ᠬᠤᠤᠷᠲᠤ ᠡᠳ᠋ ᠢ ᠴᠠᠭᠠᠵᠠᠯᠠᠬᠤ ᠠᠵᠢᠯ ᠤᠨ ᠵᠣᠷᠢᠭ ᠰᠠᠨᠠᠭ᠎ᠠ ᠶᠢ ᠤᠯᠠᠮ ᠨᠢᠭᠡ ᠠᠯᠬᠤᠮ ᠲᠤᠤᠱᠯᠠᠭᠤᠯᠤᠨ | ᠨᠠᠶᠢᠳᠠᠪᠤᠷᠢᠵᠢᠭᠤᠯᠵᠤ᠂ ᠳ᠋ᠠ ᠾᠧᠢ ᠱᠠ ᠲᠤ ᠪᠠᠯᠭᠠᠰᠤᠨ ᠤ ᠬᠤᠤᠷᠲᠤ ᠡᠳ᠋ ᠤᠨ ᠤᠤᠯ ᠤᠷᠭᠤᠮᠠᠯ ᠢ ︽ᠲᠠᠷᠢᠬᠤ | ᠥᠬᠡᠶ᠂ ᠤᠨᠠᠯᠲᠠ ᠥᠬᠡᠶ᠂ ᠬᠤᠤᠷ ᠥᠬᠡᠶ ᠰᠢᠶᠠᠩ ᠪᠠᠯᠭᠠᠰᠤ︾ ᠶᠢᠨ ᠠᠵᠢᠯ ᠤᠨ ᠬᠠᠷᠠᠯᠲᠠ ᠶᠢ ᠦᠨᠡᠨ ᠬᠦ | ᠪᠠᠲᠤᠯᠠᠬᠤ ᠶᠢᠨ ᠲᠥᠯᠥᠭᠡ᠂ 7 ᠰᠠᠷ᠎ᠠ ᠶᠢᠨ 8 ᠤ ᠡᠳᠦᠷ᠂ ᠳ᠋ᠠ ᠾᠧᠢ ᠱᠠ ᠲᠥ᠋ ᠪᠠᠯᠭᠠᠰᠤ ᠬᠤᠤᠷᠲᠤ ᠡᠳ᠋ ᠢ | ᠴᠠᠭᠠᠵᠠᠯᠠᠬᠤ ᠠᠵᠢᠯ ᠢ ᠠᠬᠢᠭᠤᠯᠬᠤ ᠬᠤᠷᠠᠯ ᠬᠤᠷᠠᠯᠳᠤᠭᠤᠯᠵᠤ᠂ ᠪᠠᠯᠭᠠᠰᠤᠨ ᠤ ᠵᠠᠰᠠᠭ ᠤᠨ ᠣᠷᠳᠣᠨ ᠤ ᠳᠠᠷᠤᠭ᠎ᠠ | ᠵᠧᠤ ᠬᠠᠶ ᠵᠢᠶᠦ᠋ᠨ ᠬᠤᠷᠠᠯ ᠢ ᠡᠷᠭᠢᠯᠡᠵᠦ᠂ ᠪᠠᠯᠭᠠᠰᠤᠨ ᠤ ᠪᠥᠬᠦ ᠺᠠᠳ᠋ᠷ᠂ ᠲᠣᠮᠢᠯᠠᠭᠰᠠᠨ ᠰᠠᠯᠪᠤᠷᠢ ᠶᠢᠨ ᠳᠠᠷᠤᠭ᠎ᠠ᠂ | ᠬᠠᠤᠯᠢ ᠴᠠᠭᠠᠵᠠ ᠶᠢᠨ ᠭᠠᠵᠠᠷ ᠤᠨ ᠳᠠᠷᠤᠭ᠎ᠠ ᠪᠣᠯᠤᠨ ᠡᠯ᠎ᠡ ᠨᠠᠮ ᠤᠨ ᠡᠭᠦᠷ ᠤᠨ ᠱᠦᠵᠢ ᠣᠷᠣᠯᠴᠠᠵᠠᠶ᠃ | ᠬᠤᠷᠠᠯ ᠠᠴᠠ ᠳ᠋ᠠ ᠾᠧᠢ ᠱᠠ ᠲᠤ ᠪᠠᠯᠭᠠᠰᠤᠨ ᠤ ᠬᠤᠣᠷᠲᠤ ᠡᠳ᠋ ᠢ ᠴᠠᠭᠠᠵᠠᠯᠠᠬᠤ ᠬᠤᠣᠷᠲᠤ ᠡᠳ᠋ ᠢ ᠠᠷᠢᠯᠭᠠᠬᠤ | ᠠᠵᠢᠯ ᠢ ᠤᠯᠠᠮ ᠨᠢᠭᠡ ᠠᠯᠬᠤᠮ ᠴᠢᠩᠭᠠᠳᠬᠠᠬᠤ ᠲᠤᠬᠠᠢ ᠬᠤᠷᠠᠯ ᠤᠨ ᠵᠣᠷᠢᠭ ᠰᠠᠨᠠᠭ᠎ᠠ ᠪᠣᠯᠣᠨ ᠠᠵᠢᠯ ᠤᠨ | ᠱᠠᠭᠠᠷᠳᠠᠯᠭ᠎ᠠ ᠶᠢ ᠤᠯᠠᠮᠵᠢᠯᠠᠵᠤ᠂ ᠪᠠᠯᠭᠠᠰᠤᠨ ᠤ ᠵᠠᠰᠠᠭ ᠤᠨ ᠣᠷᠳᠣᠨ ᠤ ᠪᠠᠯᠭᠠᠰᠤᠨ ᠳᠠᠷᠤᠭ᠎ᠠ ᠳᠠᠷᠠᠭᠠᠴᠢ ᠶᠢᠨ | ᠠᠯᠬᠤᠮ ᠤᠨ ᠬᠤᠣᠷᠲᠤ ᠡᠳ᠋ ᠢ ᠴᠠᠭᠠᠵᠠᠯᠠᠬᠤ ᠬᠤᠣᠷᠲᠤ ᠡᠳ᠋ ᠢ ᠠᠷᠢᠯᠭᠠᠬᠤ ᠠᠵᠢᠯ ᠢ ᠲᠣᠬᠢᠷᠠᠭᠤᠯᠤᠨ | ᠪᠠᠶᠢᠷᠢᠯᠠᠭᠤᠯᠤᠭᠰᠠᠨ ᠪᠥᠭᠡᠳ ᠳ᠋ᠠ ᠾᠧᠢ ᠱᠠ ᠲᠤ ᠪᠠᠯᠭᠠᠰᠤᠨ ᠤ ᠬᠤᠣᠷᠲᠤ ᠡᠳ᠋ ᠢ ᠴᠠᠭᠠᠵᠠᠯᠠᠬᠤ ᠬᠤᠣᠷᠲᠤ ᠡᠳ᠋ ᠢ | ᠠᠷᠢᠯᠭᠠᠬᠤ ᠬᠠᠷᠢᠭᠤᠴᠠᠯᠭ᠎ᠠ ᠶᠢᠨ ᠪᠢᠴᠢᠭ ᠲᠤ ᠭᠠᠷ ᠤᠨ ᠦᠰᠦᠭ ᠵᠢᠷᠤᠵᠠᠢ᠃ | ᠬᠤᠷᠠᠯ ᠠᠴᠠ᠂ ᠦᠷ᠎ᠡ ᠶᠢ ᠴᠠᠭᠠᠵᠠᠯᠠᠵᠤ ᠬᠤᠣᠷ ᠢ ᠠᠷᠢᠯᠭᠠᠬᠤ ᠠᠵᠢᠯ ᠪᠣᠯ ᠣᠳᠣᠬᠠᠨ ᠤ ᠠᠵᠢᠯ ᠤᠨ | ᠭᠤᠣᠯᠳᠠᠯᠭ᠎ᠠ ᠶᠢᠨ ᠳᠣᠲᠣᠷᠠᠬᠢ ᠭᠤᠣᠯᠳᠠᠯᠭ᠎ᠠ ᠪᠣᠯᠤᠨ᠎ᠠ᠂ ᠡᠯ᠎ᠡ ᠲᠣᠰᠬᠤᠨ᠂ ᠡᠯ᠎ᠡ ᠺᠠᠳ᠋ᠷ ᠲᠠᠷᠢᠶᠠᠴᠢᠨ ᠡᠷᠦᠬᠡ ᠳᠤ | ᠭᠦᠨᠵᠡᠭᠡᠶᠢᠷᠡᠵᠦ᠂ ᠭᠡᠷ ᠪᠠᠶᠢᠰᠢᠩ ᠤᠨ ᠠᠷᠤ ᠥᠪᠥᠷ᠂ ᠲᠠᠷᠢᠶᠠᠨ ᠭᠠᠵᠠᠷ᠂ ᠰᠤᠯᠠ ᠵᠠᠳᠠᠭᠠᠢ ᠬᠦᠷᠢᠶ᠎ᠡ ᠬᠠᠰᠢᠶ᠎ᠠ ᠵᠡᠷᠭᠡ | ᠭᠤᠣᠯᠳᠠᠯᠭ᠎ᠠ ᠲᠠᠢ ᠣᠷᠣᠨ ᠪᠦᠰᠡ ᠳᠤ ᠬᠤᠣᠷᠲᠤ ᠡᠳ᠋ ᠤᠨ ᠤᠭ ᠤᠷᠭᠤᠮᠠᠯ ᠢ ᠮᠥᠷᠳᠡᠨ ᠪᠠᠶᠢᠴᠠᠭᠠᠬᠤ ᠠᠵᠢᠯᠯᠠᠭ᠎ᠠ | ᠥᠷᠨᠢᠭᠦᠯᠵᠦ᠂ ᠬᠤᠣᠷᠲᠤ ᠡᠳ᠋ ᠤᠨ ᠤᠭ ᠤᠷᠭᠤᠮᠠᠯ ᠲᠠᠷᠢᠬᠤ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ | ᠴᠡᠭᠴᠡᠯᠡᠨ ᠵᠠᠰᠠᠬᠤ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ᠂ ᠬᠤᠣᠷᠲᠤ ᠡᠳ᠋ ᠢ ᠴᠠᠭᠠᠵᠠᠯᠠᠵᠤ ᠬᠤᠣᠷᠲᠤ ᠡᠳ᠋ ᠢ | ᠠᠷᠢᠯᠭᠠᠬᠤ ᠤᠬᠠᠭᠤᠯᠭ᠎ᠠ ᠬᠥᠮᠦᠵᠢᠯ ᠤᠨ ᠠᠵᠢᠯᠯᠠᠭ᠎ᠠ ᠶᠢ ᠢᠳᠡᠪᠬᠢᠲᠡᠢ ᠥᠷᠨᠢᠭᠦᠯᠬᠦ ᠬᠡᠷᠡᠭᠲᠡᠢ᠃ | ᠬᠤᠷᠠᠯ ᠠᠴᠠ ᠴᠢᠬᠤᠯᠠᠴᠢᠯᠠᠭᠰᠠᠨ ᠨᠢ᠂ ᠪᠦᠬᠦ ᠪᠠᠯᠭᠠᠰᠤ ᠲᠣᠰᠬᠤᠨ ᠤ ᠺᠠᠳ᠋ᠷ ᠨᠢᠭᠡ ᠳᠤ᠂ ᠤᠯᠤᠰ ᠲᠦᠷᠦ ᠶᠢᠨ | ᠵᠣᠭᠰᠣᠴᠠ ᠪᠠᠨ ᠳᠡᠭᠡᠭᠰᠢᠯᠡᠭᠦᠯᠵᠦ᠂ ᠬᠤᠣᠷᠲᠤ ᠡᠳ᠋ ᠢ ᠴᠠᠭᠠᠵᠠᠯᠠᠵᠤ ᠬᠤᠣᠷ ᠢ ᠠᠷᠢᠯᠭᠠᠬᠤ ᠠᠵᠢᠯ ᠤᠨ | ᠬᠠᠷᠢᠭᠤᠴᠠᠯᠭᠠᠲᠤ ᠰᠡᠳᠬᠢᠯᠭᠡ ᠪᠠᠨ ᠦᠨᠡᠨᠬᠦ ᠴᠢᠩᠭᠠᠳᠬᠠᠵᠤ᠂ ᠬᠤᠣᠷᠲᠤ ᠡᠳ᠋ ᠤᠨ ᠤᠭ ᠤᠷᠭᠤᠮᠠᠯ ᠢ ᠬᠠᠤᠯᠢ | ᠪᠤᠰᠤ ᠪᠠᠷ ᠲᠠᠷᠢᠭᠰᠠᠨ ᠠᠵᠢᠯᠯᠠᠭ᠎ᠠ ᠶᠢ ᠴᠢᠩᠭ᠎ᠠ ᠪᠥᠭᠡᠳ ᠬᠦᠨᠳᠦ ᠪᠠᠷ ᠰᠢᠢᠳᠪᠦᠷᠢᠯᠡᠬᠦ ᠶᠢ ᠪᠠᠷᠢᠮᠲᠠᠯᠠᠬᠤ ᠬᠡᠷᠡᠭᠲᠡᠢ᠃ |