ᠱᠠᠩᠳᠤ ᠰᠢᠶᠠᠨ ᠤ ᠠᠷᠠᠳ ᠤᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ 2024 ᠣᠨ ᠤ 7 ᠳ᠋ᠤᠭᠠᠷ ᠤᠳᠠᠭ᠎ᠠ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2024/8/30
   8 ᠰᠠᠷ᠎ᠠ ᠶᠢᠨ 16 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠰᠢᠶᠠᠨ ᠤ ᠳᠠᠷᠤᠭ᠎ᠠ ᠶᠠᠩ ᠸᠧᠨ ᠾᠦᠢ ᠱᠠᠩᠳᠤ ᠰᠢᠶᠠᠨ ᠤ ᠠᠷᠠᠳ ᠤᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ 2024 ᠣᠨ ᠤ 7 ᠳ᠋ᠤᠭᠠᠷ ᠤᠳᠠᠭ᠎ᠠ ᠶᠢᠨ ᠬᠤᠷᠠᠯ ᠢ ᠡᠷᠬᠢᠯᠡᠨ ᠬᠤᠷᠠᠯᠳᠤᠭᠤᠯᠪᠠ᠃ ᠬᠤᠷᠠᠯ ᠠᠴᠠ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ 7 ᠰᠠᠷ᠎ᠠ ᠶᠢᠨ 30 ᠤ ᠡᠳᠦᠷ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶᠠᠨ ᠤ ᠬᠤᠷᠠᠯ ᠤᠨ ᠵᠣᠷᠢᠭ ᠰᠠᠨᠠᠭ᠎ᠠ ᠵᠢᠴᠢ ᠠᠮᠢ ᠠᠬᠤᠢ ᠣᠷᠴᠢᠨ ᠲᠣᠭᠤᠷᠢᠨ ᠤ ᠶᠠᠮᠤᠨ ︽ᠠᠮᠢ ᠠᠬᠤᠢ ᠣᠷᠴᠢᠨ ᠲᠣᠭᠤᠷᠢᠨ ᠤ ᠣᠷᠣᠨ ᠬᠤᠪᠢᠶᠠᠨ ᠬᠠᠮᠢᠶᠠᠷᠤᠨ ᠡᠵᠡᠮᠳᠡᠬᠦ ᠲᠦᠷ ᠬᠡᠷᠡᠭᠵᠢᠭᠦᠯᠬᠦ ᠲᠣᠭᠲᠠᠭᠠᠯ︾ ᠵᠡᠷᠭᠡ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠳᠠᠷᠤᠮᠠᠯᠯᠠᠨ ᠲᠠᠷᠬᠠᠭᠠᠪᠠ᠃    ᠬᠤᠷᠠᠯ ᠠᠴᠠ᠂ ᠡᠯ᠎ᠡ ᠱᠠᠳᠤ ᠡᠯ᠎ᠡ ᠰᠠᠯᠠᠭ᠎ᠠ ᠮᠥᠴᠢᠷ ᠤᠨ ᠬᠢᠨ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭᠠᠨ ᠤ ᠮᠥᠨ ᠴᠢᠨᠠᠷ ᠢ ᠪᠦᠬᠦ ᠲᠠᠯ᠎ᠠ ᠪᠠᠷ ᠭᠦᠨᠵᠡᠭᠡᠢ ᠰᠤᠷᠤᠯᠴᠠᠨ ᠣᠶᠢᠯᠠᠭᠠᠵᠤ᠂ ︽ᠬᠤᠶᠠᠷ ᠢ ᠲᠣᠭᠲᠠᠭᠠᠬᠤ︾ ᠶᠢ ᠡᠷᠡᠰ ᠬᠦᠷᠢᠶᠡᠯᠡᠵᠦ᠂ ︽ᠬᠤᠶᠠᠷ ᠢ ᠬᠠᠮᠠᠭᠠᠯᠠᠬᠤ︾ ᠶᠢ ᠡᠷᠡᠰ ᠪᠡᠶᠡᠯᠡᠭᠦᠯᠵᠦ᠂ ᠪᠦᠬᠦᠳᠡ ᠬᠤᠷᠠᠯ ᠠᠴᠠ ᠳᠤᠷᠠᠳᠤᠭᠰᠠᠨ ︽ᠲᠤᠯᠤᠭᠠᠨ ᠠᠩᠬᠠᠷᠤᠯ︾ ᠢ ᠪᠠᠲᠤ ᠡᠵᠡᠮᠳᠡᠵᠦ ᠂ ︽ᠵᠢᠷᠭᠤᠭ᠎ᠠ ᠶᠢ ᠪᠠᠷᠢᠮᠲᠠᠯᠠᠬᠤ︾ ᠴᠢᠬᠤᠯᠠ ᠶᠡᠭᠡ ᠵᠠᠷᠴᠢᠮ ᠢ ᠡᠷᠡᠰ ᠲᠤᠤᠱᠯᠠᠭᠤᠯᠵᠤ᠂ ︽ᠠᠷᠪᠠᠨ ᠳᠥᠷᠪᠡᠳᠦᠭᠡᠷ ᠲᠠᠯ᠎ᠠ︾ ᠶᠢᠨ ᠴᠢᠬᠤᠯᠠ ᠶᠡᠭᠡ ᠪᠠᠶᠢᠷᠢᠯᠠᠭᠤᠯᠤᠯᠲᠠ ᠶᠢ ᠯᠠᠪᠳᠠᠭᠤᠨ ᠪᠠᠲᠤᠲᠠᠢ ᠠᠬᠢᠭᠤᠯᠵᠤ᠂ ᠦᠵᠡᠯ ᠰᠠᠨᠠᠭ᠎ᠠ ᠪᠣᠯᠤᠨ ᠦᠢᠯᠡ ᠠᠵᠢᠯᠯᠠᠭ᠎ᠠ ᠪᠠᠨ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶ᠎ᠠ ᠪᠣᠯᠤᠨ ᠨᠠᠮ ᠤᠨ ᠲᠥᠪ ᠬᠤᠷᠢᠶᠠᠨ ᠤ ᠴᠢᠬᠤᠯᠠ ᠶᠡᠭᠡ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠳᠡᠭᠡᠷ᠎ᠡ ᠦᠨᠡᠨᠬᠦ ᠨᠢᠭᠡᠳᠬᠡᠬᠦ ᠬᠡᠷᠡᠭᠲᠡᠢ᠃ ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠶᠢ ᠦᠷᠭᠦᠯᠵᠢᠯᠡᠨ ᠭᠦᠨᠵᠡᠭᠡᠢ ᠲᠤᠭᠤᠰᠢᠯᠠᠭᠤᠯᠵᠤ᠂ ᠠᠮᠢ ᠠᠬᠤᠢ ᠶᠢᠨ ᠣᠷᠴᠢᠨ ᠲᠣᠭᠤᠷᠢᠨ ᠤ ᠣᠷᠣᠨ ᠬᠤᠪᠢᠶᠠᠨ ᠬᠠᠮᠢᠶᠠᠷᠤᠨ ᠡᠵᠡᠮᠳᠡᠬᠦ ᠲᠦᠷᠢᠮ ᠤᠨ ᠠᠭᠤᠯᠤᠭᠳᠠᠬᠤᠨ ᠢ ᠭᠦᠨᠵᠡᠭᠡᠢ ᠣᠶᠢᠯᠠᠭᠠᠵᠤ᠂ ᠪᠠᠶᠢᠭᠠᠯᠢ ᠶᠢᠨ ᠵᠢᠮ᠎ᠡ ᠶᠣᠰᠣ ᠪᠣᠯᠤᠨ ᠣᠷᠣᠨ ᠪᠦᠰᠡ ᠶᠢᠨ ᠵᠥᠷᠢᠶ᠎ᠡ ᠶᠢ ᠭᠦᠢᠴᠡᠳ ᠬᠦᠨᠳᠦᠳᠬᠡᠵᠦ᠂ ᠠᠮᠢ ᠠᠬᠤᠢ ᠶᠢᠨ ᠬᠠᠮᠠᠭᠠᠯᠠᠯᠲᠠ ᠶᠢᠨ ᠤᠯᠠᠭᠠᠨ ᠱᠤᠭᠤᠮ᠂ ᠣᠷᠴᠢᠨ ᠲᠣᠭᠤᠷᠢᠨ ᠤ ᠶᠠᠰᠤ ᠴᠢᠨᠠᠷ ᠤᠨ ᠬᠤᠷᠢᠭ᠎ᠠ ᠱᠤᠭᠤᠮ᠂ ᠡᠬᠢ ᠪᠠᠶᠠᠯᠢᠭ ᠤᠨ ᠠᠰᠢᠭᠯᠠᠯᠲᠠ ᠶᠢᠨ ᠳᠡᠭᠡᠳᠦ ᠱᠤᠭᠤᠮ ᠢ ᠴᠢᠩᠭ᠎ᠠ ᠰᠠᠬᠢᠵᠤ᠂ ᠥᠨᠳᠥᠷ ᠲᠦᠪᠰᠢᠨ ᠪᠦᠬᠦᠢ ᠬᠠᠮᠠᠭᠠᠯᠠᠯᠲᠠ ᠪᠠᠷ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠲᠡᠢ᠃    ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃ᠣᠷᠴᠢᠭᠤᠯᠣᠭᠴᠢ᠄  ᠬᠠᠨᠠᠭᠠᠷ
 
ᠢᠷᠡᠯᠲᠡ᠄ ᠱᠠᠩᠳᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004288号-2