ᠱᠠᠩᠳᠤ ᠰᠢᠶᠠᠨ ᠤ ᠠᠷᠠᠳ ᠤᠨ ᠵᠠᠰᠠᠭ ᠤᠨ ᠣᠷᠳᠣᠨ ᠤ 2024 ᠣᠨ ᠤ 11 ᠳ᠋ᠤᠭᠡᠷ ᠤᠳᠠᠭ᠎ᠠ ᠶᠢᠨ ᠪᠠᠶᠢᠩᠭᠤ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2024/8/30
  8 ᠰᠠᠷ᠎ᠠ ᠶᠢᠨ 16 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠰᠢᠶᠠᠨ ᠤ ᠳᠠᠷᠤᠭ᠎ᠠ ᠶᠠᠩ ᠸᠧᠨ ᠾᠦᠢ ᠱᠠᠩᠳᠤ ᠰᠢᠶᠠᠨ ᠤ ᠠᠷᠠᠳ ᠤᠨ ᠵᠠᠰᠠᠭ ᠤᠨ ᠣᠷᠳᠣᠨ ᠤ 2024 ᠣᠨ ᠤ 11 ᠰᠠᠷ᠎ᠠ ᠶᠢᠨ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠪᠠ᠃    ᠬᠤᠷᠠᠯ ᠠᠴᠠ ᠡᠮᠦᠨ᠎ᠡ ᠳᠤᠮᠳᠠᠳᠤ ᠤᠯᠤᠰ ᠤᠨ ᠡᠪ ᠬᠠᠮᠲᠤ ᠨᠠᠮ ᠤᠨ ᠤᠯᠠᠭᠠᠨᠴᠠᠪ ᠬᠤᠳᠠ ᠶᠢᠨ ᠬᠤᠷᠢᠶᠠᠨ ᠤ ᠤᠯᠠᠭᠠᠨᠴᠠᠪ ᠬᠤᠳᠠ ᠶᠢᠨ ᠠᠷᠠᠳ ᠤᠨ ᠵᠠᠰᠠᠭ ᠤᠨ ᠣᠷᠳᠣᠨ ᠤ ︽︿ᠮᠢᠩᠭᠠᠨ ᠲᠣᠰᠬᠤᠨ ᠢᠶᠠᠷ ᠵᠢᠱᠢᠶ᠎ᠡ ᠦᠵᠡᠭᠦᠯᠵᠦ ᠂ ᠲᠦᠮᠡᠨ ᠲᠣᠰᠬᠤᠨ ᠢ ᠴᠡᠭᠴᠡᠯᠡᠨ ᠵᠠᠰᠠᠬᠤ﹀ ᠢᠨᠵᠧᠨᠧᠷᠢᠩ ᠤᠨ ᠲᠤᠷᠰᠢᠯᠭ᠎ᠠ ᠶᠢ ᠰᠤᠷᠤᠯᠴᠠᠨ ᠬᠡᠷᠡᠭᠯᠡᠵᠦ ᠬᠥᠳᠡᠭᠡ ᠲᠣᠰᠬᠤᠨ ᠢ ᠪᠦᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ ᠬᠦᠴᠦᠲᠡᠢ ᠪᠦᠲᠦᠮᠵᠢᠲᠡᠢ ᠠᠬᠢᠭᠤᠯᠬᠤ ᠲᠤᠬᠠᠢ ᠬᠡᠷᠡᠭᠵᠢᠭᠦᠯᠬᠦ ᠰᠠᠨᠠᠯ︾ ᠢ ᠰᠤᠷᠤᠯᠴᠠᠵᠤ᠂ ᠶᠡᠷᠦᠩᠬᠡᠢ ᠱᠦᠵᠢ ᠰᠢ ᠶᠢᠨ ᠫᠢᠩ ᠤᠨ ︽ᠬᠥᠳᠡᠭᠡ ᠠᠵᠤ ᠠᠬᠤᠢ ᠬᠥᠳᠡᠭᠡ ᠲᠣᠰᠬᠤᠨ ᠲᠠᠷᠢᠶᠠᠴᠢᠨ︾ ᠤ ᠠᠵᠢᠯ ᠤᠨ ᠲᠤᠬᠠᠢ ᠴᠢᠬᠤᠯᠠ ᠥᠭᠦᠯᠡᠯᠲᠡ ᠶᠢ ᠨᠠᠷᠢᠨ ᠬᠢᠨᠠᠮᠠᠭᠠᠢ ᠰᠤᠷᠤᠯᠴᠠᠨ ᠲᠤᠭᠤᠰᠢᠯᠠᠭᠤᠯᠵᠤ᠂ ︽ᠮᠢᠩᠭᠠᠨ ᠲᠣᠰᠬᠤᠨ ᠢᠶᠠᠷ ᠵᠢᠱᠢᠶ᠎ᠡ ᠦᠵᠡᠭᠦᠯᠵᠦ᠂ ᠲᠦᠮᠡᠨ ᠲᠣᠰᠬᠤᠨ ᠢ ᠴᠡᠭᠴᠡᠯᠡᠨ ᠵᠠᠰᠠᠬᠤ︾ ᠢᠨᠵᠧᠨᠧᠷᠢᠩ ᠤᠨ ᠲᠤᠷᠰᠢᠯᠭ᠎ᠠ ᠶᠢ ᠭᠦᠢᠴᠡᠳ ᠰᠤᠷᠤᠯᠴᠠᠨ ᠬᠡᠷᠡᠭᠯᠡᠵᠦ᠂ ᠤᠷᠳᠤ ᠬᠤᠭᠤᠴᠠᠭ᠎ᠠ ᠪᠠᠷ ᠬᠦᠴᠦ ᠣᠷᠣᠭᠤᠯᠤᠨ ᠬᠥᠳᠡᠭᠡ ᠲᠣᠰᠬᠤᠨ ᠢ ᠪᠦᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃    ᠬᠤᠷᠠᠯ ᠠᠴᠠ ᠪᠦᠬᠦ ᠰᠢᠶᠠᠨ ᠤ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠲᠦᠮᠵᠢᠲᠡᠢ ᠵᠣᠯᠭᠠᠭᠤᠯᠬᠤ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠠᠢ᠃ ᠬᠤᠷᠠᠯ ᠠᠴᠠ᠂ ᠡᠯ᠎ᠡ ᠰᠢᠶᠠᠩ ᠪᠠᠯᠭᠠᠰᠤ ᠪᠣᠯᠤᠨ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠦᠵᠡᠯ ᠰᠠᠨᠠᠭ᠎ᠠ ᠲᠠᠨᠢᠯᠲᠠ ᠪᠠᠨ ᠴᠢᠨᠠᠭᠰᠢᠳᠠ ᠴᠢᠩᠭᠠᠳᠬᠠᠵᠤ᠂ ᠶᠡᠭᠡ ᠲᠠᠯ᠎ᠠ ᠶᠢᠨ ᠦᠵᠡᠯᠲᠡ ᠶᠢ ᠪᠠᠲᠤ ᠪᠤᠢ ᠪᠣᠯᠭᠠᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠦᠷᠦᠯ ᠵᠦᠢᠯ ᠤᠨ ᠬᠡᠷᠡᠭᠵᠢᠭᠦᠯᠦᠯᠲᠡ ᠶᠢ ᠲᠦᠷᠭᠡᠳᠬᠡᠨ ᠠᠬᠢᠭᠤᠯᠵᠤ᠂ ᠪᠦᠳᠦᠭᠡᠨ ᠪᠠᠶᠢᠭᠤᠯᠤᠯᠲᠠ ᠶᠢᠨ ᠬᠠᠷᠠᠯᠲᠠ ᠪᠠᠨ ᠲᠣᠭᠲᠠᠭᠰᠠᠨ ᠬᠤᠭᠤᠴᠠᠭᠠᠨ ᠳᠤ ᠪᠡᠶᠡᠯᠡᠭᠦᠯᠬᠦ ᠶᠢ ᠪᠠᠲᠤᠯᠠᠬᠤ ᠬᠡᠷᠡᠭᠲᠡᠢ᠃ ᠲᠦᠷᠦᠯ ᠵᠦᠢᠯ ᠢ ᠠᠬᠢᠭᠤᠯᠬᠤ ᠡᠯ᠎ᠡ ᠭᠤᠭᠴᠤᠭ᠎ᠠ ᠶᠢ ᠴᠢᠩᠭ᠎ᠠ ᠠᠩᠬᠠᠷᠴᠤ᠂ ᠪᠠᠷᠢᠯᠭ᠎ᠠ ᠶᠢᠨ ᠬᠤᠭᠤᠴᠠᠭ᠎ᠠ ᠶᠢ ᠲᠣᠩᠭᠤᠷᠠᠭᠤᠯᠤᠨ ᠪᠠᠶᠢᠷᠢᠯᠠᠭᠤᠯᠵᠤ᠂ ᠴᠠᠭ ᠮᠥᠴᠡ ᠶᠢ ᠠᠮᠵᠢᠵᠤ᠂ ᠪᠠᠶᠢᠭᠤᠯᠵᠤ ᠪᠠᠶᠢᠭ᠎ᠠ ᠲᠦᠷᠦᠯ ᠵᠦᠢᠯ ᠤᠨ ᠪᠠᠷᠢᠯᠭ᠎ᠠ ᠶᠢᠨ ᠠᠬᠢᠴᠠ ᠶᠢ ᠪᠦᠬᠦ ᠲᠠᠯ᠎ᠠ ᠪᠠᠷ ᠲᠦᠷᠭᠡᠳᠬᠡᠬᠦ ᠬᠡᠷᠡᠭᠲᠡᠢ᠃ ᠤᠯᠤᠯᠴᠠᠭ᠎ᠠ ᠵᠣᠯᠭᠠᠯᠴᠠᠭ᠎ᠠ ᠪᠠᠨ ᠴᠢᠩᠭᠠᠳᠬᠠᠵᠤ᠂ ᠨᠢᠭᠲᠠ ᠵᠣᠬᠢᠴᠠᠭᠤᠯᠤᠨ ᠬᠠᠮᠵᠢᠯᠴᠠᠵᠤ᠂ ᠮᠠᠨ ᠤ ᠰᠢᠶᠠᠨ ᠤ ᠬᠥᠳᠡᠭᠡ ᠠᠵᠤ ᠠᠬᠤᠢ ᠶᠢᠨ ᠡᠬᠢ ᠪᠠᠶᠠᠯᠢᠭ ᠤᠨ ᠳᠠᠪᠠᠭᠤᠯᠢᠭ ᠪᠣᠯᠤᠨ ᠠᠵᠤ ᠦᠢᠯᠡᠰ ᠤᠨ ᠰᠠᠭᠤᠷᠢ ᠳᠤ ᠰᠠᠭᠤᠷᠢᠯᠠᠵᠤ᠂ ᠨᠢᠭᠡ ᠪᠦᠯᠦᠭ ᠳᠤᠲᠠᠭᠤᠳᠠᠯ ᠢ ᠨᠥᠬᠦᠪᠥᠷᠢᠯᠡᠬᠦ᠂ ᠰᠡᠯᠭᠦᠬᠦ ᠬᠦᠴᠦᠨ ᠢ ᠨᠡᠮᠡᠭᠳᠡᠭᠦᠯᠬᠦ᠂ ᠠᠯᠤᠰ ᠬᠡᠳᠤ ᠶᠢ ᠬᠠᠮᠢᠶᠠᠷᠬᠤ᠂ ᠪᠦᠬᠦ ᠲᠠᠯ᠎ᠠ ᠶᠢ ᠳᠠᠶᠢᠴᠢᠯᠠᠬᠤ ᠭᠤᠣᠯᠳᠠᠯᠭ᠎ᠠ ᠲᠠᠢ ᠲᠦᠷᠦᠯ ᠵᠦᠢᠯ ᠢ ᠲᠥᠯᠥᠪᠵᠢᠭᠦᠯᠵᠦ ᠨᠥᠭᠡᠴᠡᠯᠡᠬᠦ ᠬᠡᠷᠡᠭᠲᠡᠢ᠃ ᠡᠯ᠎ᠡ ᠲᠦᠷᠦᠯ ᠤᠨ ᠪᠡᠯᠡ ᠮᠥᠩᠭᠦ ᠶᠢ ᠴᠠᠭ ᠲᠤᠬᠠᠢ ᠳᠤᠨᠢ᠂ ᠭᠦᠢᠴᠡᠳ ᠲᠤᠭ᠎ᠠ ᠪᠠᠷ ᠰᠠᠯᠭᠠᠨ ᠥᠭᠴᠦ᠂ ᠡᠯᠧᠮᠧᠨ᠋ᠲ ᠤᠨ ᠪᠠᠲᠤᠯᠠᠭ᠎ᠠ ᠶᠢ ᠰᠠᠶᠢᠲᠤᠷ ᠬᠢᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠭᠤᠣᠯᠳᠠᠯᠭ᠎ᠠ ᠲᠠᠢ ᠲᠦᠷᠦᠯ ᠵᠦᠢᠯ ᠢ ᠲᠣᠭᠲᠠᠭᠰᠠᠨ ᠬᠤᠭᠤᠴᠠᠭᠠᠨ ᠳᠤ ᠪᠠᠶᠢᠭᠤᠯᠵᠤ ᠳᠠᠭᠤᠰᠬᠠᠬᠤ ᠶᠢ ᠪᠠᠲᠤᠯᠠᠵᠤ᠂ ᠦᠷ᠎ᠡ ᠠᠰᠢᠭ ᠢ ᠪᠠᠳᠠᠷᠠᠭᠤᠯᠵᠤ᠂ ᠪᠦᠬᠦ ᠰᠢᠶᠠᠨ ᠤ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠬᠦᠴᠦᠲᠡᠢ ᠲᠤᠯᠭᠠᠭᠤᠷᠢᠯᠠᠯ ᠬᠠᠩᠭᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃    ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃ᠣᠷᠴᠢᠭᠤᠯᠣᠭᠴᠢ᠄  ᠬᠠᠨᠠᠭᠠᠷ
 
ᠢᠷᠡᠯᠲᠡ᠄ ᠱᠠᠩᠳᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004288号-2