ᠰᠢᠶᠠᠨ ᠤ ᠨᠠᠮ ᠤᠨ ᠬᠤᠷᠢᠶᠠᠨ ᠤ ᠤᠬᠠᠭᠤᠯᠬᠤ ᠬᠡᠯᠲᠡᠰ 2024 ᠣᠨ ᠤ ᠠᠷᠪᠠᠨ ᠨᠢᠭᠡᠳᠦᠭᠡᠷ ᠤᠳᠠᠭ᠎ᠠ ᠶᠢᠨ ᠶᠠᠮᠤᠨ ᠤ ᠶᠠᠪᠤᠳᠠᠯ ︵ᠥᠷᠭᠡᠳᠬᠡᠭᠰᠡᠨ︶ ᠤᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/8/30
   8 ᠰᠠᠷ᠎ᠠ ᠶᠢᠨ 16 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠤᠬᠠᠭᠤᠯᠬᠤ ᠬᠡᠯᠲᠡᠰ 2024 ᠤᠨ ᠠᠷᠪᠠᠨ ᠨᠢᠭᠡᠳᠦᠭᠡᠷ ᠤᠳᠠᠭ᠎ᠠ ᠶᠢᠨ ᠬᠡᠯᠲᠡᠰ ᠤᠨ ᠶᠠᠪᠤᠳᠠᠯ ︵ᠥᠷᠭᠡᠳᠬᠡᠭᠰᠡᠨ︶ ᠬᠤᠷᠠᠯ ᠬᠤᠷᠠᠯᠳᠤᠭᠤᠯᠪᠠ᠃ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ ᠮᠧᠩ ᠽᠧ ᠴᠢᠶᠦ᠋ᠩ ᠬᠤᠷᠠᠯ ᠢ ᠡᠷᠬᠢᠯᠡᠪᠡ᠃ ᠶᠠᠮᠤᠨ ᠤ ᠪᠠᠶᠢᠭᠤᠯᠭ᠎ᠠ ᠶᠢᠨ ᠪᠦᠬᠦ ᠺᠠᠳ᠋ᠷ ᠠᠵᠢᠯᠳᠠᠨ᠂ ᠰᠢᠶᠠᠨ ᠤ ᠨᠠᠮ ᠤᠨ ᠬᠤᠷᠢᠶᠠᠨ ᠤ ᠠᠯᠪᠠᠨ ᠭᠡᠷ ᠲᠤ ᠲᠣᠮᠢᠯᠠᠨ ᠰᠠᠭᠤᠯᠭᠠᠭᠰᠠᠨ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠳᠤᠭᠤᠶᠢᠯᠠᠩ᠂ ᠬᠠᠮ ᠵᠠᠭᠤᠴᠢᠯᠠᠭᠤᠷ ᠤᠨ ᠲᠥᠪ ᠤᠨ ᠤᠳᠤᠷᠢᠳᠬᠤ ᠪᠠᠭ ᠤᠨ ᠪᠦᠷᠢᠯᠳᠦᠬᠦᠨ ᠬᠤᠷᠠᠯ ᠳᠤ ᠣᠷᠣᠯᠴᠠᠪᠠ᠃    ᠬᠤᠷᠠᠯ ᠠᠴᠠ ᠨᠠᠮ ᠤᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠠᠷᠪᠠᠨ ᠨᠢᠭᠡᠳᠦᠭᠡᠷ ᠬᠤᠭᠤᠴᠠᠭᠠᠨ ᠤ ᠨᠠᠢᠮᠠᠳᠤᠭᠠᠷ ᠬᠤᠷᠠᠯ ᠤᠨ ᠵᠣᠷᠢᠭ ᠰᠠᠨᠠᠭ᠎ᠠ᠂ ᠬᠤᠳᠠ ᠶᠢᠨ ᠨᠠᠮ ᠤᠨ ᠬᠤᠷᠢᠶ᠎ᠠ ᠶᠢᠨ ᠲᠠᠪᠤᠳᠤᠭᠠᠷ ᠬᠤᠭᠤᠴᠠᠭᠠᠨ ᠤ ᠨᠠᠢᠮᠠᠳᠤᠭᠠᠷ ᠬᠤᠷᠠᠯ ᠤᠨ ᠵᠣᠷᠢᠭ ᠰᠠᠨᠠᠭ᠎ᠠ᠂ ᠰᠢᠶᠠᠨ ᠤ ᠨᠠᠮ ᠤᠨ ᠬᠤᠷᠢᠶ᠎ᠠ ᠶᠢᠨ ᠠᠷᠪᠠᠨ ᠳᠥᠷᠪᠡᠳᠦᠭᠡᠷ ᠬᠤᠭᠤᠴᠠᠭᠠᠨ ᠤ ᠠᠷᠪᠠᠨ ᠲᠠᠪᠤᠳᠤᠭᠠᠷ ᠬᠤᠷᠠᠯ ᠤᠨ ᠵᠣᠷᠢᠭ ᠰᠠᠨᠠᠭ᠎ᠠ ᠪᠣᠯᠣᠨ ᠤᠯᠠᠭᠠᠨᠴᠠᠪ ᠬᠤᠳᠠ ᠶᠢᠨ ᠳᠡᠳ᠋ ᠳᠠᠷᠤᠭ᠎ᠠ ᠶᠢᠨ ᠨᠡᠷ᠎ᠡ ᠳᠤᠷᠠᠳᠤᠭᠳᠠᠭᠴᠢ᠂ ᠱᠠᠩᠳᠤ ᠰᠢᠶᠠᠨ ᠤ ᠨᠠᠮ ᠤᠨ ᠬᠤᠷᠢᠶ᠎ᠠ ᠶᠢᠨ ᠱᠦᠵᠢ ᠭᠤᠤ ᠶᠦᠩ ᠪᠢᠨ ᠤ 8 ᠰᠠᠷ᠎ᠠ ᠶᠢᠨ 6 ᠤ ᠡᠳᠦᠷ ᠤᠨ ᠪᠠᠶᠢᠴᠠᠭᠠᠨ ᠰᠤᠳᠤᠯᠬᠤ ᠬᠡᠯᠲᠡᠰ ᠤᠨ ᠪᠠᠶᠢᠭᠤᠯᠭ᠎ᠠ ᠶᠢᠨ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠠ᠃    ᠬᠤᠷᠠᠯ ᠠᠴᠠ᠂ ᠤᠬᠠᠭᠤᠯᠬᠤ ᠰᠠᠯᠠᠭ᠎ᠠ ᠮᠥᠴᠢᠷ ᠤᠨ ᠬᠢᠨ ᠬᠠᠷᠢᠭᠤᠴᠠᠯᠭᠠᠲᠤ ᠰᠡᠳᠬᠢᠯᠭᠡ ᠪᠣᠯᠤᠨ ᠡᠭᠦᠷᠭᠡᠲᠦ ᠪᠤᠳᠤᠯ ᠢᠶᠠᠨ ᠦᠨᠡᠨᠬᠦ ᠴᠢᠩᠭᠠᠳᠬᠠᠵᠤ᠂ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠶᠢᠨ ᠴᠢᠬᠤᠯᠠ ᠶᠡᠭᠡ ᠠᠴᠢ ᠬᠤᠯᠪᠣᠭᠳᠠᠯ ᠢ ᠭᠦᠨᠵᠡᠭᠡᠢ ᠣᠶᠢᠯᠠᠭᠠᠵᠤ᠂ ᠪᠠᠶᠠᠯᠢᠭ ᠠᠭᠤᠯᠤᠭᠳᠠᠬᠤᠨ ᠢ ᠣᠨᠣᠪᠴᠢᠲᠠᠢ ᠡᠵᠡᠮᠳᠡᠵᠦ᠂ ᠦᠵᠡᠯ ᠰᠠᠨᠠᠭ᠎ᠠ ᠪᠣᠯᠤᠨ ᠦᠢᠯᠡ ᠠᠵᠢᠯᠯᠠᠭ᠎ᠠ ᠪᠠᠨ ᠨᠠᠮ ᠤᠨ ᠲᠥᠪ ᠬᠤᠷᠢᠶᠠᠨ ᠤ ᠴᠢᠬᠤᠯᠠ ᠶᠡᠭᠡ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠳᠡᠭᠡᠷ᠎ᠡ ᠦᠨᠡᠨᠬᠦ ᠨᠢᠭᠡᠳᠬᠡᠵᠦ᠂ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠲᠦᠷᠦᠭᠦᠯᠡᠨ ᠰᠠᠶᠢᠲᠤᠷ ᠰᠤᠷᠤᠯᠴᠠᠵᠤ᠂ ᠰᠠᠶᠢᠲᠤᠷ ᠣᠶᠢᠯᠠᠭᠠᠵᠤ᠂ ᠤᠬᠠᠭᠤᠯᠤᠨ ᠮᠡᠳᠡᠭᠡᠯᠡᠬᠦ ᠶᠢ ᠨᠠᠷᠢᠨ ᠨᠢᠮᠪᠠᠢ ᠵᠣᠬᠢᠶᠠᠨ ᠪᠠᠶᠢᠭᠤᠯᠵᠤ᠂ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠤᠱᠯᠠᠭᠤᠯᠤᠨ ᠨᠠᠶᠢᠳᠠᠪᠤᠷᠢᠵᠢᠭᠤᠯᠬᠤ ᠬᠠᠯᠠᠭᠤᠨ ᠥᠷᠨᠢᠯᠲᠡ ᠶᠢ ᠦᠳᠲᠡᠷ ᠲᠦᠷᠭᠡᠨ ᠭᠠᠷᠭᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃    ᠬᠤᠷᠠᠯ ᠠᠴᠠ ᠪᠠᠰᠠ ᠳᠠᠷᠠᠭᠠᠴᠢ ᠶᠢᠨ ᠠᠯᠬᠤᠮ ᠤᠨ ᠠᠵᠢᠯ ᠢ ᠲᠤᠬᠢᠷᠠᠭᠤᠯᠤᠨ ᠪᠠᠶᠢᠷᠢᠯᠠᠭᠤᠯᠪᠠ᠃ᠣᠷᠴᠢᠭᠤᠯᠣᠭᠴᠢ᠄  ᠬᠠᠨᠠᠭᠠᠷ
 
ᠢᠷᠡᠯᠲᠡ᠄ ᠱᠠᠩᠳᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004288号-2