ᠳᠤᠮᠳᠠᠳᠤ ᠤᠯᠤᠰ ᠤᠨ ᠡᠪ ᠬᠠᠮᠲᠤ ᠨᠠᠮ ᠤᠨ ᠱᠠᠩᠳᠤ ᠰᠢᠶᠠᠨ ᠤ ᠠᠷᠪᠠᠨ ᠳᠥᠷᠪᠡᠳᠦᠭᠡᠷ ᠬᠤᠭᠤᠴᠠᠭᠠᠨ ᠤ ᠬᠤᠷᠢᠶᠠᠨ ᠤ ᠠᠷᠪᠠᠨ ᠲᠠᠪᠤᠳᠤᠭᠠᠷ ᠪᠥᠬᠦᠳᠡ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2024/8/30
   8 ᠰᠠᠷ᠎ᠠ ᠶᠢᠨ 14 ᠤ ᠡᠳᠦᠷ ᠤᠨ ᠦᠳᠡ ᠶᠢᠨ ᠡᠮᠦᠨ᠎ᠡ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠱᠠᠩᠳᠤ ᠰᠢᠶᠠᠨ ᠤ ᠠᠷᠪᠠᠨ ᠳᠥᠷᠪᠡᠳᠦᠭᠡᠷ ᠬᠤᠭᠤᠴᠠᠭᠠᠨ ᠤ ᠬᠤᠷᠢᠶᠠᠨ ᠤ ᠠᠷᠪᠠᠨ ᠲᠠᠪᠤᠳᠤᠭᠠᠷ ᠪᠦᠬᠦᠳᠡ ᠬᠤᠷᠠᠯ ᠬᠤᠷᠠᠯᠳᠤᠪᠠ᠃    ᠤᠯᠠᠭᠠᠨᠴᠠᠪ ᠬᠤᠳᠠ ᠶᠢᠨ ᠳᠡᠳ᠋ ᠳᠠᠷᠤᠭ᠎ᠠ ᠪᠠᠷ ᠨᠡᠷ᠎ᠡ ᠳᠤᠷᠠᠳᠤᠭᠳᠠᠭᠰᠠᠨ ᠵᠢᠱᠢᠭᠳᠡᠭᠴᠢ᠂ ᠱᠠᠩᠳᠤ ᠰᠢᠶᠠᠨ ᠤ ᠨᠠᠮ ᠤᠨ ᠬᠤᠷᠢᠶᠠᠨ ᠤ ᠱᠦᠵᠢ ᠭᠤᠤ ᠶᠦᠩ ᠪᠢᠨ ᠬᠤᠷᠠᠯ ᠢ ᠡᠷᠬᠢᠯᠡᠭᠰᠡᠨ ᠪᠥᠭᠡᠳ ᠶᠠᠷᠢᠶ᠎ᠠ ᠲᠠᠯᠪᠢᠵᠤ᠂ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶ᠎ᠠ ᠶᠢ ᠲᠥᠯᠥᠭᠡᠯᠡᠨ ᠪᠦᠬᠦᠳᠠ ᠬᠤᠷᠠᠯ ᠳᠤ ᠠᠵᠢᠯ ᠢᠶᠠᠨ ᠮᠡᠳᠡᠭᠦᠯᠬᠦ ᠶᠢᠨ ᠬᠠᠮᠲᠤ ︽ᠨᠠᠮ ᠤᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠲᠤᠬᠠᠢ ᠱᠠᠩᠳᠤ ᠰᠢᠶᠠᠨ ᠤ ᠨᠠᠮ ᠤᠨ ᠬᠤᠷᠢᠶᠠᠨ ᠤ ᠰᠠᠨᠠᠯ ︵ᠶᠠᠷᠢᠯᠴᠠᠬᠤ ᠨᠤᠤᠷᠠᠭ︶︾ ᠤᠨ ᠲᠤᠬᠠᠢ ᠲᠣᠳᠣᠷᠬᠠᠶᠢᠯᠠᠯᠲᠠ ᠬᠢᠪᠡ᠃ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠰᠢᠶᠠᠨ ᠤ ᠳᠠᠷᠤᠭ᠎ᠠ ᠶᠠᠩ ᠸᠧᠨ ᠾᠦᠢ ᠣᠷᠣᠯᠴᠠᠪᠠ᠃    ᠡᠨᠡ ᠤᠳᠠᠭ᠎ᠠ ᠶᠢᠨ ᠪᠦᠬᠦᠳᠡ ᠬᠤᠷᠠᠯ ᠤᠨ ᠭᠤᠣᠯ ᠡᠭᠦᠷᠭᠡ ᠪᠣᠯ ᠨᠠᠮ ᠤᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠰᠤᠷᠤᠯᠴᠠᠨ ᠲᠤᠭᠤᠰᠢᠯᠠᠭᠤᠯᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠠᠷᠪᠠᠨ ᠨᠢᠭᠡᠳᠦᠭᠡᠷ ᠬᠤᠭᠤᠴᠠᠭᠠᠨ ᠤ ᠨᠠᠢᠮᠠᠳᠤᠭᠠᠷ ᠪᠦᠬᠦᠳᠡ ᠬᠤᠷᠠᠯ᠂ ᠬᠤᠳᠠ ᠶᠢᠨ ᠨᠠᠮ ᠤᠨ ᠬᠤᠷᠢᠶ᠎ᠠ ᠶᠢᠨ ᠲᠠᠪᠤᠳᠤᠭᠠᠷ ᠬᠤᠭᠤᠴᠠᠭᠠᠨ ᠤ ᠨᠠᠢᠮᠠᠳᠤᠭᠠᠷ ᠪᠦᠬᠦᠳᠡ ᠬᠤᠷᠠᠯ ᠤᠨ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ︽ᠱᠠᠩᠳᠤ ᠰᠢᠶᠠᠨ ᠤ ᠨᠠᠮ ᠤᠨ ᠬᠤᠷᠢᠶ᠎ᠠ ᠶᠢᠨ ᠨᠠᠮ ᠤᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠲᠤᠬᠠᠢ ᠰᠠᠨᠠᠯ︾ ᠢ ᠬᠢᠨᠠᠨ ᠵᠥᠪᠯᠡᠵᠦ᠂ ᠰᠢᠶᠠᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠶᠢᠨ ᠳᠡᠭᠡᠷ᠎ᠡ ᠬᠠᠭᠠᠰ ᠵᠢᠯ ᠤᠨ ᠠᠵᠢᠯ ᠤᠨ ᠮᠡᠳᠡᠭᠦᠯᠦᠯᠲᠡ ᠶᠢ ᠰᠣᠨᠣᠰᠴᠤ᠂ ᠳᠣᠣᠷ᠎ᠠ ᠬᠠᠭᠠᠰ ᠵᠢᠯ ᠤᠨ ᠭᠤᠣᠯᠳᠠᠯᠭ᠎ᠠ ᠲᠠᠢ ᠠᠵᠢᠯ ᠢ ᠲᠤᠬᠢᠷᠠᠭᠤᠯᠤᠨ ᠪᠠᠶᠢᠷᠢᠯᠠᠭᠤᠯᠵᠤ᠂ ᠪᠦᠬᠦ ᠰᠢᠶᠠᠨ ᠤ ᠳᠡᠭᠡᠳᠦ ᠲᠤᠤᠷᠠᠳᠤ ᠱᠠᠳᠤ ᠶᠢ ᠳᠠᠶᠢᠴᠢᠯᠠᠨ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠲᠠᠢ ᠨᠢᠭᠲᠠ ᠤᠶᠠᠯᠳᠤᠭᠤᠯᠤᠨ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠪᠦᠬᠦ ᠲᠠᠯ᠎ᠠ ᠪᠠᠷ ᠠᠬᠢᠭᠤᠯᠬᠤ ᠰᠢᠨ᠎ᠡ ᠱᠠᠩᠳᠦ ᠵᠦᠭ ᠡᠷᠡᠯᠬᠡᠭᠯᠡᠨ ᠤᠷᠤᠭᠰᠢᠯᠠᠨ᠎ᠠ᠃  
 
ᠢᠷᠡᠯᠲᠡ᠄ ᠱᠠᠩᠳᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004288号-2