2024 ᠣᠨ ᠳᠤ ᠪᠦᠬᠦ ᠬᠤᠳᠠ ᠶᠢᠨ ᠦᠨᠳᠦᠰᠦᠨ ᠱᠠᠲᠤᠨ ᠤ ᠡᠮᠡᠭᠲᠡᠶᠢᠴᠦᠳ ᠤᠨ ᠬᠤᠯᠪᠣᠭ᠎ᠠ ᠶᠢᠨ ᠭᠦᠢᠴᠡᠳᠬᠡᠬᠦ ᠵᠥᠪᠯᠡᠯ ᠤᠨ ᠴᠢᠳᠠᠪᠤᠷᠢ ᠬᠡᠪ ᠴᠢᠨᠠᠷ ᠢ ᠳᠡᠭᠡᠭᠰᠢᠯᠡᠭᠦᠯᠬᠦ ᠵᠢᠱᠢᠶ᠎ᠡ ᠦᠵᠡᠭᠦᠯᠬᠦ ᠪᠣᠯᠪᠠᠰᠤᠷᠠᠯ ᠤᠨ ᠠᠩᠬᠢ ᠵᠢᠴᠢ ᠦᠨᠳᠦᠰᠦᠨ ᠱᠠᠲᠤᠨ ᠤ ᠡᠮᠡᠭᠲᠡᠶᠢᠴᠦᠳ ᠤᠨ ᠬᠤᠯᠪᠣᠭ᠎ᠠ ᠶᠢᠨ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠯᠲᠠ ᠶᠢᠨ ᠲᠤᠬᠠᠢ ᠶᠢᠨ ᠲᠠᠯᠠᠪᠠᠢ ᠶᠢᠨ ᠬᠤᠷᠠᠯ ᠱᠠᠩᠳᠤ ᠰᠢᠶᠠᠨ ᠳᠤ ᠶᠠᠪᠤᠭᠳᠠᠪᠠ
ᠨᠡᠶᠢᠲᠡᠯᠡᠭᠰᠡᠨ ᠴᠠᠭ᠄
2024/8/30
  ᠰᠢ ᠶᠢᠨ ᠫᠢᠩ ᠶᠡᠷᠦᠩᠬᠡᠢ ᠱᠦᠵᠢ ᠶᠢᠨ ᠡᠮᠡᠭᠲᠡᠶᠢᠴᠦᠳ ᠬᠡᠦᠬᠡᠳ ᠪᠣᠯᠣᠨ ᠡᠮᠡᠭᠲᠡᠶᠢᠴᠦᠳ ᠤᠨ ᠬᠤᠯᠪᠣᠭ᠎ᠠ ᠶᠢᠨ ᠠᠵᠢᠯ ᠤᠨ ᠲᠤᠬᠠᠢ ᠴᠢᠬᠤᠯᠠ ᠥᠭᠦᠯᠡᠯᠲᠡ ᠶᠢ ᠭᠦᠨᠵᠡᠭᠡᠢ ᠲᠤᠤᠱᠯᠠᠭᠤᠯᠵᠤ᠂ ᠦᠨᠳᠦᠰᠦᠨ ᠱᠠᠲᠤᠨ ᠤ ᠡᠮᠡᠭᠲᠡᠶᠢᠴᠦᠳ ᠤᠨ ᠬᠤᠯᠪᠣᠭ᠎ᠠ ᠶᠢᠨ ᠵᠣᠬᠢᠶᠠᠨ ᠪᠠᠶᠢᠭᠤᠯᠤᠯᠲᠠ ᠶᠢᠨ ᠠᠵᠢᠯ ᠢ ᠯᠠᠪᠳᠠᠭᠤᠨ ᠪᠦᠲᠦᠮᠵᠢᠲᠡᠢ ᠥᠷᠨᠢᠭᠦᠯᠬᠦ ᠶᠢ ᠠᠬᠢᠭᠤᠯᠬᠤ ᠶᠢᠨ ᠲᠥᠯᠥᠭᠡ᠂ 8 ᠰᠠᠷ᠎ᠠ ᠶᠢᠨ 15 ᠤ ᠡᠳᠦᠷ ᠠᠴᠠ 17 ᠤ ᠡᠳᠦᠷ ᠪᠣᠯᠲᠠᠯ᠎ᠠ᠂ ᠪᠦᠬᠦ ᠬᠤᠳᠠ ᠶᠢᠨ ᠦᠨᠳᠦᠰᠦᠨ ᠱᠠᠲᠤᠨ ᠤ ᠡᠮᠡᠭᠲᠡᠶᠢᠴᠦᠳ ᠤᠨ ᠬᠤᠯᠪᠣᠭ᠎ᠠ ᠶᠢᠨ ᠭᠦᠢᠴᠡᠳᠬᠡᠬᠦ ᠵᠥᠪᠯᠡᠯ ᠤᠨ ᠴᠢᠳᠠᠪᠤᠷᠢ ᠬᠡᠪ ᠴᠢᠨᠠᠷ ᠢ ᠳᠡᠭᠡᠭᠰᠢᠯᠡᠭᠦᠯᠬᠦ ᠵᠢᠱᠢᠶ᠎ᠡ ᠦᠵᠡᠭᠦᠯᠬᠦ ᠪᠣᠯᠪᠠᠰᠤᠷᠠᠯ ᠤᠨ ᠠᠩᠬᠢ ᠵᠢᠴᠢ ᠦᠨᠳᠦᠰᠦᠨ ᠱᠠᠲᠤᠨ ᠤ ᠡᠮᠡᠭᠲᠡᠶᠢᠴᠦᠳ ᠤᠨ ᠬᠤᠯᠪᠣᠭ᠎ᠠ ᠶᠢᠨ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠯᠲᠠ ᠶᠢᠨ ᠲᠤᠬᠠᠢ ᠶᠢᠨ ᠲᠠᠯᠠᠪᠠᠢ ᠶᠢᠨ ᠬᠤᠷᠠᠯ ᠱᠠᠩᠳᠤ ᠰᠢᠶᠠᠨ ᠳᠤ ᠶᠠᠪᠤᠭᠳᠠᠪᠠ    ᠬᠤᠲᠠ ᠶᠢᠨ ᠡᠮᠡᠭᠲᠡᠶᠢᠴᠦᠳ ᠤᠨ ᠬᠤᠯᠪᠣᠭ᠎ᠠ ᠶᠢᠨ ᠳᠡᠳ᠋ ᠲᠡᠷᠢᠭᠦᠯᠡᠭᠴᠢ ᠯᠢ ᠲᠢᠶᠠᠨ ᠶᠤᠸᠠᠨ᠂ ᠱᠠᠩᠳᠤ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶᠠᠨ ᠤ ᠱᠦᠵᠢ ᠯᠢ ᠶᠠ ᠳ᠋ᠦᠩ᠂ ᠵᠠᠰᠠᠭ ᠤᠨ ᠣᠷᠳᠣᠨ ᠤ ᠳᠡᠳ᠋ ᠰᠢᠶᠠᠨ ᠤ ᠳᠠᠷᠤᠭ᠎ᠠ ᠸᠧᠶ ᠸᠧᠶ ᠰᠤᠷᠤᠯᠭ᠎ᠠ ᠡᠬᠢᠯᠡᠬᠦ ᠶᠣᠰᠣᠯᠠᠯ ᠳᠤ ᠣᠷᠣᠯᠴᠠᠪᠠ᠃ ᠡᠯ᠎ᠡ ᠬᠤᠰᠢᠭᠤ ᠰᠢᠶᠠᠨ ᠬᠤᠲᠠ ᠲᠣᠭᠤᠷᠢᠭ ᠤᠨ ᠡᠮᠡᠭᠲᠡᠶᠢᠴᠦᠳ ᠤᠨ ᠬᠤᠯᠪᠣᠭᠠᠲᠤ ᠬᠤᠷᠠᠯ ᠤᠨ ᠲᠡᠷᠢᠭᠦᠯᠡᠭᠴᠢ ᠪᠤᠶᠤ ᠬᠤᠪᠢᠳᠠᠨ ᠬᠠᠮᠢᠶᠠᠷᠴᠤ ᠪᠠᠶᠢᠭ᠎ᠠ ᠳᠡᠳ᠋ ᠲᠡᠷᠢᠭᠦᠯᠡᠭᠴᠢ᠂ ᠵᠣᠬᠢᠶᠠᠨ ᠪᠠᠶᠢᠭᠤᠯᠬᠤ ᠠᠵᠢᠯ ᠤᠨ ᠬᠠᠷᠢᠭᠤᠴᠠᠯᠭᠠᠲᠠᠨ᠂ ᠭᠤᠤᠯᠳᠠᠯᠭ᠎ᠠ ᠲᠠᠢ ᠰᠢᠶᠠᠩ ᠪᠠᠯᠭᠠᠰᠤᠨ ᠤ ᠡᠮᠡᠭᠲᠡᠶᠢᠴᠦᠳ ᠤᠨ ᠬᠤᠯᠪᠣᠭᠠᠲᠤ ᠬᠤᠷᠠᠯ ᠤᠨ ᠲᠡᠷᠢᠭᠦᠯᠡᠭᠴᠢ᠂ ᠪᠥᠬᠦ ᠬᠤᠲᠠ ᠶᠢᠨ ᠭᠠᠴᠠᠭ᠎ᠠ ᠲᠣᠰᠬᠤᠨ ︵ᠨᠡᠶᠢᠭᠡᠮ ᠲᠣᠭᠤᠷᠢᠭ︶ ᠤ ᠡᠮᠡᠭᠲᠡᠶᠢᠴᠦᠳ ᠤᠨ ᠬᠤᠯᠪᠣᠭᠠᠲᠤ ᠬᠤᠷᠠᠯ ᠤᠨ ᠭᠦᠶ᠋ᠴᠡᠳᠬᠡᠬᠦ ᠵᠥᠪᠯᠡᠯ᠂ ᠰᠢᠨ᠎ᠡ ᠠᠵᠤ ᠠᠬᠤᠶ ᠶᠢᠨ ᠵᠣᠬᠢᠶᠠᠨ ᠪᠠᠶᠢᠭᠤᠯᠤᠯᠲᠠ᠂ ᠰᠢᠨ᠎ᠡ ᠨᠡᠶᠢᠭᠡᠮ ᠤᠨ ᠵᠣᠬᠢᠶᠠᠨ ᠪᠠᠶᠢᠭᠤᠯᠤᠯᠲᠠ ᠵᠢᠴᠢ ᠰᠢᠨ᠎ᠡ ᠬᠦᠷᠢᠶᠡᠨ ᠤ ᠡᠮᠡᠭᠲᠡᠶᠢᠴᠦᠳ ᠤᠨ ᠵᠣᠬᠢᠶᠠᠨ ᠪᠠᠶᠢᠭᠤᠯᠤᠯᠲᠠ ᠶᠢᠨ ᠬᠠᠷᠢᠭᠤᠴᠠᠯᠭᠠᠲᠠᠨ ᠨᠡᠶᠢᠲᠡ 250 ᠬᠥᠮᠦᠨ ᠲᠤᠬᠠᠶ ᠶᠢᠨ ᠲᠠᠯᠠᠪᠤᠷ ᠤᠨ ᠪᠣᠯᠪᠠᠰᠤᠷᠠᠯ ᠳᠤ ᠣᠷᠣᠯᠴᠠᠵᠤ᠂ 750 ᠬᠥᠮᠦᠨ ᠰᠦᠯᠵᠢᠶᠡᠨ ᠤ ᠰᠢᠭᠤᠳ ᠨᠡᠪᠲᠡᠷᠡᠭᠦᠯᠭᠡ ᠶᠢᠨ ᠰᠤᠷᠤᠯᠴᠠᠯᠭ᠎ᠠ ᠳᠤ ᠣᠷᠣᠯᠴᠠᠪᠠ᠃    ᠯᠢ ᠶᠠ ᠳ᠋ᠦᠩ ᠶᠠᠷᠢᠶᠠᠨ ᠳᠠᠭᠠᠨ ᠡᠯ᠎ᠡ ᠱᠠᠲᠤᠨ ᠤ ᠡᠮᠡᠭᠲᠡᠶᠢᠴᠦᠳ ᠤᠨ ᠬᠤᠯᠪᠣᠭ᠎ᠠ ᠶᠢᠨ ᠵᠣᠬᠢᠶᠠᠨ ᠪᠠᠶᠢᠭᠤᠯᠤᠯᠲᠠ ᠨᠠᠮ ᠤᠨ ᠬᠤᠷᠢᠳᠤᠭᠠᠷ ᠶᠡᠭᠡ ᠬᠤᠷᠠᠯ᠂ ᠬᠤᠷᠢᠳᠤᠭᠠᠷ ᠬᠤᠭᠤᠴᠠᠭᠠᠨ ᠤ ᠬᠤᠶᠠᠳᠤᠭᠠᠷ ᠪᠦᠭᠦᠳᠡ ᠬᠤᠷᠠᠯ᠂ ᠭᠤᠷᠪᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠪᠣᠯᠣᠨ ᠶᠡᠷᠦᠩᠬᠡᠢ ᠱᠦᠵᠢ ᠰᠢ ᠶᠢᠨ ᠫᠢᠩ ᠪᠦᠬᠦ ᠤᠯᠤᠰ ᠤᠨ ᠡᠮᠡᠭᠲᠡᠶᠢᠴᠦᠳ ᠤᠨ ᠬᠤᠯᠪᠣᠭ᠎ᠠ ᠶᠢᠨ ᠰᠢᠨ᠎ᠡ ᠨᠢᠭᠡ ᠬᠤᠭᠤᠴᠠᠭᠠᠨ ᠤ ᠤᠳᠤᠷᠢᠳᠬᠤ ᠪᠠᠭ ᠤᠨ ᠪᠦᠷᠢᠯᠳᠦᠬᠦᠨ ᠲᠠᠢ ᠬᠠᠮᠲᠤ ᠪᠠᠷ ᠶᠠᠷᠢᠯᠴᠠᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠲᠥᠪ ᠶᠣᠰᠣ ᠶᠢ ᠪᠠᠷᠢᠮᠲᠠᠯᠠᠨ ᠰᠢᠨ᠎ᠡ ᠶᠢ ᠡᠭᠦᠳᠬᠦ ᠶᠢ ᠪᠠᠷᠢᠮᠲᠠᠯᠠᠵᠤ᠂ ᠢᠳᠡᠪᠬᠢᠲᠡᠢ ᠪᠠᠷ ᠠᠵᠢᠯᠯᠠᠵᠤ᠂ ᠭᠤᠣᠯ ᠶᠡᠭᠡ ᠲᠠᠯ᠎ᠠ ᠶᠢᠨ ᠲᠣᠭᠤᠷᠢᠨ ᠳᠤ ᠠᠵᠢᠯ ᠤᠨ ᠬᠦᠴᠦᠯᠡᠬᠦ ᠴᠡᠭ ᠢᠶᠠᠨ ᠣᠨᠣᠪᠴᠢᠲᠠᠢ ᠣᠯᠵᠤ᠂ ᠡᠮᠡᠭᠲᠡᠶᠢᠴᠦᠳ ᠤᠨ ᠬᠤᠯᠪᠣᠭ᠎ᠠ ᠶᠢᠨ ᠭᠦᠢᠴᠡᠳᠬᠡᠬᠦ ᠵᠥᠪᠯᠡᠯ ᠪᠣᠯᠣᠨ ᠡᠮᠡᠭᠲᠡᠢ ᠺᠠᠳ᠋ᠷᠴᠤᠳ ᠤᠨ ᠤᠯᠤᠰ ᠲᠦᠷᠦ ᠶᠢᠨ ᠬᠡᠪ ᠪᠣᠯᠪᠠᠰᠤᠷᠠᠯ ᠪᠣᠯᠣᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠴᠢᠳᠠᠪᠤᠷᠢ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠡᠮᠡᠭᠲᠡᠶᠢᠴᠦᠳ ᠬᠡᠦᠬᠡᠳ ᠤᠨ ᠦᠢᠯᠡᠰ ᠤᠨ ᠬᠥᠭᠵᠢᠯᠲᠡ ᠶᠢᠨ ᠲᠠᠬᠢᠨ ᠰᠢᠨ᠎ᠡ ᠳᠡᠭᠲᠡᠷ ᠲᠤ ᠭᠠᠷᠬᠤ ᠶᠢ ᠠᠬᠢᠭᠤᠯᠬᠤ ᠶᠢ ᠬᠦᠰᠡᠪᠡ᠃    ᠲᠣᠰ ᠤᠳᠠᠭᠠᠨ ᠤ ᠪᠣᠯᠪᠠᠰᠤᠷᠠᠭᠤᠯᠤᠯ ᠳᠤ ᠣᠨᠣᠯ ᠤᠨ ᠬᠢᠴᠢᠶᠡᠯᠯᠡᠭᠡ᠂ ᠲᠤᠬᠠᠶ ᠶᠢᠨ ᠲᠠᠯᠠᠪᠤᠷ ᠤᠨ ᠰᠣᠯᠢᠯᠴᠠᠭ᠎ᠠ ᠬᠢᠵᠦ ᠬᠤᠪᠢᠶᠠᠯᠴᠠᠨ ᠡᠳ᠋ᠯᠡᠬᠦ ᠶᠢ ᠤᠶᠠᠯᠳᠤᠭᠤᠯᠬᠤ ᠠᠷᠭ᠎ᠠ ᠮᠠᠶ᠋ᠢᠭ ᠢᠶᠠᠷ ᠶᠠᠪᠤᠭᠳᠠᠪᠠ᠃ ᠪᠣᠯᠪᠠᠰᠤᠷᠠᠯ ᠤᠨ ᠬᠤᠷᠠᠯ ᠳᠤ ᠥᠪᠥᠷ ᠮᠣᠩᠭᠤᠯ ᠤᠨ ᠡᠮᠡᠭᠲᠡᠶᠢᠴᠦᠳ ᠤᠨ ᠦᠢᠯᠡᠰ ᠤᠨ ᠬᠥᠭᠵᠢᠯᠲᠡ ᠶᠢᠨ ᠦᠢᠯᠡᠴᠢᠯᠡᠭᠡᠨ ᠤ ᠲᠥᠪ ᠤᠨ ᠯᠧᠺᠲ᠋ᠣᠷ᠂ ᠱᠠᠩᠳᠤ ᠰᠢᠶᠠᠨ ᠤ ᠨᠠᠮ ᠤᠨ ᠬᠤᠷᠢᠶᠠᠨ ᠤ ᠨᠠᠮ ᠤᠨ ᠰᠤᠷᠭᠠᠭᠤᠯᠢ ᠶᠢᠨ ᠳᠡᠳ᠋ ᠫᠷᠤᠹᠧᠰᠰᠤᠷ᠂ ᠯᠧᠺᠲ᠋ᠣᠷ ᠢ ᠤᠷᠢᠵᠤ ᠲᠣᠰ ᠲᠣᠰ ︽ᠳᠤᠮᠳᠠᠳᠤ ᠤᠯᠤᠰ ᠤᠨ ᠡᠮᠡᠭᠲᠡᠶᠢᠴᠦᠳ ᠤᠨ ᠠᠷᠪᠠᠨ ᠭᠤᠷᠪᠠᠳᠤᠭᠠᠷ ᠶᠡᠭᠡ ᠬᠤᠷᠠᠯ ᠢᠶᠠᠷ ᠵᠢᠯᠣᠭᠤᠳᠣᠯᠭ᠎ᠠ ᠪᠣᠯᠭᠠᠵᠤ᠂ ᠡᠮᠡᠭᠲᠡᠶᠢᠴᠦᠳ ᠤᠨ ᠬᠤᠯᠪᠣᠭ᠎ᠠ ᠶᠢᠨ ᠦᠨᠳᠦᠰᠦᠨ ᠱᠠᠲᠤᠨ ᠤ ᠵᠣᠬᠢᠶᠠᠨ ᠪᠠᠶᠢᠭᠤᠯᠤᠯᠲᠠ ᠶᠢᠨ ᠴᠣᠭᠴᠠᠯᠠᠯᠲᠠ ᠶᠢ ᠦᠷᠭᠦᠯᠵᠢᠯᠡᠨ ᠠᠬᠢᠭᠤᠯᠤᠶ᠎ᠠ︾᠂ ︽ᠬᠦᠰᠡᠯ ᠨᠠᠶᠢᠳᠠᠯᠭ᠎ᠠ ᠶᠢ ᠪᠠᠲᠤ ᠴᠡᠭᠡᠵᠢᠯᠡᠵᠦ᠂ ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ ︿ᠲᠠᠪᠤᠨ ᠶᠡᠭᠡ ᠡᠭᠦᠷᠭᠡ﹀ ᠶᠢ ᠪᠡᠶᠡᠯᠡᠭᠦᠯᠬᠦ︾᠂ ︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠭᠤᠤᠯ ᠰᠢᠵᠢᠮ ᠪᠣᠯᠭᠠᠵᠤ᠂ ᠰᠢᠨ᠎ᠡ ᠴᠠᠭ ᠦᠶ᠎ᠡ ᠶᠢᠨ ᠨᠠᠮ ᠤᠨ ᠦᠨᠳᠦᠰᠦᠲᠡᠨ ᠤ ᠠᠵᠢᠯ ᠢ ᠰᠠᠶᠢᠲᠤᠷ ᠬᠢᠬᠦ︾ ᠭᠡᠬᠦ ᠰᠡᠳᠦᠪ ᠢᠶᠠᠷ ᠲᠤᠰᠬᠠᠶ ᠰᠡᠳᠦᠪ ᠢᠶᠠᠷ ᠬᠢᠴᠢᠶᠡᠯᠯᠡᠭᠦᠯᠪᠡ᠃ᠣᠷᠴᠢᠭᠤᠯᠣᠭᠴᠢ᠄  ᠬᠠᠨᠠᠭᠠᠷ
 
ᠢᠷᠡᠯᠲᠡ᠄ ᠱᠠᠩᠳᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004288号-2