ᠪᠠᠶᠠᠷ ᠤᠨ ᠡᠳᠦᠷ ᠤᠨ ᠵᠠᠩ ᠳᠠᠳᠬᠠᠯ ᠵᠠᠩ ᠳᠠᠳᠬᠠᠯ ᠤᠯᠠᠮᠵᠢᠯᠠᠯᠲᠤ ᠰᠣᠶᠣᠯ ᠢ ᠪᠠᠳᠠᠷᠠᠭᠤᠯᠤᠶ᠎ᠠ
ᠨᠡᠶᠢᠲᠡᠯᠡᠭᠰᠡᠨ ᠴᠠᠭ᠄
2024/8/30
 ᠲᠠᠪᠤᠨ ᠮᠢᠩᠬᠠᠨ ᠵᠢᠯ ᠤᠨ ᠲᠡᠦᠬᠡ᠂ ᠳᠤᠮᠳᠠᠳᠤ ᠶᠢᠨ ᠦᠨᠳᠦᠰᠦᠲᠡᠨ ᠤ ᠭᠡᠷᠡᠯ ᠰᠠᠴᠤᠷᠠᠩᠬᠤᠢ ᠰᠣᠶᠣᠯ ᠢ ᠬᠤᠷᠠᠮᠳᠤᠭᠤᠯᠵᠤ᠂ ᠨᠢᠭᠡᠨᠲᠡ ᠨᠠᠰᠤ ᠪᠠᠷᠠᠭᠰᠠᠨ ᠤᠷᠲᠤ ᠤᠳᠠᠭᠠᠨ ᠲᠡᠦᠬᠡᠨ ᠶᠠᠪᠤᠴᠠ ᠳᠤᠮᠳᠠ᠂ ᠮᠠᠨ ᠤ ᠡᠪᠦᠭᠡ ᠳᠡᠭᠡᠳᠦᠰ ᠮᠠᠨ ᠳᠤ ᠮᠠᠰᠢ ᠣᠯᠠᠨ ᠥᠪ ᠬᠥᠷᠥᠩᠭᠡ ᠶᠢ ᠦᠯᠡᠳᠡᠭᠡᠵᠦ ᠥᠭᠴᠡᠢ᠃ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠢ ᠪᠠᠳᠠᠷᠠᠭᠤᠯᠵᠤ᠂ ᠨᠡᠶᠢᠭᠡᠮ ᠲᠣᠭᠤᠷᠢᠭ ᠤᠨ ᠭᠡᠷ ᠪᠦᠯᠢ ᠶᠢᠨ ᠭᠡᠷ ᠤᠨ ᠰᠤᠷᠲᠠᠯ᠂ ᠭᠡᠷ ᠤᠨ ᠬᠥᠮᠦᠵᠢᠯ ᠤᠨ ᠪᠠᠶᠢᠭᠤᠯᠤᠯᠲᠠ ᠶᠢ ᠬᠥᠲᠥᠯᠥᠨ ᠳᠠᠭᠠᠭᠤᠯᠵᠤ᠂ ᠭᠡᠷ ᠪᠦᠯᠢ ᠶᠢᠨ ᠡᠶ᠎ᠡ ᠨᠠᠶᠢᠷᠠᠮᠳᠠᠭᠤ᠂ ᠡᠶ᠎ᠡ ᠵᠣᠬᠢᠴᠠᠩᠭᠤᠶ ᠪᠠᠶᠢᠭᠤᠯᠤᠯᠲᠠ ᠶᠢ ᠠᠬᠢᠭᠤᠯᠬᠤ ᠶᠢᠨ ᠲᠥᠯᠥᠭᠡ᠂ 2024 ᠣᠨ ᠤ 8 ᠰᠠᠷ᠎ᠠ ᠶᠢᠨ 9 ᠤ ᠡᠳᠦᠷ᠂ ᠴᠢ ᠲᠠᠢ ᠪᠠᠯᠭᠠᠰᠤᠨ ᠤ ᠲᠤᠯᠤᠳᠤᠭᠠᠷ ᠦᠷᠳᠡᠭᠡ ᠨᠡᠶᠢᠭᠡᠮ ᠲᠣᠭᠤᠷᠢᠭ ︽ᠪᠢᠳᠡᠨ ᠤ ᠪᠠᠶᠠᠷ ᠤᠨ ᠡᠳᠦᠷ᠂ ᠲᠤᠯᠤᠭᠠᠨ ᠰᠠᠷ᠎ᠠ ᠶᠢᠨ ᠰᠢᠨ᠎ᠡ ᠶᠢᠨ ᠡᠳᠦᠷ︾ ᠤᠨ ᠭᠤᠣᠯ ᠰᠡᠳᠦᠪᠲᠦ ᠰᠣᠶᠣᠯ ᠤᠨ ᠠᠵᠢᠯᠯᠠᠭ᠎ᠠ ᠥᠷᠨᠢᠭᠦᠯᠪᠡ᠃    ᠠᠵᠢᠯᠯᠠᠭ᠎ᠠ ᠡᠬᠢᠯᠡᠵᠦ᠂ ᠨᠠᠮ ᠤᠨ ᠡᠭᠦᠷ ᠤᠨ ᠱᠦᠵᠢ ᠯᠢ ᠰᠢᠶᠠ ᠣᠷᠣᠯᠴᠠᠭᠰᠠᠳ ᠲᠤ ᠳᠣᠯᠣᠭᠠᠨ ᠰᠠᠷ᠎ᠠ ᠶᠢᠨ ᠳᠣᠯᠣᠭᠠᠨ ᠤ ᠡᠳᠦᠷ ᠤᠨ ᠢᠷᠡᠯᠲᠡ ᠪᠣᠯᠤᠨ ᠵᠠᠩ ᠳᠠᠳᠬᠠᠯ ᠢ ᠲᠠᠨᠢᠯᠴᠠᠭᠤᠯᠵᠤ᠂ ᠳᠠᠷᠠᠭ᠎ᠠ ᠨᠢ ᠠᠵᠢᠯᠯᠠᠭ᠎ᠠ ᠳᠤ ᠣᠷᠣᠯᠴᠠᠭᠰᠠᠨ ᠵᠢᠱᠢᠶᠡᠴᠢ ᠡᠷ᠎ᠡ ᠡᠮ᠎ᠡ ᠬᠤᠶᠠᠭᠤᠯᠠ ᠥᠪᠡᠷ ᠢ ᠪᠠᠨ ᠲᠠᠨᠢᠯᠴᠠᠭᠤᠯᠬᠤ ᠶᠢᠨ ᠬᠠᠮᠲᠤ ᠬᠠᠷᠢᠯᠴᠠᠨ ᠲᠠᠨᠢᠯᠴᠠᠵᠤ ᠬᠠᠷᠢᠯᠴᠠᠨ ᠣᠶᠢᠯᠠᠭᠠᠯᠴᠠᠬᠤ᠂ ᠢᠨᠠᠭ ᠳᠤᠷᠠᠯᠠᠯ ᠤᠨ ᠦᠯᠢᠭᠡᠷ ᠢᠶᠠᠨ ᠬᠤᠪᠢᠶᠠᠯᠴᠠᠬᠤ ᠶᠢ ᠵᠣᠷᠢᠭᠵᠢᠭᠤᠯᠪᠠ ᠃ ᠲᠤᠬᠠᠶ ᠶᠢᠨ ᠲᠠᠯᠠᠪᠤᠷ ᠲᠤ ᠣᠷᠣᠯᠴᠠᠭᠰᠠᠳ ᠢ ᠬᠥᠲᠥᠯᠥᠨ ᠵᠢᠯᠣᠭᠤᠳᠴᠤ ᠪᠠᠶᠢᠭᠠᠳ ᠭᠡᠷ ᠤᠨ ᠰᠤᠷᠲᠠᠯ᠂ ᠭᠡᠷ ᠤᠨ ᠰᠤᠷᠭᠠᠯ ᠲᠠᠢ ᠤᠶᠠᠯᠳᠤᠭᠤᠯᠤᠨ ᠢᠨᠠᠭ ᠳᠤᠷᠠᠯᠠᠯ ᠤᠨ ᠰᠢᠨ᠎ᠡ ᠰᠣᠷᠲᠠᠯ ᠢ ᠬᠤᠪᠢᠶᠠᠯᠴᠠᠬᠤ᠂ ᠣᠷᠤᠭ ᠤᠨ ᠤᠳᠠᠭᠠᠨ ᠳᠤ ᠣᠷᠣᠯᠴᠠᠬᠤ ᠨᠢᠭᠤᠴᠠ ᠵᠣᠷ ᠪᠣᠯ᠄ ᠬᠠᠷᠢᠯᠴᠠᠨ ᠣᠶᠢᠯᠠᠭᠠᠯᠴᠠᠵᠤ᠂ ᠬᠠᠷᠢᠯᠴᠠᠨ ᠪᠠᠭᠲᠠᠭᠠᠵᠤ᠂ ᠴᠠᠭ ᠲᠤᠬᠠᠶ ᠳᠤᠨᠢ ᠨᠡᠪᠲᠡᠷᠡᠯᠴᠡᠵᠦ᠂ ᠬᠠᠷᠢᠯᠴᠠᠨ ᠨᠠᠶᠢᠷ ᠲᠠᠯᠪᠢᠬᠤ ᠶᠠᠪᠤᠳᠠᠯ ᠪᠣᠯᠤᠨ᠎ᠠ᠃    ᠡᠭᠦᠨ ᠠᠴᠠ ᠭᠠᠳᠠᠨ᠎ᠠ᠂ ᠪᠠᠰᠠ ︽ᠰᠣᠷᠭᠤᠭ ᠴᠡᠴᠡᠭ ᠢᠶᠠᠷ ᠬᠠᠶᠢᠷ᠎ᠠ ᠪᠠᠨ ᠪᠡᠯᠡᠭᠯᠡᠬᠦ︾᠂ ︽ᠰᠢᠬᠢᠷᠯᠢᠭ ᠪᠣᠭᠤᠷᠰᠤᠭ ᠢᠳᠡᠬᠦ︾ ᠭᠤᠭᠴᠤᠭ᠎ᠠ ᠲᠣᠬᠢᠷᠠᠭᠤᠯᠵᠤ᠂ ᠶᠡᠭᠡ ᠳᠠᠭᠤᠨ ᠢᠶᠠᠷ ᠢᠯᠡᠳᠬᠡᠬᠦ ᠪᠠᠷ ᠳᠠᠮᠵᠢᠭᠤᠯᠤᠨ᠂ ᠠᠵᠢᠯᠯᠠᠭ᠎ᠠ ᠶᠢ ᠣᠷᠭᠢᠯ ᠳᠤ ᠨᠢ ᠬᠦᠷᠭᠡᠵᠦ᠂ ᠵᠢᠱᠢᠶᠡᠴᠢ ᠡᠷ᠎ᠡ ᠡᠮ᠎ᠡ ᠬᠤᠶᠠᠭᠤᠯᠠ ᠶᠢ ᠬᠠᠷᠢᠯᠴᠠᠨ ᠬᠠᠶᠢᠷᠠᠯᠠᠬᠤ ᠰᠡᠳᠬᠢᠯᠭᠡ ᠪᠠ ᠲᠠᠯᠠᠷᠬᠠᠯ ᠢᠶᠠᠨ ᠨᠢᠭᠤᠷᠳᠠᠨ ᠢᠯᠡᠳᠬᠡᠵᠦ᠂ ᠠᠵᠢᠯᠯᠠᠭ᠎ᠠ ᠶᠢᠨ ᠡᠴᠦᠰ ᠲᠤ᠂ ᠠᠵᠢᠯᠯᠠᠭ᠎ᠠ ᠳᠤ ᠣᠷᠣᠯᠴᠠᠭᠰᠠᠨ ᠡᠷ᠎ᠡ ᠡᠮ᠎ᠡ ᠬᠤᠶᠠᠭᠤᠯᠠ ᠳᠤ ᠬᠠᠮᠲᠤ ᠶᠢᠨ ᠰᠡᠭᠦᠳᠡᠷ ᠲᠠᠲᠠᠵᠤ ᠥᠭᠴᠦ᠂ ᠵᠣᠯ ᠵᠢᠷᠭᠠᠯᠲᠤ ᠴᠠᠭ ᠮᠥᠴᠡ ᠶᠢ ᠲᠣᠭᠲᠠᠭᠠᠵᠤ ᠥᠭᠴᠡᠶ᠃    ᠲᠣᠰ ᠤᠳᠠᠭᠠᠨ ᠤ ᠠᠵᠢᠯᠯᠠᠭ᠎ᠠ ᠨᠢ ᠵᠢᠱᠢᠶᠡᠴᠢ ᠡᠷ᠎ᠡ ᠡᠮ᠎ᠡ ᠬᠤᠶᠠᠭᠤᠯᠠ ᠶᠢ ᠨᠢᠭᠡᠨ ᠤᠳᠬ᠎ᠠ ᠠᠭᠤᠯᠭ᠎ᠠ ᠲᠠᠢ ᠳᠣᠯᠣᠭᠠᠨ ᠰᠠᠷ᠎ᠠ ᠶᠢᠨ ᠰᠢᠨ᠎ᠡ ᠶᠢᠨ ᠪᠠᠶᠠᠷ ᠢ ᠥᠩᠭᠡᠷᠡᠭᠦᠯᠦᠭᠰᠡᠨ ᠢᠶᠠᠷ ᠪᠠᠷᠠᠬᠤ ᠦᠭᠡᠢ᠂ ᠪᠠᠰᠠ ᠰᠠᠭᠤᠭᠠᠯᠢ ᠠᠷᠠᠳ ᠲᠤ ᠨᠡᠶᠢᠭᠡᠮ ᠲᠣᠭᠤᠷᠢᠭ ᠤᠨ ︽ᠭᠡᠷ ᠤᠨ ᠰᠣᠶᠣᠯ︾ ᠤᠨ ᠣᠷᠤᠭ ᠬᠤᠷᠢᠮ ᠤᠨ ᠠᠮᠤᠷ ᠲᠣᠭᠲᠠᠭᠤᠨ᠂ ᠭᠡᠷ ᠪᠦᠯᠢ ᠶᠢᠨ ᠡᠶ᠎ᠡ ᠵᠣᠬᠢᠴᠠᠩᠭᠤᠶ ᠳᠤ ᠦᠯᠦ ᠮᠡᠳᠡᠭᠳᠡᠬᠦ ᠶᠢᠨ ᠨᠥᠯᠥᠭᠡ ᠶᠢ ᠮᠡᠳᠡᠷᠡᠭᠦᠯᠵᠦ᠂ ᠳᠠᠷᠠᠭᠠᠴᠢ ᠶᠢᠨ ᠠᠯᠬᠤᠮ ᠳᠤ᠂ ᠲᠤᠯᠤᠭᠠᠨ ᠨᠡᠶᠢᠭᠡᠮ ᠲᠣᠭᠤᠷᠢᠭ ᠭᠡᠷ ᠤᠨ ᠰᠤᠷᠲᠠᠯ᠂ ᠰᠠᠶᠢᠨ ᠭᠡᠷ ᠤᠨ ᠰᠤᠷᠭᠠᠨ ᠬᠥᠮᠦᠵᠢᠯ ᠤᠨ ᠤᠬᠠᠭᠤᠯᠭ᠎ᠠ ᠪᠠ ᠤᠯᠠᠮᠵᠢᠯᠠᠯ ᠢ ᠦᠷᠭᠦᠯᠵᠢᠯᠡᠨ ᠰᠠᠶᠢᠲᠤᠷ ᠠᠩᠬᠠᠷᠴᠤ᠂ ᠥᠷᠭᠡᠨ ᠣᠯᠠᠨ ᠰᠠᠭᠤᠭᠠᠯᠢ ᠠᠷᠠᠳ ᠢ ᠬᠥᠲᠥᠯᠥᠨ ᠵᠢᠯᠣᠭᠤᠳᠴᠤ ᠪᠠᠶᠢᠭᠠᠳ ᠵᠥᠪ ᠬᠠᠶᠢᠷ᠎ᠠ ᠰᠡᠳᠬᠢᠯᠭᠡ ᠶᠢᠨ ᠦᠵᠡᠯᠲᠡ᠂ ᠤᠷᠤᠭᠯᠠᠬᠤ ᠢᠨᠠᠭ ᠳᠤᠷᠠᠯᠠᠯ ᠤᠨ ᠦᠵᠡᠯᠲᠡ ᠪᠠ ᠭᠡᠷ ᠪᠦᠯᠢ ᠶᠢᠨ ᠦᠵᠡᠯᠲᠡ ᠶᠢ ᠪᠤᠢ ᠪᠣᠯᠭᠠᠵᠤ᠂ ᠪᠢᠳᠡ ᠲᠤᠬᠠᠶᠢᠯᠠᠭᠰᠠᠨ ᠠᠵᠢᠯ ᠤᠨ ᠪᠠᠶᠢᠷᠢ ᠳᠠᠭᠠᠨ ᠰᠠᠭᠤᠷᠢᠯᠠᠨ ᠰᠠᠨᠠᠭᠠᠴᠢᠯᠠᠭ᠎ᠠ ᠠᠴᠠ ᠪᠠᠨ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠵᠤ ᠂ ᠲᠤᠬᠠᠶᠢᠯᠠᠭᠰᠠᠨ ᠠᠵᠢᠯ ᠤᠨ ᠬᠢᠷᠢ ᠲᠦᠪᠰᠢᠨ ᠢᠶᠠᠨ ᠴᠢᠷᠮᠠᠶᠢᠨ ᠴᠢᠩᠭᠠᠳᠬᠠᠵᠤ᠂ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠢ ᠪᠦᠲᠦᠭᠡᠨ ᠪᠠᠶᠢᠭᠤᠯᠬᠤ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠬᠡᠷᠡᠭᠲᠡᠢ ᠭᠡᠵᠦ ᠵᠢᠭᠠᠵᠤ ᠭᠠᠷᠭᠠᠪᠠ᠃ ᠤᠯᠠᠮᠵᠢᠯᠠᠯᠲᠤ ᠰᠣᠶᠣᠯ ᠢ ᠶᠡᠭᠡ ᠪᠠᠷ ᠪᠠᠳᠠᠷᠠᠭᠤᠯᠵᠤ᠂ ᠳᠤᠮᠳᠠᠳᠤ ᠶᠢᠨ ᠰᠠᠶᠢᠬᠠᠨ ᠰᠤᠷᠲᠠᠯ ᠢ ᠤᠯᠠᠮᠵᠢᠯᠠᠨ ᠵᠠᠯᠭᠠᠮᠵᠢᠯᠠᠵᠤ᠂ ᠰᠣᠶᠣᠯ ᠤᠨ ᠢᠲᠡᠭᠡᠯ ᠢ ᠨᠡᠮᠡᠭᠳᠡᠭᠦᠯᠦᠨ᠎ᠡ᠃
 
ᠢᠷᠡᠯᠲᠡ᠄ ᠱᠠᠩᠳᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004288号-2