ᠡᠷᠡᠭᠦᠦ ᠶᠢᠨ ᠬᠠᠤᠯᠢ ᠴᠠᠭᠠᠵᠠ ᠶᠢᠨ ᠳᠤᠰᠠᠯᠠᠮᠵᠢ ᠶᠢᠨ ᠬᠡᠷᠡᠭ ᠤᠨ ᠬᠢᠨᠠᠬᠦ
ᠨᠡᠶᠢᠲᠡᠯᠡᠭᠰᠡᠨ ᠴᠠᠭ᠄
2024/8/30
   ᠠᠰᠠᠭᠤᠨ ᠯᠠᠪᠯᠠᠬᠤ ᠤᠲᠠᠰᠤ    0474-6912348,0474-12345    ᠬᠢᠨᠠᠯᠲᠠ ᠲᠠᠯᠪᠢᠵᠤ ᠵᠠᠭᠠᠯᠳᠤᠭᠤᠯᠬᠤ ᠠᠷᠭ᠎ᠠ ᠮᠠᠶ᠋ᠢᠭ    0474-12345    ᠲᠠᠨᠢᠯᠴᠠᠭᠤᠯᠬᠤ ᠦᠢᠯᠡᠴᠢᠯᠡᠭᠡ    ᠱᠠᠩᠳᠤ ᠰᠢᠶᠠᠨ ᠤ ᠴᠢ ᠲᠠᠢ ᠪᠠᠯᠭᠠᠰᠤᠨ ᠤ ᠱᠠᠩ ᠳ᠋ᠠ ᠵᠠᠰᠠᠮᠠᠯ ᠵᠠᠮ ᠤᠨ 500 ᠮᠧᠳ᠋ᠷ ᠤᠨ ᠭᠠᠵᠠᠷ ᠤᠨ ᠵᠠᠮ ᠤᠨ ᠬᠤᠶᠢᠲᠤ ᠬᠠᠤᠯᠢ ᠴᠠᠭᠠᠵᠠ ᠶᠢᠨ ᠲᠣᠪᠴᠢᠶ᠎ᠠ ᠶᠢᠨ ᠨᠢᠭᠡᠳᠦᠭᠡᠷ ᠳᠠᠪᠬᠤᠷᠯᠢᠭ ᠤᠨ ᠪᠠᠷᠠᠭᠤᠨ ᠲᠠᠯ᠎ᠠ ᠶᠢᠨ ᠱᠠᠩᠳᠤ ᠰᠢᠶᠠᠨ ᠤ ᠬᠠᠤᠯᠢ ᠴᠠᠭᠠᠵᠠ ᠶᠢᠨ ᠲᠤᠰᠠᠯᠠᠮᠵᠢ ᠶᠢᠨ ᠲᠥᠪ    ᠭᠦᠢᠴᠡᠳᠭᠡᠬᠦ ᠴᠠᠭ ᠨᠢ ᠭᠠᠷᠠᠭ ᠤᠨ ᠨᠢᠭᠡᠨ ᠠᠴᠠ ᠭᠠᠷᠠᠭ ᠤᠨ ᠲᠠᠪᠤᠨ ᠤ ᠦᠳᠡ ᠶᠢᠨ ᠡᠮᠦᠨ᠎ᠡ 09᠄ 00-12᠄ 00 ᠦᠳᠡ ᠶᠢᠨ ᠬᠤᠶᠢᠨ᠎ᠠ 14᠄ 30-18᠄ 00    ᠬᠦᠯᠢᠶᠡᠨ ᠠᠪᠴᠤ ᠰᠢᠢᠳᠪᠦᠷᠢᠯᠡᠬᠦ ᠨᠦᠬᠦᠴᠡᠯ    ᠵᠠᠷᠢᠮ ᠴᠢᠳᠠᠪᠤᠷᠢ ᠪᠠᠷ ᠲᠤᠳᠠᠮᠠᠭ ᠠᠵᠤ ᠠᠬᠤᠢ ᠬᠦᠴᠢᠷᠳᠡᠯᠳᠠᠢ ᠤᠨᠴᠠ ᠵᠠᠷᠢᠮ ᠲᠤᠬᠠᠢ ᠶᠢᠨ ᠬᠦᠮᠦᠨ    ᠪᠠᠶᠢᠷᠢᠯᠠᠭᠤᠯᠤᠭᠰᠠᠨ ᠦᠨᠳᠦᠰᠦ ᠪᠠᠷᠢᠮᠲᠠ    【 ᠵᠠᠰᠠᠭ ᠵᠠᠬᠢᠷᠭᠠᠨ ᠤ ᠬᠠᠣᠯᠢ ᠲᠤᠭᠳᠠᠭᠠᠯ 】 ︽ᠬᠠᠤᠯᠢ ᠴᠠᠭᠠᠵᠠ ᠶᠢᠨ ᠲᠤᠰᠠᠯᠠᠮᠵᠢ ᠶᠢᠨ ᠳᠦᠷᠢᠮ︾ ︵ᠲᠥᠷᠥ ᠶᠢᠨ ᠶᠠᠪᠤᠳᠠᠯ ᠤᠨ ᠬᠤᠷᠢᠶᠠᠨ ᠤ ᠵᠠᠷᠯᠢᠭ 385 ᠳ᠋ᠤᠭᠠᠷ ᠲᠣᠭᠠᠲᠤ︶    ᠠᠷᠪᠠᠨ ᠨᠠᠶ᠋ᠮᠠᠳᠤᠭᠠᠷ ᠵᠦᠢᠯ ᠬᠠᠤᠯᠢ ᠴᠠᠭᠠᠵᠠ ᠶᠢᠨ ᠲᠤᠰᠠᠯᠠᠮᠵᠢ ᠶᠢᠨ ᠪᠠᠶᠢᠭᠤᠯᠤᠮᠵᠢ ᠬᠠᠤᠯᠢ ᠴᠠᠭᠠᠵᠠ ᠶᠢᠨ ᠲᠤᠰᠠᠯᠠᠮᠵᠢ ᠦᠵᠡᠭᠦᠯᠬᠦ ᠭᠤᠶᠤᠴᠢᠯᠠᠯ ᠢ ᠣᠯᠤᠭᠰᠠᠨ ᠤ ᠳᠠᠷᠠᠭ᠎ᠠ ᠬᠢᠨᠠᠨ ᠪᠠᠶᠢᠴᠠᠭᠠᠬᠤ ᠬᠡᠷᠡᠭᠲᠡᠶ︔ ᠭᠤᠶᠤᠴᠢᠯᠠᠭᠴᠢ ᠶᠢᠨ ᠲᠤᠰᠢᠶᠠᠭᠰᠠᠨ ᠦᠨᠡᠮᠯᠡᠯ᠂ ᠭᠡᠷᠡᠴᠢᠯᠡᠬᠦ ᠮᠠᠲ᠋ᠧᠷᠢᠶᠠᠯ ᠨᠢ ᠪᠦᠷᠢᠨ ᠪᠤᠰᠤ ᠭᠡᠵᠦ ᠦᠵᠡᠪᠡᠯ᠂ ᠭᠤᠶᠤᠴᠢᠯᠠᠭᠴᠢ ᠳᠤ ᠴᠢᠬᠤᠯᠠ ᠪᠦᠬᠦᠢ ᠨᠥᠬᠦᠪᠥᠷᠢ ᠪᠤᠶᠤ ᠲᠣᠳᠣᠷᠬᠠᠶᠢᠯᠠᠯᠲᠠ ᠬᠢᠯᠭᠡᠭᠰᠡᠨ ᠦᠭᠡᠶ ᠪᠥᠭᠡᠳ ᠭᠤᠶᠤᠴᠢᠯᠠᠭᠴᠢ ᠠᠴᠠ ᠱᠠᠭᠠᠷᠳᠠᠯᠭ᠎ᠠ ᠶᠣᠰᠣᠭᠠᠷ ᠨᠥᠬᠦᠪᠥᠷᠢ ᠪᠤᠶᠤ ᠲᠣᠳᠣᠷᠬᠠᠶᠢᠯᠠᠯᠲᠠ ᠬᠢᠭᠰᠡᠨ ᠦᠭᠡᠶ ᠪᠥᠭᠡᠳ ᠭᠤᠶᠤᠴᠢᠯᠠᠯ ᠢ ᠨᠢ ᠬᠦᠴᠦᠨ ᠦᠭᠡᠶ ᠪᠣᠯᠭᠠᠭᠰᠠᠨ ᠢᠶᠠᠷ ᠦᠵᠡᠵᠦ ᠪᠣᠯᠤᠨ᠎ᠠ︔ ᠭᠤᠶᠤᠴᠢᠯᠠᠭᠴᠢ ᠶᠢᠨ ᠲᠤᠰᠢᠶᠠᠭᠰᠠᠨ ᠦᠨᠡᠮᠯᠡᠯ᠂ ᠭᠡᠷᠡᠴᠢᠯᠡᠬᠦ ᠮᠠᠲ᠋ᠧᠷᠢᠶᠠᠯ ᠨᠢ ᠪᠠᠶᠢᠴᠠᠭᠠᠨ ᠭᠡᠷᠡᠴᠢᠯᠡᠬᠦ ᠴᠢᠬᠤᠯᠠ ᠲᠠᠢ ᠭᠡᠵᠦ ᠦᠵᠡᠪᠡᠯ᠂ ᠬᠠᠤᠯᠢ ᠴᠠᠭᠠᠵᠠ ᠶᠢᠨ ᠲᠤᠰᠠᠯᠠᠮᠵᠢ ᠶᠢᠨ ᠪᠠᠶᠢᠭᠤᠯᠤᠮᠵᠢ ᠠᠴᠠ ᠬᠤᠯᠪᠣᠭᠳᠠᠯ ᠪᠦᠬᠦᠢ ᠪᠠᠶᠢᠭᠤᠯᠭ᠎ᠠ᠂ ᠨᠢᠭᠡᠴᠡ ᠠᠴᠠ ᠪᠠᠶᠢᠴᠠᠭᠠᠨ ᠲᠣᠳᠣᠯᠠᠬᠤ ᠬᠡᠷᠡᠭᠲᠡᠶ᠃    ᠬᠠᠤᠯᠢ ᠴᠠᠭᠠᠵᠠ ᠶᠢᠨ ᠲᠤᠰᠠᠯᠠᠮᠵᠢ ᠶᠢᠨ ᠨᠥᠬᠦᠴᠡᠯ ᠳᠤ ᠨᠡᠶᠢᠴᠡᠬᠦ ᠳᠤᠨᠢ ᠬᠠᠤᠯᠢ ᠴᠠᠭᠠᠵᠠ ᠶᠢᠨ ᠲᠤᠰᠠᠯᠠᠮᠵᠢ ᠶᠢᠨ ᠪᠠᠶᠢᠭᠤᠯᠤᠮᠵᠢ ᠠᠴᠠ ᠴᠠᠭ ᠲᠤᠬᠠᠶ ᠳᠤᠨᠢ ᠬᠠᠤᠯᠢ ᠴᠠᠭᠠᠵᠠ ᠶᠢᠨ ᠲᠤᠰᠠᠯᠠᠮᠵᠢ ᠬᠠᠩᠭᠠᠬᠤ ᠬᠡᠷᠡᠭᠲᠡᠶ ᠬᠠᠤᠯᠢ ᠴᠠᠭᠠᠵᠠ ᠶᠢᠨ ᠲᠤᠰᠠᠯᠠᠮᠵᠢ ᠶᠢᠨ ᠨᠥᠬᠦᠴᠡᠯ ᠳᠤ ᠨᠡᠶᠢᠴᠡᠬᠦ ᠦᠭᠡᠶ ᠪᠣᠯ ᠭᠤᠶᠤᠴᠢᠯᠠᠭᠴᠢ ᠳᠤ ᠪᠢᠴᠢᠭ ᠢᠶᠠᠷ ᠮᠡᠳᠡᠭᠳᠡᠬᠦ ᠬᠡᠷᠡᠭᠲᠡᠶ᠃    ᠨᠦᠬᠦᠪᠦᠷᠢ ᠲᠣᠬᠢᠷᠠᠭᠤᠯᠭ᠎ᠠ    【 ᠬᠠᠤᠯᠢ ᠴᠠᠭᠠᠵᠠ 】 ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠠᠤᠯᠢ ᠴᠠᠭᠠᠵᠠ ᠶᠢᠨ ᠲᠤᠰᠠᠯᠠᠮᠵᠢ ᠶᠢᠨ ᠬᠠᠤᠯᠢ︾ ︵2021 ᠣᠨ ᠳᠤ ᠪᠠᠲᠤᠯᠠᠪᠠ︶    ᠬᠤᠷᠢᠨ ᠬᠤᠶᠠᠳᠤᠭᠠᠷ ᠵᠦᠢᠯ ᠬᠠᠤᠯᠢ ᠴᠠᠭᠠᠵᠠ ᠶᠢᠨ ᠲᠤᠰᠠᠯᠠᠮᠵᠢ ᠶᠢᠨ ᠪᠠᠶᠢᠭᠤᠯᠤᠮᠵᠢ ᠬᠠᠤᠯᠢ ᠴᠠᠭᠠᠵᠠ ᠶᠢᠨ ᠲᠤᠰᠠᠯᠠᠮᠵᠢ ᠶᠢᠨ ᠠᠵᠢᠯᠲᠠᠨ ᠢ ᠵᠣᠬᠢᠶᠠᠨ ᠪᠠᠶᠢᠭᠤᠯᠵᠤ ᠳᠣᠤᠷᠠᠬᠢ ᠮᠡᠲᠦ ᠬᠡᠯᠪᠡᠷᠢ ᠶᠢᠨ ᠬᠠᠤᠯᠢ ᠴᠠᠭᠠᠵᠠ ᠶᠢᠨ ᠲᠤᠰᠠᠯᠠᠮᠵᠢ ᠶᠢᠨ ᠦᠢᠯᠡᠴᠢᠯᠡᠭᠡ ᠶᠢ ᠬᠠᠤᠯᠢ ᠶᠣᠰᠣᠭᠠᠷ ᠬᠠᠩᠭᠠᠵᠤ ᠪᠣᠯᠤᠨ᠎ᠠ᠄    ︵ᠨᠢᠭᠡ︶ ᠬᠠᠤᠯᠢ ᠴᠠᠭᠠᠵᠠ ᠶᠢᠨ ᠵᠥᠪᠯᠡᠯᠭᠡ    ︵ᠬᠤᠶᠠᠷ︶ ᠣᠷᠣᠯᠠᠨ ᠲᠣᠭᠲᠠᠭᠠᠭᠰᠠᠨ ᠬᠠᠤᠯᠢ ᠴᠠᠭᠠᠵᠠ ᠶᠢᠨ ᠪᠢᠴᠢᠭ ᠬᠠᠷ᠎ᠠ    ︵ᠭᠤᠷᠪᠠ︶ ᠡᠷᠡᠭᠦᠦ ᠶᠢᠨ ᠬᠡᠷᠡᠭ ᠤᠨ ᠦᠮᠦᠭᠯᠡᠯᠲᠡ ᠪᠠ ᠣᠷᠣᠯᠠᠯᠲᠠ︔    ︵ᠲᠦᠷᠪᠡ︶ ᠢᠷᠭᠡᠨ ᠤ ᠬᠡᠷᠡᠭ᠂ ᠵᠠᠰᠠᠭ ᠵᠠᠬᠢᠷᠭᠠᠨ ᠤ ᠬᠡᠷᠡᠭ᠂ ᠤᠯᠤᠰ ᠤᠨ ᠲᠥᠯᠥᠪᠦᠷᠢ ᠶᠢᠨ ᠬᠡᠷᠡᠭ ᠤᠨ ᠵᠠᠷᠭᠤᠯᠳᠤᠭᠠᠨ ᠤ ᠣᠷᠣᠯᠠᠭᠴᠢ ᠵᠢᠴᠢ ᠦᠯᠦ ᠵᠠᠷᠭᠤᠯᠳᠤᠬᠤ ᠣᠷᠣᠯᠠᠭᠴᠢ    ︵ᠲᠠᠪᠤ︶ ᠵᠢᠵᠢᠭᠦᠷᠯᠡᠬᠦ ᠬᠠᠤᠯᠢᠴᠢ ᠶᠢᠨ ᠬᠠᠤᠯᠢ ᠴᠠᠭᠠᠵᠠ ᠶᠢᠨ ᠬᠠᠪᠰᠤᠷᠤᠯᠭ᠎ᠠ︔    ︵ᠵᠢᠷᠭᠤᠭ᠎ᠠ︶ ᠬᠥᠳᠡᠯᠮᠦᠷᠢ ᠶᠢᠨ ᠮᠠᠷᠭᠤᠯᠳᠤᠭᠠᠨ ᠢ ᠡᠶᠡᠳᠡᠭᠦᠯᠬᠦ ᠪᠠ ᠬᠥᠨᠳᠡᠯᠡᠨ ᠠᠴᠠ ᠲᠠᠰᠤᠯᠬᠤ ᠶᠢ ᠣᠷᠣᠯᠠᠭᠤᠯᠤᠨ᠎ᠠ︔    ︵ᠳᠤᠯᠤᠭ᠎ᠠ︶ ᠬᠠᠤᠯᠢ ᠴᠠᠭᠠᠵᠠ᠂ ᠬᠠᠤᠯᠢ ᠲᠣᠭᠲᠠᠭᠠᠯ᠂ ᠳᠦᠷᠢᠮ ᠳᠤ ᠲᠣᠭᠲᠠᠭᠠᠭᠰᠠᠨ ᠪᠤᠰᠤᠳ ᠬᠡᠯᠪᠡᠷᠢ᠃
 
ᠢᠷᠡᠯᠲᠡ᠄ ᠱᠠᠩᠳᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004288号-2