠯᠬᠤ ᠬᠡᠷᠡᠭᠲᠡᠶ ᠭᠡᠵᠦ ᠱᠠᠭᠠᠷᠳᠠᠪᠠ᠃    ᠳᠠᠷᠠᠭᠠᠴᠢ ᠶᠢᠨ ᠠᠯᠬᠤᠮ ᠳᠤ᠂ ᠴᠢ ᠲᠠᠢ ᠪᠠᠯᠭᠠᠰᠤ ᠨᠠᠮ ᠤᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠤᠬᠠᠭᠤᠯᠬᠤ ᠠᠵᠢᠯᠯᠠᠭ᠎ᠠ ᠶᠢ ᠥᠷᠭᠡᠨ ᠢᠶᠠᠷ ᠥᠷᠨᠢᠭᠦᠯᠵᠦ᠂ ᠠᠯᠪᠠᠨ ᠮᠡᠳᠡᠭᠡ ᠶᠢᠨ ᠵᠣᠷᠢᠭ ᠰᠠᠨᠠᠭ᠎ᠠ ᠶᠢ ᠰᠡᠳᠬᠢᠯ ᠳᠡᠭᠡᠨ ᠰᠢᠩᠭᠡᠭᠡᠵᠦ᠂ ᠦᠢᠯᠡ ᠠᠵᠢᠯᠯᠠᠭ᠎ᠠ ᠳᠠᠭᠠᠨ ᠰᠢᠩᠭᠡᠭᠡᠬᠦ ᠪᠠᠷ ᠴᠢᠷᠮᠠᠶᠢᠵᠤ᠂ ᠬᠥᠮᠦᠰ ᠤᠨ ᠰᠡᠳᠬᠢᠯ ᠢ ᠨᠢᠭᠲᠠᠷᠠᠭᠤᠯᠬᠤ᠂ ᠠᠵᠢᠯ ᠤᠨ ᠴᠢᠨᠠᠷ ᠴᠢᠨᠰᠠᠭ᠎ᠠ ᠦᠷ᠎ᠡ ᠪᠦᠲᠦᠮᠵᠢ ᠶᠢ ᠳᠡᠭᠡᠭᠰᠢᠯᠡᠭᠦᠯᠬᠦ᠂ ᠪᠦᠬᠦ ᠪᠠᠯᠭᠠᠰᠤᠨ ᠤ ᠬᠥᠭᠵᠢᠯᠲᠡ ᠶᠢ ᠠᠬᠢᠭᠤᠯᠬᠤ ᠪᠠᠷᠠᠭᠳᠠᠰᠢ ᠦᠭᠡᠢ ᠬᠥᠳᠡᠯᠭᠡᠬᠦ ᠬᠦᠴᠦᠨ ᠪᠣᠯᠭᠠᠨ ᠬᠤᠪᠢᠷᠠᠭᠤᠯᠬᠤ ᠪᠠᠷ ᠴᠢᠷᠮᠠᠶᠢᠨ᠎ᠠ᠃
 
ᠢᠷᠡᠯᠲᠡ᠄ ᠱᠠᠩᠳᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004288号-2