ᠳᠤᠮᠳᠠᠳᠤ ᠤᠯᠤᠰ ᠤᠨ ᠡᠪ ᠬᠠᠮᠲᠤ ᠨᠠᠮ ᠤᠨ ᠱᠠᠩᠳᠤ ᠰᠢᠶᠠᠨ ᠤ ᠠᠷᠪᠠᠨ ᠳᠥᠷᠪᠡᠳᠦᠭᠡᠷ ᠬᠤᠭᠤᠴᠠᠭᠠᠨ ᠤ ᠬᠤᠷᠢᠶᠠᠨ ᠤ ᠠᠷᠪᠠᠨ ᠲᠠᠪᠤᠳᠤᠭᠠᠷ ᠪᠥᠬᠦᠳᠡ ᠬᠤᠷᠠᠯ ᠤᠨ ᠠᠯᠪᠠᠨ ᠮᠡᠳᠡᠭᠡ
ᠨᠡᠶᠢᠲᠡᠯᠡᠭᠰᠡᠨ ᠴᠠᠭ᠄
2024/8/30
  ᠳᠤᠮᠳᠠᠳᠤ ᠤᠯᠤᠰ ᠤᠨ ᠡᠪ ᠬᠠᠮᠲᠤ ᠨᠠᠮ ᠤᠨ ᠱᠠᠩᠳᠤ ᠰᠢᠶᠠᠨ ᠤ ᠠᠷᠪᠠᠨ ᠳᠥᠷᠪᠡᠳᠦᠭᠡᠷ ᠬᠤᠭᠤᠴᠠᠭᠠᠨ ᠤ ᠬᠤᠷᠢᠶᠠᠨ ᠤ ᠠᠷᠪᠠᠨ ᠲᠠᠪᠤᠳᠤᠭᠠᠷ ᠪᠦᠬᠦᠳᠡ ᠬᠤᠷᠠᠯ 2024 ᠣᠨ ᠤ 8 ᠰᠠᠷ᠎ᠠ ᠶᠢᠨ 14 ᠤ ᠡᠳᠦᠷ ᠬᠤᠷᠠᠯᠳᠤᠪᠠ    ᠡᠨᠡ ᠤᠳᠠᠭ᠎ᠠ ᠶᠢᠨ ᠬᠤᠷᠠᠯ ᠳᠤ ᠰᠢᠶᠠᠨ ᠤ ᠨᠠᠮ ᠤᠨ ᠬᠤᠷᠢᠶᠠᠨ ᠤ ᠭᠡᠰᠢᠭᠦᠨ 29 ᠬᠥᠮᠦᠨ᠂ ᠣᠷᠣᠯᠠᠭᠴᠢ ᠭᠡᠰᠢᠭᠦᠨ 7 ᠬᠥᠮᠦᠨ ᠣᠷᠣᠯᠴᠠᠪᠠ᠃ ᠰᠢᠶᠠᠨ ᠤ ᠬᠤᠯᠪᠣᠭᠳᠠᠯ ᠪᠦᠬᠦᠢ ᠤᠳᠤᠷᠢᠳᠬᠤ ᠨᠥᠬᠦᠳ᠂ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠪᠠᠶᠢᠩᠭᠤ ᠶᠢᠨ ᠭᠡᠰᠢᠭᠦᠨ ᠬᠢᠨᠠᠨ ᠪᠠᠶᠢᠴᠠᠭᠠᠬᠤ ᠵᠥᠪᠯᠡᠯ ᠤᠨ ᠭᠡᠰᠢᠭᠦᠨ ᠪᠣᠯᠤᠨ ᠬᠤᠯᠪᠣᠭᠳᠠᠯ ᠪᠦᠬᠦᠢ ᠲᠠᠯ᠎ᠠ ᠶᠢᠨ ᠬᠠᠷᠢᠭᠤᠴᠠᠯᠭᠠᠲᠠᠨ ᠨᠥᠬᠦᠳ᠂ ᠮᠠᠨ ᠤ ᠰᠢᠶᠠᠨ ᠤ ᠥᠪᠡᠷᠲᠡᠭᠡᠨ ᠵᠠᠰᠠᠬᠤ ᠣᠷᠣᠨ ᠤ ᠠᠷᠪᠠᠨ ᠨᠢᠭᠡᠳᠦᠭᠡᠷ ᠤᠳᠠᠭ᠎ᠠ ᠶᠢᠨ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠳᠤ ᠣᠷᠣᠯᠴᠠᠬᠤ ᠬᠡᠰᠡᠭ ᠲᠥᠯᠥᠭᠡᠯᠡᠭᠴᠢ ᠪᠣᠯᠤᠨ ᠬᠤᠳᠠ ᠶᠢᠨ ᠲᠠᠪᠤᠳᠤᠭᠠᠷ ᠤᠳᠠᠭ᠎ᠠ ᠶᠢᠨ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠡᠰᠡᠭ ᠲᠥᠯᠥᠭᠡᠯᠡᠭᠴᠢ᠂ ᠰᠢᠶᠠᠨ ᠤ ᠠᠷᠪᠠᠨ ᠳᠥᠷᠪᠡᠳᠦᠭᠡᠷ ᠤᠳᠠᠭ᠎ᠠ ᠶᠢᠨ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠡᠰᠡᠭ ᠦᠨᠳᠦᠰᠦᠨ ᠱᠠᠲᠤᠨ ᠤ ᠲᠥᠯᠥᠭᠡᠯᠡᠭᠴᠢ ᠬᠤᠷᠠᠯ ᠳᠤ ᠰᠤᠯᠠ ᠣᠷᠣᠯᠴᠠᠪᠠ᠃    8 ᠰᠠᠷ᠎ᠠ ᠶᠢᠨ 14 ᠤ ᠡᠳᠦᠷ᠂ ᠤᠯᠠᠭᠠᠨᠴᠠᠪ ᠬᠤᠲᠠ ᠶᠢᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠬᠤᠲᠠ ᠶᠢᠨ ᠳᠡᠳ᠋ ᠳᠠᠷᠤᠭ᠎ᠠ ᠶᠢᠨ ᠨᠡᠷ᠎ᠡ ᠳᠤᠷᠠᠳᠤᠭᠳᠠᠭᠰᠠᠨ ᠵᠢᠱᠢᠭᠳᠡᠭᠴᠢ᠂ ᠱᠠᠩᠳᠤ ᠰᠢᠶᠠᠨ ᠤ ᠨᠠᠮ ᠤᠨ ᠬᠤᠷᠢᠶᠠᠨ ᠤ ᠱᠦᠵᠢ ᠭᠤᠤ ᠶᠦᠩ ᠪᠢᠨ ᠳᠤᠮᠳᠠᠳᠤ ᠤᠯᠤᠰ ᠤᠨ ᠡᠪ ᠬᠠᠮᠲᠤ ᠨᠠᠮ ᠤᠨ ᠱᠠᠩᠳᠤ ᠰᠢᠶᠠᠨ ᠤ ᠠᠷᠪᠠᠨ ᠳᠥᠷᠪᠡᠳᠦᠭᠡᠷ ᠬᠤᠭᠤᠴᠠᠭᠠᠨ ᠤ ᠬᠤᠷᠢᠶᠠᠨ ᠤ ᠠᠷᠪᠠᠨ ᠲᠠᠪᠤᠳᠤᠭᠠᠷ ᠪᠥᠬᠦᠳᠡ ᠬᠤᠷᠠᠯ ᠳᠡᠭᠡᠷ᠎ᠡ ᠶᠠᠷᠢᠶ᠎ᠠ ᠲᠠᠯᠪᠢᠪᠠ᠃    ᠪᠥᠬᠦᠳᠡ ᠬᠤᠷᠠᠯ ᠢ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶ᠎ᠠ ᠠᠴᠠ ᠡᠷᠬᠢᠯᠡᠵᠦ᠂ ᠤᠯᠠᠭᠠᠨᠴᠠᠪ ᠬᠤᠲᠠ ᠶᠢᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠬᠤᠲᠠ ᠶᠢᠨ ᠳᠡᠳ᠋ ᠳᠠᠷᠤᠭ᠎ᠠ ᠪᠠᠷ ᠨᠡᠷ᠎ᠡ ᠳᠤᠷᠠᠳᠤᠭᠳᠠᠭᠰᠠᠨ ᠵᠢᠱᠢᠭᠳᠡᠭᠴᠢ᠂ ᠱᠠᠩᠳᠤ ᠰᠢᠶᠠᠨ ᠤ ᠨᠠᠮ ᠤᠨ ᠬᠤᠷᠢᠶᠠᠨ ᠤ ᠱᠦᠵᠢ ᠭᠤᠤ ᠶᠦᠩ ᠪᠢᠨ ᠶᠠᠷᠢᠶ᠎ᠠ ᠲᠠᠯᠪᠢᠪᠠ᠃    ᠪᠥᠬᠦᠳᠡ ᠬᠤᠷᠠᠯ ᠠᠴᠠ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠳᠡᠭᠡᠷ᠎ᠡ ᠬᠠᠭᠠᠰ ᠵᠢᠯ ᠤᠨ ᠠᠵᠢᠯ ᠤᠨ ᠮᠡᠳᠡᠭᠦᠯᠦᠯᠲᠡ ᠶᠢ ᠰᠣᠨᠣᠰᠤᠨ ᠶᠠᠷᠢᠯᠴᠠᠵᠤ᠂ ᠣᠳᠣᠬᠠᠨ ᠤ ᠪᠠ ᠬᠤᠶᠢᠰᠢᠳᠠ ᠶᠢᠨ ᠨᠢᠭᠡ ᠬᠤᠭᠤᠴᠠᠭᠠᠨ ᠤ ᠭᠤᠤᠯᠳᠠᠯᠭ᠎ᠠ ᠲᠠᠢ ᠠᠵᠢᠯ ᠢ ᠲᠣᠬᠢᠷᠠᠭᠤᠯᠤᠨ ᠪᠠᠶᠢᠷᠢᠯᠠᠭᠤᠯᠵᠤ᠂ ︽ᠱᠠᠩᠳᠤ ᠰᠢᠶᠠᠨ ᠤ ᠨᠠᠮ ᠤᠨ ᠬᠤᠷᠢᠶᠠᠨ ᠤ ᠨᠠᠮ ᠤᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠲᠤᠬᠠᠶ ᠰᠠᠨᠠᠯ︾ ᠢ ᠬᠢᠨᠠᠨ ᠵᠥᠪᠯᠡᠵᠦ ᠪᠠᠲᠤᠯᠠᠪᠠ᠃ ᠭᠤᠤ ᠶᠦᠩ ᠪᠢᠨ ︽ᠰᠠᠨᠠᠯ ︵ᠶᠠᠷᠢᠯᠴᠠᠬᠤ ᠨᠤᠤᠷᠠᠭ︶︾ ᠤᠨ ᠲᠤᠬᠠᠢ ᠪᠦᠬᠦᠳᠡ ᠬᠤᠷᠠᠯ ᠳᠤ ᠲᠣᠳᠣᠷᠬᠠᠶᠢᠯᠠᠯᠲᠠ ᠬᠢᠪᠡ᠃    8 ᠰᠠᠷ᠎ᠠ ᠶᠢᠨ 14 ᠤ ᠡᠳᠦᠷ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠱᠠᠩᠳᠤ ᠰᠢᠶᠠᠨ ᠤ ᠠᠷᠪᠠᠨ ᠳᠥᠷᠪᠡᠳᠦᠭᠡᠷ ᠬᠤᠭᠤᠴᠠᠭᠠᠨ ᠤ ᠬᠤᠷᠢᠶᠠᠨ ᠤ ᠠᠷᠪᠠᠨ ᠲᠠᠪᠤᠳᠤᠭᠠᠷ ᠪᠦᠬᠦᠳᠡ ᠬᠤᠷᠠᠯ ᠵᠠᠯᠠᠭᠤᠴᠤᠳ ᠪᠠᠭᠠᠴᠤᠳ ᠤᠨ ᠠᠵᠢᠯᠯᠠᠭᠠᠨ ᠤ ᠲᠥᠪ ᠲᠤ ᠬᠤᠷᠠᠯᠳᠤᠪᠠ᠃    ᠪᠥᠬᠦᠳᠡ ᠬᠤᠷᠠᠯ ᠠᠴᠠ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠡᠨᠡ ᠵᠢᠯ ᠠᠴᠠ ᠨᠠᠰᠢᠬᠢ ᠠᠵᠢᠯ ᠢ ᠭᠦᠢᠴᠡᠳ ᠨᠤᠲᠠᠯᠠᠪᠠ᠃ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶ᠎ᠠ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠪᠣᠯᠤᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠬᠤ ᠠᠵᠢᠯ ᠤᠨ ᠭᠤᠣᠯ ᠰᠢᠵᠢᠮ ᠢ ᠨᠠᠷᠢᠨ ᠬᠢᠨᠠᠮᠠᠭᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠦᠵᠡᠯ ᠰᠠᠨᠠᠭ᠎ᠠ ᠤᠯᠤᠰ ᠲᠦᠷᠦ ᠶᠢᠨ ᠪᠠᠶᠢᠭᠤᠯᠤᠯᠲᠠ ᠶᠢ ᠦᠷᠭᠦᠯᠵᠢᠯᠡᠨ ᠴᠢᠩᠭᠠᠳᠬᠠᠵᠤ᠂ ᠬᠤᠶᠠᠷ ᠶᠡᠭᠡ ᠶᠠᠪᠤᠳᠠᠯ ᠤᠨ ᠨᠠᠶᠢᠳᠠᠪᠤᠷᠢᠵᠢᠭᠤᠯᠤᠯᠲᠠ ᠶᠢ ᠪᠣᠳᠠᠲᠠᠢ ᠦᠷ᠎ᠡ ᠪᠦᠲᠦᠮᠵᠢ ᠣᠯᠵᠤ᠂ ᠠᠵᠤ ᠠᠬᠤᠢ ᠶᠢᠨ ᠬᠥᠭᠵᠢᠯᠲᠡ ᠲᠣᠭᠲᠠᠭᠤᠨ ᠤ ᠳᠤᠮᠳᠠ ᠰᠢᠯᠢᠳᠡᠭᠵᠢᠵᠦ᠂ ᠠᠷᠠᠳ ᠤᠨ ᠠᠮᠢᠳᠤᠷᠠᠯ ᠤᠨ ᠦᠢᠯᠡᠰ ᠢᠯᠡᠳᠲᠡ ᠦᠷ᠎ᠡ ᠪᠦᠲᠦᠮᠵᠢ ᠣᠯᠵᠤ᠂ ᠤᠯᠤᠰ ᠲᠦᠷᠦ ᠶᠢᠨ ᠠᠮᠢ ᠠᠬᠤᠢ ᠨᠡᠩ ᠲᠥᠪ ᠴᠢᠬᠡᠴᠢ ᠪᠤᠯᠵᠤ᠂ ᠡᠯ᠎ᠡ ᠵᠦᠢᠯ ᠤᠨ ᠦᠢᠯᠡᠰ ᠯᠠᠪᠳᠠᠭᠤᠨ ᠪᠠᠲᠤᠲᠠᠢ ᠤᠷᠤᠭᠰᠢᠯᠠᠵᠤ᠂ ᠪᠦᠬᠦ ᠵᠢᠯ ᠤᠨ ᠬᠠᠷᠠᠯᠲᠠ ᠶᠢ ᠪᠡᠶᠡᠯᠡᠭᠦᠯᠬᠦ ᠳᠤ ᠪᠠᠲᠤ ᠪᠠᠬᠢ ᠰᠠᠭᠤᠷᠢ ᠶᠢ ᠲᠠᠯᠪᠢᠵᠤ ᠥᠭᠴᠡᠢ ᠭᠡᠵᠦ ᠰᠠᠨᠠᠯ ᠨᠢᠭᠡᠲᠡᠢ ᠦᠵᠡᠪᠡ᠃    ᠪᠦᠬᠦᠳᠡ ᠬᠤᠷᠠᠯ ᠠᠴᠠ᠂ ᠨᠠᠮ ᠤᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠦᠬᠦᠳᠡ ᠬᠤᠷᠠᠯ ᠪᠣᠯ ᠮᠠᠨ ᠤ ᠨᠠᠮ ᠤᠨ ᠰᠢᠨ᠎ᠡ ᠠᠶᠠᠨ ᠵᠠᠮ ᠳᠤ ᠬᠤᠷᠠᠯᠳᠤᠭᠰᠠᠨ ᠬᠥᠰᠢᠶ᠎ᠡ ᠳᠤᠷᠠᠰᠬᠠᠯ ᠤᠨ ᠠᠴᠢ ᠬᠤᠯᠪᠣᠭᠳᠠᠯ ᠲᠠᠢ ᠴᠢᠬᠤᠯᠠ ᠬᠤᠷᠠᠯ ᠪᠣᠯᠤᠨ᠎ᠠ᠂ ᠤᠯᠤᠰ ᠢᠶᠠᠨ ᠬᠦᠴᠦᠷᠬᠡᠭᠵᠢᠭᠦᠯᠬᠦ ᠪᠦᠳᠦᠭᠡᠨ ᠪᠠᠶᠢᠭᠤᠯᠤᠯᠲᠠ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠠᠭᠤᠤ ᠦᠢᠯᠡᠰ ᠢ ᠠᠬᠢᠭᠤᠯᠬᠤ ᠳᠤ ᠬᠦᠴᠦᠷᠬᠡᠭ ᠶᠡᠭᠡ ᠬᠥᠳᠡᠯᠭᠡᠬᠦ ᠬᠦᠴᠦᠨ ᠨᠡᠮᠡᠷᠢᠯᠡᠬᠦ ᠨᠢ ᠯᠠᠪᠲᠠᠢ ᠶᠤᠮ᠃ ᠡᠯ᠎ᠡ ᠱᠠᠳᠤ ᠡᠯ᠎ᠡ ᠰᠠᠯᠠᠭ᠎ᠠ ᠮᠥᠴᠢᠷ ᠤᠨ ᠬᠢᠨ ᠡᠷᠬᠡᠪᠰᠢ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠤᠬᠠᠭᠤᠯᠬᠤ ᠶᠢ ᠤᠷᠳᠤ ᠬᠤᠭᠤᠴᠠᠭᠠᠨ ᠤ ᠴᠢᠬᠤᠯᠠ ᠶᠡᠭᠡ ᠤᠯᠤᠰ ᠲᠦᠷᠦ ᠶᠢᠨ ᠡᠭᠦᠷᠭᠡ ᠪᠣᠯᠭᠠᠵᠤ᠂ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠶᠢ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠲᠠᠢ ᠤᠶᠠᠯᠳᠤᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠪᠠᠷ ᠠᠵᠢᠯ ᠤᠨ ᠭᠤᠣᠯ ᠰᠢᠵᠢᠮ ᠪᠣᠯᠭᠠᠵᠤ ᠂ ᠶᠡᠷᠦᠩᠬᠡᠢ ᠱᠦᠵᠢ ᠰᠢ ᠶᠢᠨ ᠫᠢᠩ ᠤᠨ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠲᠤᠬᠠᠢ ᠠᠯᠢ ᠤᠯᠠᠨ ᠰᠢᠨ᠎ᠡ ᠦᠵᠡᠯ ᠰᠠᠨᠠᠭ᠎ᠠ᠂ ᠰᠢᠨ᠎ᠡ ᠦᠵᠡᠯᠲᠡ᠂ ᠰᠢᠨ᠎ᠡ ᠨᠤᠲᠠᠯᠠᠯᠲᠠ ᠶᠢ ᠨᠠᠷᠢᠨ ᠬᠢᠨᠠᠮᠠᠭᠠᠢ ᠰᠤᠷᠤᠯᠴᠠᠵᠤ᠂ ᠲᠤᠰᠬᠠᠢ ᠰᠡᠳᠦᠪᠲᠦ ᠰᠤᠷᠤᠯᠴᠠᠯᠭ᠎ᠠ ᠪᠣᠯᠪᠠᠰᠤᠷᠠᠯ ᠢ ᠦᠨᠡᠨ ᠬᠦ ᠰᠠᠶᠢᠲᠤᠷ ᠠᠳᠬᠤᠵᠤ᠂ ᠦᠨᠳᠦᠰᠦᠨ ᠱᠠᠲᠤᠨ ᠤ ᠨᠢᠭᠡᠳᠦᠭᠡᠷ ᠹᠷᠣᠨᠲ ᠲᠤ ᠭᠦᠨᠵᠡᠭᠡᠶᠢᠷᠡᠨ ᠤᠬᠠᠭᠤᠯᠤᠨ ᠲᠠᠶᠢᠯᠪᠤᠷᠢᠯᠠᠬᠤ ᠶᠢ ᠨᠠᠷᠢᠨ ᠬᠢᠨᠠᠮᠠᠭᠠᠢ ᠵᠣᠬᠢᠶᠠᠨ ᠪᠠᠶᠢᠭᠤᠯᠵᠤ᠂ ᠬᠠᠮ ᠵᠠᠭᠤᠴᠢᠯᠠᠭᠤᠷ ᠤᠨ ᠤᠬᠠᠭᠤᠯᠭ᠎ᠠ ᠶᠢ ᠨᠠᠷᠢᠨ ᠨᠢᠮᠪᠠᠢ ᠵᠣᠬᠢᠶᠠᠨ ᠪᠠᠶᠢᠭᠤᠯᠵᠤ᠂ ᠰᠤᠷᠤᠯᠴᠠᠯᠭ᠎ᠠ ᠤᠬᠠᠭᠤᠯᠭ᠎ᠠ ᠶᠢᠨ ᠬᠠᠯᠠᠭᠤᠨ ᠥᠷᠨᠢᠯᠲᠡ ᠶᠢ ᠦᠳᠲᠡᠷ ᠲᠦᠷᠭᠡᠨ ᠪᠤᠢ ᠪᠣᠯᠭᠠᠬᠤ ᠬᠡᠷᠡᠭᠲᠡᠢ᠃ ᠰᠢᠶᠠᠨ ᠤ ᠪᠣᠳᠠᠲᠤ ᠪᠠᠶᠢᠳᠠᠯ ᠲᠠᠢ ᠤᠶᠠᠯᠳᠤᠭᠤᠯᠤᠨ᠂ ᠬᠠᠷᠢᠭᠤᠴᠠᠯᠭ᠎ᠠ ᠲᠣᠳᠣᠷᠬᠠᠶ᠂ ᠬᠡᠯᠬᠢᠶ᠎ᠡ ᠪᠦᠷᠢᠨ ᠪᠦᠲᠦᠨ᠂ ᠨᠢᠭᠲᠠ ᠠᠪᠴᠠᠯᠳᠤᠭᠰᠠᠨ ᠥᠭᠡᠷᠡᠴᠢᠯᠡᠯᠲᠡ ᠶᠢᠨ ᠲᠣᠭᠲᠠᠴᠠ ᠶᠢ ᠪᠠᠶᠢᠭᠤᠯᠤᠨ ᠪᠦᠷᠢᠨᠰᠢᠬᠦᠯᠵᠦ᠂ ᠬᠠᠳᠠᠭᠠᠰᠤ ᠬᠠᠳᠠᠬᠤ ᠵᠣᠷᠢᠭ ᠰᠠᠨᠠᠭ᠎ᠠ ᠪᠠᠷ ᠥᠭᠡᠷᠡᠴᠢᠯᠡᠯᠲᠡ ᠶᠢᠨ ᠡᠭᠦᠷᠭᠡ ᠶᠢᠨ ᠨᠠᠶᠢᠳᠠᠪᠤᠷᠢᠵᠢᠭᠤᠯᠤᠯᠲᠠ ᠶᠢ ᠰᠠᠶᠢᠲᠤᠷ ᠠᠳᠬᠤᠵᠤ᠂ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠥᠬᠦ ᠲᠠᠯ᠎ᠠ ᠪᠠᠷ ᠭᠦᠨᠵᠡᠭᠡᠶᠢᠷᠡᠭᠦᠯᠬᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠳᠤᠮᠳᠠ ᠲᠡᠷᠢᠭᠦᠨ ᠳᠤ ᠣᠷᠣᠬᠤ ᠪᠠᠷ ᠡᠷᠡᠯᠬᠡᠭᠯᠡᠨ ᠲᠡᠮᠡᠴᠡᠵᠦ᠂ ᠪᠣᠳᠠᠲᠤ ᠠᠵᠢᠯᠯᠠᠭ᠎ᠠ ᠪᠠᠷ ᠢᠶᠠᠨ ︽ᠬᠤᠶᠠᠷ ᠢ ᠲᠣᠭᠲᠠᠭᠠᠬᠤ︾ ᠶᠢ ᠡᠷᠡᠰ ᠬᠦᠷᠢᠶᠡᠯᠡᠵᠦ᠂ ︽ᠬᠤᠶᠠᠷ ᠢ ᠬᠠᠮᠠᠭᠠᠯᠠᠬᠤ︾ ᠶᠢ ᠡᠷᠡᠰ ᠪᠡᠶᠡᠯᠡᠭᠦᠯᠵᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠳᠤ ᠨᠠᠩ ᠣᠯᠠᠨ ᠱᠠᠩᠳᠤ ᠶᠢᠨ ᠬᠦᠴᠦᠨ ᠴᠢᠳᠠᠯ ᠢᠶᠠᠨ ᠡᠷᠭᠦᠬᠦ ᠬᠡᠷᠡᠭᠲᠡᠶ᠃    ᠪᠥᠬᠦᠳᠡ ᠬᠤᠷᠠᠯ ᠠᠴᠠ᠂ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠲᠤᠬᠠᠶ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠪᠣᠯᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠬᠤᠲᠠ ᠶᠢᠨ ᠨᠠᠮ ᠤᠨ ᠬᠤᠷᠢᠶᠠᠨ ᠤ ᠬᠤᠯᠪᠣᠭᠳᠠᠯ ᠪᠦᠬᠦᠢ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠭᠦᠨᠵᠡᠭᠡᠶ ᠰᠠᠶᠢᠲᠤᠷ ᠲᠤᠭᠤᠰᠢᠯᠠᠭᠤᠯᠵᠤ᠂ ᠦᠵᠡᠯ ᠰᠠᠨᠠᠭ᠎ᠠ ᠪᠣᠯᠤᠨ ᠦᠢᠯᠡ ᠠᠵᠢᠯᠯᠠᠭ᠎ᠠ ᠪᠠᠨ ᠪᠥᠬᠦᠳᠡ ᠬᠤᠷᠠᠯ ᠤᠨ ᠵᠣᠷᠢᠭ ᠰᠠᠨᠠᠭ᠎ᠠ ᠲᠠᠢ ᠦᠨᠡᠨ ᠬᠦ ᠨᠢᠭᠡᠳᠬᠡᠬᠦ ᠬᠡᠷᠡᠭᠲᠡᠶ᠃ ︽ᠲᠠᠪᠤᠨ ᠶᠡᠭᠡ ᠡᠭᠦᠷᠭᠡ︾ ᠶᠢ ᠪᠡᠶᠡᠯᠡᠭᠦᠯᠬᠦ ᠳᠤ ᠠᠰᠢᠭᠲᠠᠢ ᠳᠦᠷᠢᠮ ᠲᠣᠭᠲᠠᠴᠠ ᠶᠢ ᠲᠡᠭᠦᠯᠳᠡᠷᠵᠢᠭᠦᠯᠵᠦ᠂ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢᠨ ︽ᠨᠢᠭᠡ ᠵᠢᠷᠤᠭ︾ ᠤᠨ ᠬᠠᠮᠢᠶᠠᠷᠤᠯᠲᠠ ᠶᠢᠨ ᠰᠢᠰᠲ᠋ᠧᠮ ᠢ ᠨᠠᠶᠢᠳᠠᠪᠤᠷᠢᠵᠢᠭᠤᠯᠵᠤ᠂ ᠡᠬᠡ ᠤᠯᠤᠰ ᠤᠨ ᠤᠮᠠᠷᠠᠲᠤ ᠶᠢᠨ ᠠᠮᠤᠷ ᠲᠦᠪᠰᠢᠨ ᠲᠣᠭᠲᠠᠭᠤᠨ ᠤ ᠬᠠᠯᠬᠠᠪᠴᠢ ᠶᠢ ᠪᠠᠲᠤ ᠴᠣᠭᠴᠠᠯᠠᠬᠤ ᠠᠵᠢᠯ ᠢ ᠠᠬᠢᠭᠤᠯᠬᠤ ᠲᠣᠭᠲᠠᠴᠠ ᠶᠢ ᠪᠦᠷᠢᠨᠰᠢᠭᠦᠯᠵᠦ᠂ ᠰᠢᠨ᠎ᠡ ᠬᠡᠯᠪᠡᠷᠢ ᠶᠢᠨ ᠡᠨᠧᠷᠭᠢ ᠶᠢᠨ ᠰᠢᠰᠲ᠋ᠧᠮ ᠢ ᠲᠦᠷᠭᠡᠨ ᠪᠠᠶᠢᠭᠤᠯᠵᠤ᠂ ᠲᠠᠷᠢᠶᠠᠯᠠᠩ ᠮᠠᠯ ᠠᠵᠤ ᠠᠬᠤᠢ ᠶᠢᠨ ᠬᠥᠭᠵᠢᠯᠲᠡ ᠶᠢᠨ ᠪᠣᠭᠤᠮᠢ ᠬᠢᠵᠠᠭᠠᠷᠯᠠᠯ ᠢ ᠰᠢᠪᠲᠤᠯᠬᠤ ᠠᠵᠢᠯ ᠤᠨ ᠠᠷᠭ᠎ᠠ ᠬᠡᠮᠵᠢᠶ᠎ᠡ ᠶᠢ ᠲᠣᠭᠲᠠᠭᠠᠵᠤ᠂ ᠳᠣᠲᠣᠭᠠᠳᠤ ᠭᠠᠳᠠᠭᠠᠳᠤ ᠠᠷᠠᠯᠵᠢᠶ᠎ᠠ ᠶᠢ ᠨᠢᠭᠡ ᠴᠣᠭᠴᠠᠵᠢᠭᠤᠯᠤᠨ ᠬᠥᠭᠵᠢᠭᠦᠯᠬᠦ ᠠᠵᠢᠯ ᠤᠨ ᠲᠣᠭᠲᠠᠴᠠ ᠶᠢ ᠪᠠᠶᠢᠭᠤᠯᠤᠨ ᠪᠦᠷᠢᠨᠰᠢᠭᠦᠯᠬᠦ ᠬᠡᠷᠡᠭᠲᠡᠢ᠃ ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ ᠠᠵᠢᠯ ᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ ᠲᠦᠷᠢᠮ ᠲᠣᠭᠲᠠᠴᠠ ᠶᠢ ᠪᠦᠷᠢᠨᠰᠢᠬᠦᠯᠵᠤ᠂ ᠨᠠᠮ ᠤᠨ ᠠᠴᠢ ᠳᠤ ᠲᠠᠯᠠᠷᠬᠠᠬᠤ ᠨᠠᠮ ᠤᠨ ᠦᠭᠡ ᠶᠢ ᠰᠣᠨᠣᠰᠬᠤ ᠨᠠᠮ ᠢᠶᠠᠨ ᠳᠠᠭᠠᠬᠤ ᠣᠯᠠᠨ ᠲᠦᠮᠡᠨ ᠤ ᠬᠥᠮᠦᠵᠢᠯ ᠢ ᠪᠠᠶᠢᠩᠭᠤᠵᠢᠭᠤᠯᠤᠨ ᠥᠷᠨᠢᠭᠦᠯᠵᠦ᠂ ᠵᠠᠩ ᠳᠠᠳᠬᠠᠯ ᠢ ᠥᠭᠡᠷᠡᠴᠢᠯᠡᠬᠦ ᠠᠵᠢᠯ ᠢ ᠴᠥᠬᠦᠷᠡᠰᠢ ᠦᠭᠡᠢ ᠠᠳᠬᠤᠬᠤ ᠶᠢ ᠢᠳᠡᠪᠬᠢᠲᠡᠢ ᠠᠬᠢᠭᠤᠯᠵᠤ᠂ ᠦᠨᠳᠦᠰᠦᠨ ᠠᠷᠠᠳ ᠤᠨ ᠠᠮᠢᠳᠤᠷᠠᠯ ᠤᠨ ᠪᠠᠲᠤᠯᠠᠭ᠎ᠠ ᠶᠢᠨ ᠲᠦᠪᠰᠢᠨ ᠢ ᠲᠣᠭᠲᠠᠭᠤᠨ ᠢᠶᠠᠷ ᠳᠡᠭᠡᠭᠰᠢᠯᠡᠭᠦᠯᠬᠦ ᠲᠣᠭᠲᠠᠴᠠ ᠶᠢ ᠲᠡᠭᠦᠯᠳᠡᠷᠵᠢᠭᠦᠯᠵᠦ᠂ ᠶᠡᠷᠦᠩᠬᠡᠶᠢᠯᠡᠨ ᠵᠠᠰᠠᠬᠤ ᠲᠥᠪ ᠤᠨ ᠪᠠᠶᠢᠭᠤᠯᠤᠯᠲᠠ ᠶᠢ ᠴᠢᠩᠭᠠᠳᠬᠠᠬᠤ ᠬᠡᠷᠡᠭᠲᠡᠢ᠃ ᠪᠣᠬᠢᠷᠲᠤᠯ ᠥᠬᠡᠶ ᠳᠤᠤᠷ᠎ᠠ ᠨᠡᠭᠦᠷᠡᠰᠦᠲᠥ᠋ᠷᠥᠭᠴᠢᠲᠦ ᠬᠥᠭᠵᠢᠯᠲᠡ ᠳᠤ ᠨᠠᠩ ᠵᠣᠬᠢᠴᠠᠬᠤ ᠠᠵᠤ ᠦᠢᠯᠡᠰ ᠤᠨ ᠰᠢᠰᠲ᠋ᠧᠮ ᠢ ᠪᠠᠶᠢᠭᠤᠯᠵᠤ᠂ ᠲᠣᠭᠠᠴᠢᠯᠠᠭᠰᠠᠨ ᠣᠶᠤᠨ ᠤ ᠮᠡᠷᠭᠡᠵᠢᠯ᠂ ᠪᠣᠬᠢᠷᠲᠤᠯ ᠥᠬᠡᠶ ᠮᠡᠷᠭᠡᠵᠢᠯ ᠢ ᠲᠦᠷᠭᠡᠳᠬᠡᠨ ᠬᠡᠷᠡᠭᠯᠡᠵᠦ ᠤᠯᠠᠮᠵᠢᠯᠠᠯᠲᠤ ᠠᠵᠤ ᠦᠢᠯᠡᠰ ᠢ ᠥᠭᠡᠷᠡᠴᠢᠯᠡᠨ ᠳᠡᠭᠡᠭᠰᠢᠯᠡᠭᠦᠯᠵᠦ᠂ ︽ᠠᠷᠠᠳ ᠤᠨ ᠡᠵᠡᠩᠨᠡᠯᠲᠡ ᠶᠢᠨ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠶᠢ ᠳᠡᠮᠵᠢᠬᠦ ᠲᠤᠬᠠᠶ ᠰᠠᠨᠠᠯ︾ ᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠬᠥᠬᠡᠬᠤᠲᠠ ᠪᠤᠭᠤᠲᠤ ᠣᠷᠳᠣᠰ ᠤᠯᠠᠭᠠᠨᠴᠠᠪ ᠤᠨ ᠨᠢᠭᠡ ᠴᠣᠭᠴᠠᠵᠢᠭᠰᠠᠨ ᠬᠥᠭᠵᠢᠯᠲᠡ ᠶᠢ ᠳᠡᠮᠵᠢᠬᠦ ᠠᠷᠭ᠎ᠠ ᠬᠡᠮᠵᠢᠶ᠎ᠡ ᠶᠢ ᠭᠦᠨᠵᠡᠭᠡᠶ ᠨᠠᠶᠢᠳᠠᠪᠤᠷᠢᠵᠢᠭᠤᠯᠵᠤ᠂ ᠣᠲᠣ ᠦᠶ᠎ᠡ ᠶᠢᠨ ᠵᠢᠭᠤᠯᠴᠢᠯᠠᠯ ᠤᠨ ᠬᠡᠷᠡᠭᠯᠡᠭᠡᠨ ᠤ ᠦᠢᠯᠡᠴᠢᠯᠡᠭᠡᠨ ᠤ ᠰᠢᠰᠲ᠋ᠧᠮ ᠢ ᠪᠠᠶᠢᠭᠤᠯᠬᠤ ᠬᠡᠷᠡᠭᠲᠡᠶ᠃ ᠰᠢᠶᠠᠨ ᠤ ᠬᠡᠪᠴᠢᠶᠡᠨ ᠤ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠶᠢᠨ ᠪᠠᠶᠢᠭᠤᠯᠤᠯ ᠲᠣᠭᠲᠠᠴᠠ ᠶᠢ ᠪᠦᠷᠢᠯᠳᠦᠭᠦᠯᠵᠦ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠴᠢᠳᠠᠪᠤᠷᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠬᠡᠷᠡᠭᠵᠢᠭᠦᠯᠬᠦ ᠰᠠᠨᠠᠯ ᠢ ᠭᠦᠨᠵᠡᠭᠡᠶ ᠨᠠᠶᠢᠳᠠᠪᠤᠷᠢᠵᠢᠭᠤᠯᠤᠨ᠂ ︽ᠴᠢᠳᠠᠪᠤᠷᠢᠲᠠᠨ ᠴᠢᠳᠠᠪᠤᠷᠢᠲᠠᠨ ᠢᠶᠠᠷ ᠥᠪᠥᠷ ᠮᠣᠩᠭᠤᠯ ᠢᠶᠠᠨ ᠮᠠᠨᠳᠤᠭᠤᠯᠬᠤ︾ ᠢᠨᠵᠧᠨᠧᠷᠢᠩ ᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠰᠢᠨᠵᠢᠯᠡᠬᠦ ᠤᠬᠠᠭᠠᠨ ᠮᠡᠷᠭᠡᠵᠢᠯ ᠢ ᠲᠦᠭᠡᠮᠡᠯᠵᠢᠭᠦᠯᠬᠦ ᠠᠵᠢᠯ ᠤᠨ ᠲᠣᠭᠲᠠᠴᠠ ᠪᠠ ᠰᠢᠰᠲ᠋ᠧᠮ ᠢ ᠲᠡᠭᠦᠯᠳᠡᠷᠵᠢᠭᠦᠯᠬᠦ ᠬᠡᠷᠡᠭᠲᠡᠶ᠃ ᠬᠥᠳᠡᠭᠡ ᠲᠣᠰᠬᠤᠨ ᠢ ᠪᠦᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠲᠦᠷᠢᠮ ᠲᠣᠭᠲᠠᠴᠠ ᠶᠢ ᠪᠦᠷᠢᠨᠰᠢᠬᠦᠯᠵᠦ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠵᠦ᠂ ᠬᠡᠪᠴᠢᠶᠡᠵᠢᠯ ᠤᠨ ᠴᠢᠨᠠᠷᠲᠠᠢ ᠲᠠᠬᠢᠨ ᠶᠠᠳᠠᠭᠤᠷᠠᠬᠤ ᠬᠤᠷᠢᠭ᠎ᠠ ᠱᠤᠭᠤᠮ ᠢ ᠡᠷᠡᠰ ᠰᠠᠬᠢᠵᠤ᠂ ᠰᠢᠨ᠎ᠡ ᠬᠡᠯᠪᠡᠷᠢ ᠶᠢᠨ ᠬᠤᠳᠠ ᠪᠠᠯᠭᠠᠰᠤᠵᠢᠯᠲᠠ ᠪᠣᠯᠤᠨ ᠬᠥᠳᠡᠭᠡ ᠲᠣᠰᠬᠤᠨ ᠢ ᠪᠦᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠬᠤ ᠬᠡᠷᠡᠭᠲᠡᠢ᠃ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠶᠢ ᠤᠷᠮᠠᠰᠢᠭᠤᠯᠤᠨ ᠵᠣᠷᠢᠭᠵᠢᠭᠤᠯᠵᠤ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠬᠤ ᠶᠢ ᠡᠷᠬᠢᠮᠯᠡᠬᠦ ᠲᠦᠷᠢᠮ ᠲᠣᠭᠲᠠᠴᠠ ᠶᠢ ᠪᠠᠶᠢᠭᠤᠯᠵᠤ᠂ ᠨᠠᠮ ᠤᠨ ᠭᠡᠰᠢᠭᠦᠨ ᠺᠠᠳ᠋ᠷᠴᠤᠳ ᠤᠨ ᠦᠨᠳᠦᠰᠦᠨ ᠪᠣᠯᠪᠠᠰᠤᠷᠠᠯ ᠬᠥᠮᠦᠵᠢᠯ ᠤᠨ ᠲᠦᠷᠢᠮ ᠢ ᠪᠠᠶᠢᠭᠤᠯᠤᠨ ᠲᠡᠭᠦᠯᠳᠡᠷᠵᠢᠭᠦᠯᠵᠦ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠦᠷ᠎ᠡ ᠪᠦᠲᠦᠭᠡᠯ ᠢ ᠦᠷᠭᠦᠯᠵᠢᠯᠡᠨ ᠪᠠᠬᠢᠵᠢᠭᠦᠯᠵᠦ᠂ ︽ᠭᠤᠷᠪᠠᠨ ᠤᠯᠠᠨ᠂ ᠭᠤᠷᠪᠠᠨ ᠴᠥᠭᠡᠨ᠂ ᠭᠤᠷᠪᠠᠨ ᠤᠳᠠᠭᠠᠨ︾ ᠠᠰᠠᠭᠤᠳᠠᠯ ᠢ ᠰᠢᠢᠳᠪᠦᠷᠢᠯᠡᠬᠦ ᠤᠷᠳᠤ ᠬᠤᠭᠤᠴᠠᠭᠠᠨ ᠤ ᠪᠦᠲᠦᠮᠵᠢᠲᠡᠢ ᠲᠣᠭᠲᠠᠴᠠ ᠶᠢ ᠪᠦᠷᠢᠨᠰᠢᠬᠦᠯᠵᠦ᠂ ᠰᠢᠶᠠᠨ ᠤ ᠨᠠᠮ ᠤᠨ ᠬᠤᠷᠢᠶᠠᠨ ᠤ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠵᠥᠪᠯᠡᠯ ᠤᠨ ᠲᠦᠷᠦᠭᠦᠯᠡᠨ ᠭᠤᠣᠯᠳᠠᠯᠭ᠎ᠠ ᠲᠠᠢ ᠵᠦᠢᠯᠡᠰ ᠢ ᠠᠳᠬᠤᠬᠤ ᠥᠭᠡᠷᠡᠴᠢᠯᠡᠯᠲᠡ ᠶᠢᠨ ᠲᠣᠭᠲᠠᠴᠠ ᠶᠢ ᠪᠠᠶᠢᠭᠤᠯᠬᠤ ᠬᠡᠷᠡᠭᠲᠡᠢ᠃    ᠪᠦᠬᠦᠳᠡ ᠬᠤᠷᠠᠯ ᠠᠴᠠ᠂ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠪᠠᠷ ᠨᠢᠭᠡᠳᠦᠯᠲᠡᠢ ᠵᠢᠯᠤᠭᠤᠳᠤᠯᠭ᠎ᠠ ᠪᠣᠯᠭᠠᠵᠤ᠂ ︽ᠲᠦᠷᠪᠡᠨ ᠥᠭᠡᠷᠡᠴᠢᠯᠡᠯᠲᠡ︾ ᠶᠢᠨ ᠪᠠᠶᠢᠷᠢᠰᠢᠭᠤᠯᠤᠯᠲᠠ ᠶᠢ ᠰᠦᠪᠡᠭᠴᠢᠯᠡᠨ ᠠᠬᠢᠭᠤᠯᠵᠤ᠂ ︽ᠬᠤᠶᠠᠷ ᠶᠡᠭᠡ ᠶᠠᠪᠤᠳᠠᠯ︾ ᠢ ᠰᠠᠶᠢᠲᠤᠷ ᠬᠢᠬᠦ ᠲᠠᠯ᠎ᠠ ᠪᠠᠷ ᠢᠮᠠᠭᠲᠠ ᠲᠤᠭᠤᠰᠢᠯᠠᠭᠤᠯᠵᠤ᠂ ᠦᠷᠭᠦᠯᠵᠢᠯᠡᠨ ᠬᠦᠴᠦᠯᠡᠬᠦ ᠬᠡᠷᠡᠭᠲᠡᠢ᠃ ᠲᠠᠪᠤᠨ ᠶᠡᠭᠡ ᠡᠭᠦᠷᠭᠡ ᠶᠢ ᠰᠠᠶᠢᠲᠤᠷ ᠪᠡᠶᠡᠯᠡᠭᠦᠯᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠥᠭᠡᠷᠡᠴᠢᠯᠡᠯᠲᠡ ᠶᠢᠨ ᠬᠥᠳᠡᠯᠭᠡᠬᠦ ᠬᠦᠴᠦᠨ ᠢ ᠬᠥᠭᠵᠢᠭᠡᠵᠦ᠂ ᠠᠮᠢ ᠠᠬᠤᠶ ᠶᠢ ᠲᠡᠷᠢᠭᠦᠨ ᠳᠤ ᠲᠠᠯᠪᠢᠬᠤ ᠪᠠᠶᠢᠯᠳᠤᠬᠤ ᠪᠣᠳᠣᠯᠭ᠎ᠠ ᠶᠢᠨ ᠲᠠᠯ᠎ᠠ ᠪᠠᠷ ᠤᠷᠲᠤ ᠬᠤᠭᠤᠴᠠᠭ᠎ᠠ ᠪᠠᠷ ᠴᠢᠷᠮᠠᠶᠢᠵᠤ᠂ ᠠᠮᠤ ᠪᠤᠳᠠᠭᠠᠨ ᠤ ᠠᠮᠤᠷ ᠲᠦᠪᠰᠢᠨ ᠢ ᠪᠠᠲᠤᠯᠠᠬᠤ ᠲᠠᠯ᠎ᠠ ᠪᠠᠷ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠵᠤ᠂ ᠡᠨᠧᠷᠭᠢ ᠶᠢᠨ ᠬᠠᠩᠭᠠᠯᠭ᠎ᠠ ᠶᠢ ᠴᠢᠩᠭᠠᠳᠬᠠᠬᠤ ᠲᠠᠯ᠎ᠠ ᠪᠠᠷ ᠢᠳᠡᠪᠬᠢᠲᠡᠶ ᠪᠠᠷ ᠬᠠᠶᠢᠨ ᠰᠦᠪᠡᠭᠴᠢᠯᠡᠵᠦ᠂ ᠦᠨᠡᠨ ᠬᠦ ᠠᠳᠬᠤᠨ ᠪᠣᠳᠠᠲᠠᠶ ᠠᠵᠢᠯᠯᠠᠵᠤ ᠪᠠᠶᠢᠭᠠᠳ ᠡᠯ᠎ᠡ ᠵᠦᠢᠯ ᠤᠨ ᠠᠵᠢᠯ ᠢ ᠠᠬᠢᠭᠤᠯᠵᠤ᠂ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠦᠢᠯᠡᠳᠪᠦᠷᠢᠯᠡᠯ ᠤᠨ ᠰᠠᠭᠤᠷᠢᠨ ᠭᠠᠵᠠᠷ ᠢ ᠰᠠᠶᠢᠲᠤᠷ ᠪᠠᠶᠢᠭᠤᠯᠵᠤ᠂ ᠤᠮᠠᠷᠠᠰᠢ ᠨᠡᠭᠡᠭᠡᠯᠲᠡ ᠬᠢᠬᠦ ᠪᠠᠬᠢᠯᠡᠯᠲᠡ ᠶᠢ ᠪᠠᠶᠢᠭᠤᠯᠤᠨ᠎ᠠ︔ ᠴᠢᠨᠠᠷ ᠰᠠᠶᠢᠲᠠᠶ ᠠᠵᠤ ᠠᠬᠤᠶ ᠶᠢᠨ ᠬᠥᠭᠵᠢᠯᠲᠡ ᠳᠤ ᠠᠩᠬᠠᠷᠤᠯ ᠢᠶᠠᠨ ᠲᠥᠪᠯᠡᠷᠡᠭᠦᠯᠵᠦ᠂ ᠰᠢᠨ᠎ᠡ ᠶᠢ ᠡᠭᠦᠳᠦᠨ ᠦᠷ᠎ᠡ ᠪᠦᠲᠦᠮᠵᠢ ᠶᠢ ᠳᠡᠭᠡᠭᠰᠢᠯᠡᠭᠦᠯᠬᠦ᠂ ︽ᠨᠢᠭᠡᠳᠦᠭᠡᠷ ᠠᠵᠤ ᠦᠢᠯᠡᠰ︾ ᠤᠨ ᠲᠠᠯ᠎ᠠ ᠪᠠᠷ ᠰᠢᠨ᠎ᠡ ᠶᠢ ᠡᠭᠦᠳᠦᠨ ᠦᠷ᠎ᠡ ᠪᠦᠲᠦᠮᠵᠢ ᠶᠢ ᠨᠡᠮᠡᠭᠳᠡᠭᠦᠯᠬᠦ᠂ ︽ᠬᠤᠶᠠᠳᠤᠭᠠᠷ ᠠᠵᠤ ᠦᠢᠯᠡᠰ︾ ᠤᠨ ᠲᠠᠯ᠎ᠠ ᠪᠠᠷ ᠰᠢᠨ᠎ᠡ ᠶᠢ ᠡᠭᠦᠳᠦᠨ ᠦᠷ᠎ᠡ ᠪᠦᠲᠦᠮᠵᠢ ᠶᠢ ᠨᠡᠮᠡᠭᠳᠡᠭᠦᠯᠬᠦ᠂ ︽ᠬᠤᠶᠠᠳᠤᠭᠠᠷ ᠠᠵᠤ ᠦᠢᠯᠡᠰ︾ ᠤᠨ ᠲᠠᠯ᠎ᠠ ᠪᠠᠷ ᠬᠦᠴᠦ ᠨᠡᠮᠡᠬᠦ ᠶᠢ ᠠᠬᠢᠭᠤᠯᠵᠤ᠂ ᠲᠠᠷᠢᠶᠠᠯᠠᠩ ᠮᠠᠯ ᠠᠵᠤ ᠠᠬᠤᠶ ᠶᠢᠨ ᠬᠡᠯᠬᠢᠶ᠎ᠡ ᠶᠢᠨ ᠰᠦᠷᠦᠭᠵᠢᠯ ᠤᠨ ᠬᠥᠭᠵᠢᠯᠲᠡ᠂ ᠰᠢᠨ᠎ᠡ ᠪᠠᠷ ᠬᠥᠭᠵᠢᠭᠰᠡᠨ ᠠᠵᠤ ᠦᠢᠯᠡᠰ ᠤᠨ ᠡᠪᠡᠷᠰᠢᠶᠡᠯ ᠢ ᠵᠤᠵᠠᠭᠠᠳᠬᠠᠵᠤ᠂ ᠰᠢᠨ᠎ᠡ ᠶᠠᠰᠤ ᠴᠢᠨᠠᠷ ᠤᠨ ᠠᠷᠠᠳ ᠤᠨ ᠠᠮᠢᠳᠤᠷᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠭᠤᠣᠯᠳᠠᠯᠭ᠎ᠠ ᠲᠠᠢ ᠥᠭᠡᠷᠡᠴᠢᠯᠡᠯᠲᠡ ᠶᠢ ᠲᠤᠪᠤᠶᠢᠯᠭᠠᠨ᠂ ᠠᠷᠠᠳ ᠤᠨ ᠠᠮᠢᠳᠤᠷᠠᠯ ᠤᠨ ᠪᠤᠶᠠᠨ ᠵᠢᠷᠭᠠᠯ ᠢ ᠨᠡᠮᠡᠭᠳᠡᠭᠦᠯᠵᠦ᠂ ᠬᠤᠳᠠ ᠬᠥᠳᠡᠭᠡ ᠶᠢ ᠠᠭᠤᠰᠤᠯᠴᠠᠭᠤᠯᠬᠤ ᠰᠢᠰᠲ᠋ᠧᠮ ᠢ ᠲᠡᠭᠦᠯᠳᠡᠷᠵᠢᠭᠦᠯᠬᠦ ᠲᠠᠯ᠎ᠠ ᠪᠠᠷ ᠤᠷᠳᠤ ᠬᠤᠭᠤᠴᠠᠭ᠎ᠠ ᠪᠠᠷ ᠪᠠᠷᠢᠮᠲᠠᠯᠠᠨ᠂ ᠬᠤᠳᠠ ᠬᠥᠳᠡᠭᠡ ᠶᠢ ᠠᠭᠤᠰᠤᠯᠴᠠᠭᠤᠯᠬᠤ ᠲᠠᠯ᠎ᠠ ᠪᠠᠷ ᠪᠦᠬᠦ ᠬᠦᠴᠦᠨ ᠢᠶᠠᠷ ᠢᠶᠠᠨ ᠴᠢᠷᠮᠠᠶᠢᠵᠤ᠂ ᠤᠯᠠᠨ ᠲᠦᠮᠡᠨ ᠤ ᠠᠮᠢᠳᠤᠷᠠᠯ ᠤᠨ ᠬᠡᠷᠡᠭᠴᠡᠭᠡ ᠶᠢ ᠨᠡᠩ ᠰᠠᠶᠢᠲᠤᠷ ᠬᠠᠩᠭᠠᠵᠤ᠂ ᠵᠥᠷᠢᠴᠡᠯ ᠤᠨ ᠴᠢᠳᠠᠪᠤᠷᠢ ᠶᠢ ᠨᠡᠩ ᠰᠠᠶᠢᠲᠤᠷ ᠪᠦᠷᠢᠯᠳᠦᠭᠦᠯᠦᠨ᠂ ᠬᠥᠮᠦᠨ ᠪᠦᠬᠦᠨ ᠬᠠᠷᠢᠭᠤᠴᠠᠯᠭ᠎ᠠ ᠲᠠᠢ᠂ ᠬᠥᠮᠦᠨ ᠪᠦᠬᠦᠨ ᠬᠠᠷᠢᠭᠤᠴᠠᠯᠭ᠎ᠠ ᠪᠠᠨ ᠭᠦᠢᠴᠡᠳᠬᠡᠬᠦ᠂ ᠬᠥᠮᠦᠨ ᠪᠦᠬᠦᠨ ᠡᠳ᠋ᠯᠡᠬᠦ ᠨᠡᠶᠢᠭᠡᠮ ᠤᠨ ᠵᠠᠰᠠᠯᠲᠠ ᠶᠢᠨ ᠬᠠᠮᠲᠤ ᠶᠢᠨ ᠴᠣᠭᠴᠠ ᠶᠢ ᠪᠤᠢ ᠪᠣᠯᠭᠠᠬᠤ ᠬᠡᠷᠡᠭᠲᠡᠢ᠃    ᠪᠥᠬᠦᠳᠡ ᠬᠤᠷᠠᠯ ᠠᠴᠠ᠂ ᠨᠠᠮ ᠤᠨ ᠤᠳᠤᠷᠢᠳᠤᠯᠭ᠎ᠠ ᠪᠣᠯ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠬᠦ ᠲᠠᠯ᠎ᠠ ᠪᠠᠷ ᠭᠦᠨᠵᠡᠭᠡᠶᠢᠷᠡᠭᠦᠯᠬᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠦᠨᠳᠦᠰᠦᠨ ᠪᠠᠲᠤᠯᠠᠭ᠎ᠠ ᠮᠥᠨ᠃ ᠡᠷᠬᠡᠪᠰᠢ ᠰᠢᠨ᠎ᠡ ᠴᠠᠭ ᠦᠶ᠎ᠡ ᠶᠢᠨ ᠨᠠᠮ ᠤᠨ ᠪᠠᠶᠢᠭᠤᠯᠤᠯᠲᠠ ᠶᠢᠨ ᠶᠡᠷᠦᠩᠬᠡᠢ ᠱᠠᠭᠠᠷᠳᠠᠯᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠥᠭᠡᠷᠡᠴᠢᠯᠡᠯᠲᠡ ᠶᠢᠨ ᠵᠣᠷᠢᠭ ᠰᠠᠨᠠᠭ᠎ᠠ ᠪᠣᠯᠤᠨ ᠴᠢᠩᠭ᠎ᠠ ᠪᠠᠷᠢᠮᠵᠢᠶ᠎ᠠ ᠪᠠᠷ ᠨᠠᠮ ᠢ ᠬᠠᠮᠢᠶᠠᠷᠴᠤ ᠨᠠᠮ ᠢ ᠵᠠᠰᠠᠬᠤ ᠶᠢ ᠪᠠᠷᠢᠮᠲᠠᠯᠠᠵᠤ᠂ ᠨᠠᠮ ᠤᠨ ᠥᠪᠡᠷ ᠤᠨ ᠪᠡᠶ᠎ᠡ ᠳᠡᠭᠡᠨ ᠬᠤᠪᠢᠰᠬᠠᠯ ᠬᠢᠬᠦ ᠲᠦᠷᠢᠮ ᠤᠨ ᠵᠢᠷᠤᠮᠵᠢᠯ ᠤᠨ ᠰᠢᠰᠲ᠋ᠧᠮ ᠢ ᠲᠡᠭᠦᠯᠳᠡᠷᠵᠢᠭᠦᠯᠵᠦ᠂ ᠴᠢᠨᠠᠷ ᠰᠠᠶᠢᠲᠠᠢ ᠨᠠᠮ ᠤᠨ ᠪᠠᠶᠢᠭᠤᠯᠤᠯᠲᠠ ᠪᠠᠷ ᠴᠢᠨᠠᠷ ᠰᠠᠶᠢᠲᠠᠢ ᠬᠥᠭᠵᠢᠯᠲᠡ ᠶᠢ ᠪᠠᠲᠤᠯᠠᠬᠤ ᠬᠡᠷᠡᠭᠲᠡᠢ᠃ ᠤᠯᠤᠰ ᠲᠥᠷᠥ ᠪᠠᠷ ᠬᠥᠲᠥᠯᠥᠨ ᠳᠠᠭᠠᠭᠤᠯᠬᠤ ᠶᠢ ᠪᠠᠷᠢᠮᠲᠠᠯᠠᠵᠤ᠂ ᠤᠯᠤᠰ ᠲᠥᠷᠥ ᠶᠢᠨ ᠪᠠᠶᠢᠭᠤᠯᠤᠯᠲᠠ ᠶᠢᠨ ᠦᠨᠳᠦᠰᠦᠨ ᠪᠠᠶᠢᠷᠢ ᠰᠠᠭᠤᠷᠢ ᠶᠢ ᠳᠣᠪᠤᠶᠢᠯᠭᠠᠨ᠂ ᠦᠵᠡᠯ ᠰᠠᠨᠠᠭᠠᠨ ᠤ ᠪᠠᠶᠢᠭᠤᠯᠤᠯᠲᠠ ᠶᠢᠨ ᠦᠨᠳᠦᠰᠦᠨ ᠡᠭᠦᠷᠭᠡ ᠶᠢ ᠰᠠᠶᠢᠲᠤᠷ ᠠᠳᠬᠤᠵᠤ᠂ ᠦᠨᠡᠨ ᠪᠣᠳᠠᠲᠠᠶ ᠥᠭᠡᠷᠡᠴᠢᠯᠡᠯᠲᠡ ᠶᠢᠨ ᠦᠷ᠎ᠡ ᠪᠦᠲᠦᠮᠵᠢ ᠪᠠᠷ ᠱᠠᠩᠳᠤ ᠶᠢᠨ ᠠᠷᠠᠳ ᠲᠦᠮᠡᠨ ᠳᠤ ᠵᠣᠯ ᠵᠢᠷᠭᠠᠯ ᠠᠪᠴᠢᠷᠠᠬᠤ ᠬᠡᠷᠡᠭᠲᠡᠶ︔ ᠤᠯᠤᠰ ᠲᠦᠷᠦ ᠶᠢᠨ ᠴᠢᠳᠠᠮᠵᠢ ᠶᠢ ᠲᠤᠪᠤᠶᠢᠯᠭᠠᠨ᠂ ᠦᠨᠳᠦᠰᠦᠨ ᠱᠠᠲᠤᠨ ᠤ ᠰᠠᠭᠤᠷᠢ ᠶᠢ ᠪᠦᠬᠦ ᠲᠠᠯ᠎ᠠ ᠪᠠᠷ ᠪᠠᠬᠢᠵᠢᠭᠦᠯᠵᠦ᠂ ᠴᠠᠭᠠᠷᠠᠭᠰᠠᠨ ᠺᠠᠳ᠋ᠷ ᠤᠨ ᠡᠩᠨᠡᠭᠡ ᠶᠢ ᠳᠠᠪᠲᠠᠨ ᠪᠣᠯᠪᠠᠰᠤᠷᠠᠭᠤᠯᠵᠤ᠂ ᠪᠣᠳᠠᠲᠠᠢ ᠶᠢ ᠡᠷᠬᠢᠮᠯᠡᠨ ᠥᠭᠡᠳᠡᠯᠡᠨ ᠲᠠᠪᠰᠢᠬᠤ ᠠᠵᠢᠯ ᠬᠢᠬᠦ ᠠᠭᠤᠷ ᠠᠮᠢᠰᠬᠤᠯ ᠢᠶᠠᠷ ᠱᠠᠩᠳᠤ ᠶᠢᠨ ᠠᠷᠠᠳ ᠲᠦᠮᠡᠨ ᠳᠤ ᠦᠢᠯᠡᠴᠢᠯᠡᠬᠦ ᠬᠡᠷᠡᠭᠲᠡᠶ︔ ᠤᠯᠤᠰ ᠲᠦᠷᠦ ᠶᠢᠨ ᠠᠮᠢ ᠠᠬᠤᠢ ᠶᠢ ᠪᠠᠬᠢᠵᠢᠭᠦᠯᠵᠦ᠂ ᠭᠤᠣᠯᠳᠠᠯᠭ᠎ᠠ ᠲᠠᠢ ᠬᠦᠷᠢᠶᠡᠨ ᠤ ᠬᠢᠨᠠᠯᠲᠠ ᠬᠠᠮᠢᠶᠠᠷᠤᠯᠲᠠ ᠶᠢ ᠰᠠᠶᠢᠲᠤᠷ ᠠᠳᠬᠤᠵᠤ᠂ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠶᠢ ᠴᠢᠩᠭᠠᠳᠬᠠᠵᠤ᠂ ᠠᠷᠢᠭᠤᠨ ᠴᠢᠬᠡᠴᠢ ᠰᠢᠨ᠎ᠡ ᠨᠠᠮ ᠤᠨ ᠰᠤᠷᠲᠠᠯ ᠵᠠᠰᠠᠭ ᠤᠨ ᠰᠤᠷᠲᠠᠯ ᠢᠶᠠᠷ ᠱᠠᠩᠳᠤ ᠶᠢᠨ ᠠᠷᠠᠳ ᠲᠦᠮᠡᠨ ᠢ ᠢᠲᠡᠭᠡᠬᠦ ᠬᠡᠷᠡᠭᠲᠡᠢ᠃    ᠪᠦᠬᠦᠳᠡ ᠬᠤᠷᠠᠯ ᠠᠴᠠ᠂ ᠪᠦᠬᠦ ᠰᠢᠶᠠᠨ ᠤ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠪᠣᠯᠤᠨ ᠥᠷᠭᠡᠨ ᠤᠯᠠᠨ ᠨᠠᠮ ᠤᠨ ᠭᠡᠰᠢᠭᠦᠨ ᠺᠠᠳ᠋ᠷ ᠤᠯᠠᠨ ᠲᠦᠮᠡᠨ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ ᠲᠣᠭᠤᠷᠢᠨ ᠳᠤ ᠨᠡᠩ ᠨᠢᠭᠲᠠᠷᠠᠨ ᠪᠦᠯᠬᠦᠮᠳᠡᠵᠦ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠬᠤᠳᠠ ᠶᠢᠨ ᠨᠠᠮ ᠤᠨ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠦᠨᠡᠨ ᠢ ᠪᠠᠷᠢᠮᠲᠠᠯᠠᠨ ᠲᠡᠷᠢᠭᠦᠨ ᠤ ᠬᠢ ᠶᠢ ᠲᠡᠮᠡᠴᠡᠵᠦ᠂ ᠡᠷᠡᠯᠬᠡᠭᠯᠡᠨ ᠲᠡᠮᠡᠴᠡᠵᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠳᠤ ᠨᠡᠩ ᠰᠦᠷᠯᠢᠭ ᠰᠠᠶᠢᠬᠠᠨ ᠱᠠᠩᠳᠤ ᠶᠢᠨ ᠬᠠᠭᠤᠳᠠᠰᠤ ᠶᠢ ᠪᠢᠴᠢᠭᠯᠡᠶ᠎ᠡ ᠭᠡᠵᠦ ᠤᠷᠢᠶᠠᠯᠠᠪᠠ︕ᠣᠷᠴᠢᠭᠤᠯᠣᠭᠴᠢ᠄  ᠬᠠᠨᠠᠭᠠᠷ
 
ᠢᠷᠡᠯᠲᠡ᠄ ᠱᠠᠩᠳᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004288号-2