ᠳ᠋ᠠ ᠾᠧᠢ ᠱᠠ ᠲᠦ᠋ ᠪᠠᠯᠭᠠᠰᠤᠨ ᠤ 2024 ᠣᠨ ᠤ ᠵᠠᠬᠢᠳᠠᠯ ᠰᠣᠷᠪᠤᠯᠵᠢᠯᠠᠭ᠎ᠠ ᠶᠢᠨ ᠬᠠᠮᠲᠤᠷᠠᠭᠰᠠᠨ ᠭᠤᠷᠪᠠᠳᠤᠭᠠᠷ ᠤᠳᠠᠭᠠᠨ ᠤ ︵ᠥᠷᠭᠡᠳᠬᠡᠭᠰᠡᠨ︶ ᠬᠤᠷᠠᠯ
ᠨᠡᠶᠢᠲᠡᠯᠡᠭᠰᠡᠨ ᠴᠠᠭ᠄
2024/8/30
   ᠣᠶᠢᠷ᠎ᠠ ᠳᠤ᠂ ᠵᠠᠬᠢᠳᠠᠯ ᠰᠤᠷᠪᠤᠯᠵᠢᠯᠠᠭ᠎ᠠ ᠶᠢᠨ ᠠᠵᠢᠯ ᠢ ᠤᠯᠠᠮ ᠨᠢᠭᠡ ᠠᠯᠬᠤᠮ ᠠᠬᠢᠭᠤᠯᠬᠤ ᠶᠢᠨ ᠲᠥᠯᠥᠭᠡ᠂ ᠳ᠋ᠠ ᠾᠧᠢ ᠱᠠ ᠲᠤ ᠪᠠᠯᠭᠠᠰᠤ 2024 ᠣᠨ ᠤ ᠵᠠᠬᠢᠳᠠᠯ ᠰᠤᠷᠪᠤᠯᠵᠢᠯᠠᠭ᠎ᠠ ᠶᠢᠨ ᠬᠠᠮᠲᠤᠷᠠᠭᠰᠠᠨ ᠭᠤᠷᠪᠠᠳᠤᠭᠠᠷ ᠤᠳᠠᠭᠠᠨ ᠤ ︵ᠥᠷᠭᠡᠳᠬᠡᠭᠰᠡᠨ︶ ᠬᠤᠷᠠᠯ ᠬᠤᠷᠠᠯᠳᠤᠭᠤᠯᠵᠤ᠂ ᠪᠠᠯᠭᠠᠰᠤᠨ ᠤ ᠨᠠᠮ ᠤᠨ ᠬᠤᠷᠢᠶᠠᠨ ᠤ ᠱᠦᠵᠢ ᠶᠠᠨ ᠦ᠋ ᠪᠥᠸᠧ ᠬᠤᠷᠠᠯ ᠢ ᠡᠷᠭᠢᠯᠡᠵᠦ᠂ ᠨᠠᠮ ᠵᠠᠰᠠᠭ ᠤᠨ ᠤᠳᠤᠷᠢᠳᠬᠤ ᠪᠠᠭ ᠤᠨ ᠪᠦᠷᠢᠯᠳᠦᠬᠦᠨ᠂ ᠡᠯ᠎ᠡ ᠲᠣᠰᠬᠤᠨ ᠤ ᠨᠠᠮ ᠤᠨ ᠡᠭᠦᠷ ᠤᠨ ᠱᠦᠵᠢ᠂ ᠨᠢᠭᠡᠳᠦᠭᠡᠷ ᠱᠦᠵᠢ ᠬᠤᠷᠠᠯ ᠳᠤ ᠣᠷᠣᠯᠴᠠᠪᠠ᠃    ᠬᠤᠷᠠᠯ ᠠᠴᠠ᠂ ᠣᠳᠣᠬᠠᠨ ᠤ ᠵᠠᠬᠢᠳᠠᠯ ᠰᠤᠷᠪᠤᠯᠵᠢᠯᠠᠭ᠎ᠠ ᠶᠢᠨ ᠠᠵᠢᠯ ᠢ ᠰᠠᠶᠢᠲᠤᠷ ᠬᠢᠬᠦ ᠪᠣᠯ ᠶᠡᠭᠡ ᠬᠠᠷ᠎ᠠ ᠡᠯᠡᠰᠦᠨ ᠤ ᠠᠮᠤᠷ ᠲᠦᠪᠰᠢᠨ ᠤ ᠪᠠᠶᠢᠭᠤᠯᠤᠯᠲᠠ ᠶᠢ ᠬᠠᠮᠠᠭᠠᠯᠠᠬᠤ ᠶᠢᠨ ᠵᠠᠶᠢᠯᠠᠰᠢ ᠦᠭᠡᠢ ᠱᠠᠭᠠᠷᠳᠠᠯᠭ᠎ᠠ ᠪᠣᠯᠤᠨ᠎ᠠ᠂ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠣᠳᠣᠬᠠᠨ ᠤ ᠵᠠᠬᠢᠳᠠᠯ ᠰᠤᠷᠪᠤᠯᠵᠢᠯᠠᠭ᠎ᠠ ᠶᠢᠨ ᠠᠵᠢᠯ ᠢ ᠰᠠᠶᠢᠲᠤᠷ ᠬᠢᠬᠦ ᠬᠠᠷᠢᠭᠤᠴᠠᠯᠭᠠᠲᠤ ᠰᠡᠳᠬᠢᠯᠭᠡ᠂ ᠲᠤᠯᠭᠠᠮ᠎ᠠ ᠰᠡᠳᠬᠢᠯᠭᠡ᠂ ᠡᠭᠦᠷᠭᠡᠲᠦ ᠰᠡᠳᠬᠢᠯᠭᠡ ᠪᠠᠨ ᠦᠨᠡᠨᠬᠦ ᠴᠢᠩᠭᠠᠳᠬᠠᠵᠤ᠂ ᠤᠯᠠᠨ ᠲᠦᠮᠡᠨ ᠤ ᠬᠠᠤᠯᠢ ᠶᠣᠰᠣᠨ ᠤ ᠵᠦᠢ ᠶᠣᠰᠣᠨ ᠤ ᠬᠦᠰᠡᠯ ᠱᠠᠭᠠᠷᠳᠠᠯᠭ᠎ᠠ ᠶᠢ ᠴᠠᠭ ᠲᠤᠬᠠᠢ ᠳᠤᠨᠢ ᠲᠤᠬᠠᠢ ᠶᠢᠨ ᠭᠠᠵᠠᠷ ᠲᠤᠨᠢ ᠰᠢᠢᠳᠪᠦᠷᠢᠯᠡᠵᠦ᠂ ᠤᠯᠠᠨ ᠲᠦᠮᠡᠨ ᠤ ᠬᠦᠰᠡᠯ ᠱᠠᠭᠠᠷᠳᠠᠯᠭ᠎ᠠ ᠶᠢ ᠰᠠᠶᠢᠲᠤᠷ ᠲᠤᠰᠬᠠᠵᠤ᠂ ᠵᠠᠬᠢᠳᠠᠯ ᠰᠤᠷᠪᠤᠯᠵᠢᠯᠠᠭ᠎ᠠ ᠶᠢᠨ ᠵᠦᠢᠯᠡᠰ ᠢ ᠰᠠᠶᠢᠲᠤᠷ ᠰᠢᠢᠳᠪᠦᠷᠢᠯᠡᠵᠦ᠂ ᠬᠠᠤᠯᠢ ᠶᠣᠰᠣᠨ ᠤ ᠡᠷᠬᠡ ᠠᠰᠢᠭ ᠢ ᠰᠠᠶᠢᠲᠤᠷ ᠬᠠᠮᠠᠭᠠᠯᠠᠬᠤ ᠬᠡᠷᠡᠭᠲᠡᠢ᠃ ᠡᠭᠦᠨ ᠤ ᠬᠠᠮᠲᠤ᠂ ᠪᠣᠭᠤᠮᠲᠠ ᠰᠢᠪᠲᠤᠯᠬᠤ ᠪᠠ ︽ᠬᠡᠷᠡᠭ ᠢ ᠳᠠᠭᠤᠰᠬᠠᠵᠤ ᠤᠴᠢᠷ ᠶᠠᠪᠤᠳᠠᠯ ᠢ ᠳᠠᠭᠤᠰᠬᠠᠬᠤ︾ ᠶᠢ ᠬᠦᠴᠦᠲᠡᠢ ᠠᠬᠢᠭᠤᠯᠵᠤ᠂ ᠵᠥᠷᠢᠴᠡᠯ ᠢ ᠵᠢᠭᠰᠠᠭᠠᠨ ᠪᠠᠶᠢᠴᠠᠭᠠᠬᠤ ᠠᠵᠢᠯ ᠢ ᠥᠷᠨᠢᠭᠦᠯᠵᠦ᠂ ᠨᠡᠮᠡᠭᠳᠡᠯ ᠤᠨ ᠬᠡᠮᠵᠢᠶ᠎ᠡ ᠶᠢ ᠬᠢᠵᠠᠭᠠᠷᠯᠠᠬᠤ᠂ ᠬᠠᠳᠠᠭᠠᠯᠠᠯᠲᠠ ᠶᠢᠨ ᠬᠡᠮᠵᠢᠶ᠎ᠡ ᠶᠢ ᠪᠠᠭᠠᠰᠬᠠᠬᠤ᠂ ᠬᠤᠪᠢᠷᠠᠯᠲᠠ ᠶᠢᠨ ᠬᠡᠮᠵᠢᠶ᠎ᠡ ᠶᠢ ᠰᠡᠷᠭᠡᠶᠢᠯᠡᠬᠦ ᠳᠡᠭᠡᠷ᠎ᠡ ᠬᠦᠴᠦ ᠲᠠᠯᠪᠢᠵᠤ᠂ ᠵᠥᠷᠢᠴᠡᠯ ᠢ ᠰᠢᠢᠳᠪᠦᠷᠢᠯᠡᠵᠦ ᠳᠡᠶᠢᠯᠬᠦ᠂ ᠠᠰᠠᠭᠤᠳᠠᠯ ᠢ ᠳᠡᠭᠡᠭᠰᠢ ᠲᠤᠰᠢᠶᠠᠬᠤ ᠦᠭᠡᠢ ᠪᠠᠶᠢᠬᠤ ᠶᠢ ᠪᠠᠲᠤᠯᠠᠵᠤ᠂ ᠣᠳᠣᠬᠠᠨ ᠤ ᠵᠠᠬᠢᠳᠠᠯ ᠰᠤᠷᠪᠤᠯᠵᠢᠯᠠᠭ᠎ᠠ ᠶᠢᠨ ᠠᠵᠢᠯ ᠢ ᠰᠠᠶᠢᠲᠤᠷ ᠬᠢᠬᠦ ᠬᠦᠴᠦᠷᠬᠡᠭ ᠶᠡᠭᠡ ᠬᠠᠮᠲᠤᠷᠠᠯ ᠤᠨ ᠬᠦᠴᠦᠨ ᠢ ᠪᠦᠷᠢᠯᠳᠦᠭᠦᠯᠵᠦ᠂ ᠬᠤᠶᠠᠷ ᠬᠤᠷᠠᠯ ᠤᠨ ᠬᠤᠭᠤᠴᠠᠭᠠᠨ ᠳᠠᠬᠢ ᠲᠣᠭᠲᠠᠭᠤᠨ ᠢ ᠪᠦᠬᠦ ᠲᠠᠯ᠎ᠠ ᠪᠠᠷ ᠬᠠᠮᠠᠭᠠᠯᠠᠵᠤ᠂ ᠵᠠᠬᠢᠳᠠᠯ ᠰᠤᠷᠪᠤᠯᠵᠢᠯᠠᠭ᠎ᠠ ᠶᠢᠨ ᠠᠵᠢᠯ ᠤᠨ ᠪᠣᠳᠠᠲᠠᠢ ᠦᠷ᠎ᠡ ᠪᠦᠲᠦᠮᠵᠢ ᠪᠠᠷ ᠬᠢᠨ᠎ᠡ᠃
 
ᠢᠷᠡᠯᠲᠡ᠄ ᠱᠠᠩᠳᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004288号-2