ᠱᠠᠩᠳᠤ ᠰᠢᠶᠠᠨ ᠤ ᠨᠠᠮ ᠤᠨ ᠬᠤᠷᠢᠶᠠᠨ ᠤ ᠣᠨᠣᠯ ᠰᠤᠷᠤᠯᠴᠠᠬᠤ ᠭᠤᠤᠯ ᠳᠤᠭᠤᠶᠢᠯᠠᠩ 2024 ᠣᠨ ᠤ 8 ᠰᠠᠷ᠎ᠠ ᠳᠤ ᠲᠥᠪᠯᠡᠷᠡᠭᠦᠯᠦᠨ ᠰᠤᠷᠤᠯᠴᠠᠬᠤ ᠶᠢ ᠥᠷᠨᠢᠭᠦᠯᠪᠡ
ᠨᠡᠶᠢᠲᠡᠯᠡᠭᠰᠡᠨ ᠴᠠᠭ᠄
2024/8/30
  8 ᠰᠠᠷ᠎ᠠ ᠶᠢᠨ 15 ᠤ ᠡᠳᠦᠷ᠂ ᠱᠠᠩᠳᠤ ᠰᠢᠶᠠᠨ ᠤ ᠨᠠᠮ ᠤᠨ ᠬᠤᠷᠢᠶᠠᠨ ᠤ ᠤᠨᠤᠯ ᠰᠤᠷᠤᠯᠴᠠᠬᠤ ᠭᠤᠣᠯ ᠳᠤᠭᠤᠶᠢᠯᠠᠩ 8 ᠰᠠᠷ᠎ᠠ ᠶᠢᠨ ᠲᠥᠪᠯᠡᠷᠡᠩᠭᠦᠢ ᠰᠤᠷᠤᠯᠴᠠᠯᠭ᠎ᠠ ᠥᠷᠨᠢᠭᠦᠯᠪᠡ᠃ ᠰᠢᠶᠠᠨ ᠤ ᠨᠠᠮ ᠤᠨ ᠬᠤᠷᠢᠶᠠᠨ ᠤ ᠤᠨᠤᠯ ᠰᠤᠷᠤᠯᠴᠠᠬᠤ ᠭᠤᠣᠯ ᠳᠤᠭᠤᠶᠢᠯᠠᠩ ᠤᠨ ᠪᠦᠬᠦ ᠤᠳᠤᠷᠢᠳᠤᠯᠭ᠎ᠠ ᠬᠤᠷᠠᠯ ᠳᠤ ᠣᠷᠣᠯᠴᠠᠪᠠ᠃    ᠲᠣᠰ ᠤᠳᠠᠭᠠᠨ ᠤ ᠭᠤᠤᠯ ᠳᠤᠭᠤᠶᠢᠯᠠᠩ ᠤᠨ ᠬᠢᠨ ᠰᠢᠶᠠᠨ ᠤ ᠨᠠᠮ ᠤᠨ ᠬᠤᠷᠢᠶᠠᠨ ᠤ ᠨᠠᠮ ᠤᠨ ᠰᠤᠷᠭᠠᠭᠤᠯᠢ ᠶᠢᠨ ᠪᠠᠭᠰᠢ ᠱᠢ ᠯᠢ ᠫᠢᠩ ᠢ ᠤᠷᠢᠵᠤ ᠲᠤᠰᠬᠠᠶ ᠰᠡᠳᠦᠪ ᠢᠶᠠᠷ ᠬᠢᠴᠢᠶᠡᠯᠯᠡᠭᠦᠯᠪᠡ᠃    ᠬᠤᠷᠠᠯ ᠠᠴᠠ᠂ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠬᠦᠳᠡ ᠬᠤᠷᠠᠯ ᠨᠢ ᠴᠢᠬᠤᠯᠠ ᠶᠡᠭᠡ ᠪᠥᠭᠡᠳ ᠠᠯᠤᠰ ᠬᠡᠳᠤ ᠶᠢᠨ ᠤᠯᠤᠰ ᠲᠦᠷᠦ ᠶᠢᠨ ᠠᠴᠢ ᠬᠤᠯᠪᠣᠭᠳᠠᠯ᠂ ᠤᠨᠤᠯ ᠤᠨ ᠠᠴᠢ ᠬᠤᠯᠪᠣᠭᠳᠠᠯ᠂ ᠪᠠᠶᠢᠯᠳᠤᠬᠤ ᠪᠤᠳᠤᠯᠭ᠎ᠠ ᠶᠢᠨ ᠠᠴᠢ ᠬᠤᠯᠪᠣᠭᠳᠠᠯ᠂ ᠳᠡᠯᠡᠬᠡᠢ ᠶᠢᠨ ᠠᠴᠢ ᠬᠤᠯᠪᠣᠭᠳᠠᠯ ᠪᠠ ᠦᠢᠯᠡᠳᠦᠯᠭᠡ ᠶᠢᠨ ᠠᠴᠢ ᠬᠤᠯᠪᠣᠭᠳᠠᠯ ᠲᠠᠢ ᠶᠤᠮ᠂ ᠠᠷᠭ᠎ᠠ ᠵᠠᠮ ᠲᠣᠳᠣᠷᠬᠠᠢ᠂ ᠡᠭᠦᠷᠭᠡ ᠲᠣᠳᠣᠷᠬᠠᠢ ᠪᠠᠶᠢᠨ᠎ᠠ᠂ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠣᠶᠢᠯᠠᠭᠠᠵᠤ᠂ ᠥᠭᠡᠷᠡᠴᠢᠯᠡᠯᠲᠡ ᠶᠢ ᠴᠢᠨᠠᠭᠰᠢᠳᠠ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠭᠤᠣᠯ ᠰᠡᠳᠦᠪ᠂ ᠴᠢᠬᠤᠯᠠ ᠶᠡᠭᠡ ᠵᠠᠷᠴᠢᠮ᠂ ᠴᠢᠬᠤᠯᠠ ᠶᠡᠭᠡ ᠠᠷᠭ᠎ᠠ ᠬᠡᠮᠵᠢᠶ᠎ᠡ᠂ ᠦᠨᠳᠦᠰᠦᠨ ᠪᠠᠲᠤᠯᠠᠭ᠎ᠠ ᠶᠢ ᠭᠦᠨᠵᠡᠭᠡᠢ ᠤᠢᠢᠯᠠᠭᠠᠨ ᠡᠵᠡᠮᠰᠢᠵᠦ᠂ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ ᠰᠠᠶᠢᠲᠤᠷ ᠠᠳᠬᠤᠬᠤ ᠬᠡᠷᠡᠭᠲᠡᠢ᠃    ᠬᠤᠷᠠᠯ ᠤᠨ ᠳᠠᠷᠠᠭ᠎ᠠ ᠣᠨᠣᠯ ᠰᠤᠷᠤᠯᠴᠠᠬᠤ ᠭᠤᠤᠯ ᠳᠤᠭᠤᠶᠢᠯᠠᠩ ᠤᠨ ᠪᠥᠬᠦ ᠤᠳᠤᠷᠢᠳᠤᠯᠭ᠎ᠠ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠯᠤᠰ ᠤᠨ ᠪᠠᠲᠤᠯᠠᠨ ᠬᠠᠮᠠᠭᠠᠯᠠᠯᠲᠠ ᠶᠢᠨ ᠬᠥᠮᠦᠵᠢᠯ ᠤᠨ ᠲᠦᠷᠢᠮ︾ ᠢ ᠰᠤᠷᠤᠯᠴᠠᠪᠠ᠃ᠣᠷᠴᠢᠭᠤᠯᠣᠭᠴᠢ᠄  ᠬᠠᠨᠠᠭᠠᠷ
 
ᠢᠷᠡᠯᠲᠡ᠄ ᠱᠠᠩᠳᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004288号-2