ᠱᠠᠩᠳᠤ ᠰᠢᠶᠠᠨ ᠤ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠬᠤᠷᠢᠨ ᠨᠢᠭᠡᠳᠦᠭᠡᠷ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2024/8/30
  8 ᠰᠠᠷ᠎ᠠ ᠶᠢᠨ 29 ᠤ ᠡᠳᠦᠷ᠂ ᠱᠠᠩᠳᠤ ᠰᠢᠶᠠᠨ ᠤ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠬᠤᠷᠢᠨ ᠨᠢᠭᠡᠳᠦᠭᠡᠷ ᠬᠤᠷᠠᠯ ᠬᠤᠷᠠᠯᠳᠤᠭᠤᠯᠪᠠ᠃ ᠰᠢᠶᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠭᠦᠸᠧ ᠱᠸᠤ ᠢᠦᠢ ᠬᠤᠷᠠᠯ ᠢ ᠡᠷᠬᠢᠯᠡᠵᠦ᠂ ᠳᠡᠳ᠋ ᠡᠷᠬᠢᠯᠡᠭᠴᠢ ᠵᠠᠩ ᠰᠢᠶᠤᠤ ᠯᠢᠩ᠂ ᠼᠤᠤ ᠵᠢᠶᠦ᠋ᠨ᠂ ᠶᠧ ᠱᠢ ᠬᠠᠢ ᠬᠤᠷᠠᠯ ᠳᠤ ᠣᠷᠣᠯᠴᠠᠪᠠ᠃    ᠰᠢᠶᠠᠨ ᠤ ᠤᠳᠤᠷᠢᠳᠤᠯᠭ᠎ᠠ ᠰᠢᠶᠦ᠋ᠩ ᠸᠧᠢ ᠵᠢᠴᠢ ᠰᠢᠶᠠᠨ ᠤ ᠰᠠᠬᠢᠯᠭ᠎ᠠ ᠪᠠᠲᠤ ᠪᠠᠶᠢᠴᠠᠭᠠᠬᠤ᠂ ᠰᠢᠶᠠᠨ ᠤ ᠠᠷᠠᠳ ᠤᠨ ᠰᠢᠭᠦᠬᠦ ᠬᠤᠷᠢᠶ᠎ᠠ᠂ ᠰᠢᠶᠠᠨ ᠤ ᠠᠷᠠᠳ ᠤᠨ ᠪᠠᠶᠢᠴᠠᠭᠠᠬᠤ ᠬᠤᠷᠢᠶᠠᠨ ᠤ ᠬᠤᠯᠪᠣᠭᠳᠠᠯ ᠪᠦᠬᠦᠢ ᠬᠠᠷᠢᠭᠤᠴᠠᠯᠭᠠᠲᠠᠨ ᠬᠤᠷᠠᠯ ᠳᠤ ᠰᠤᠯᠠ ᠣᠷᠣᠯᠴᠠᠪᠠ᠃    ᠬᠤᠷᠠᠯ ᠳᠤ ᠣᠷᠣᠯᠴᠠᠬᠤ ᠶᠣᠰᠣᠲᠠᠢ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠪᠦᠷᠢᠯᠳᠦᠬᠦᠨ 31 ᠬᠥᠮᠦᠨ᠂ ᠪᠣᠳᠠᠲᠠᠢ ᠣᠷᠣᠯᠴᠠᠭᠰᠠᠨ 25 ᠬᠥᠮᠦᠨ ᠪᠠᠶᠢᠵᠤ᠂ ᠬᠠᠤᠯᠢ ᠴᠠᠭᠠᠵᠠ ᠶᠢᠨ ᠲᠣᠭᠲᠠᠭᠠᠯ ᠳᠤ ᠨᠡᠶᠢᠴᠡᠪᠡ᠃    ᠬᠤᠷᠠᠯ ᠠᠴᠠ ᠰᠢᠶᠠᠨ ᠤ ᠠᠷᠠᠳ ᠤᠨ ᠰᠢᠭᠦᠬᠦ ᠬᠤᠷᠢᠶ᠎ᠠ ᠪᠠ ᠰᠢᠶᠠᠨ ᠤ ᠠᠷᠠᠳ ᠤᠨ ᠪᠠᠶᠢᠴᠠᠭᠠᠬᠤ ᠬᠤᠷᠢᠶᠠᠨ ᠤ ᠳᠡᠪᠰᠢᠭᠦᠯᠦᠭᠰᠡᠨ ᠠᠵᠢᠯᠲᠠᠨ ᠤ ᠶᠠᠪᠤᠳᠠᠯ ᠤᠨ ᠲᠤᠰᠢᠶᠠᠯ ᠳᠤ ᠲᠣᠮᠢᠯᠠᠵᠤ ᠲᠤᠰᠢᠶᠠᠯ ᠠᠴᠠ ᠪᠠᠭᠤᠯᠭᠠᠬᠤ ᠵᠥᠪᠯᠡᠯᠭᠡ ᠶᠢ ᠪᠠᠲᠤᠯᠠᠬᠤ ᠶᠢᠨ ᠬᠠᠮᠲᠤ ᠲᠤᠰᠢᠶᠠᠯ ᠳᠤ ᠲᠣᠮᠢᠯᠠᠭᠰᠠᠨ ᠬᠥᠮᠦᠰ ᠲᠤ ᠲᠤᠰᠢᠶᠠᠯ ᠳᠤ ᠲᠣᠮᠢᠯᠠᠬᠤ ᠪᠢᠴᠢᠭ ᠭᠠᠷᠳᠠᠭᠤᠯᠵᠠᠢ᠃ ᠰᠢᠨ᠎ᠡ ᠪᠠᠷ ᠲᠤᠰᠢᠶᠠᠯ ᠳᠤ ᠲᠣᠮᠢᠯᠠᠭᠳᠠᠭᠰᠠᠳ ᠬᠤᠷᠠᠯ ᠳᠡᠭᠡᠷ᠎ᠡ ᠦᠨᠳᠦᠰᠦᠨ ᠬᠠᠤᠯᠢ ᠳᠤ ᠲᠠᠩᠭᠠᠷᠢᠭᠯᠠᠪᠠ᠃    ᠬᠤᠷᠠᠯ ᠠᠴᠠ ᠰᠢᠶᠠᠨ ᠤ ᠠᠷᠠᠳ ᠤᠨ ᠵᠠᠰᠠᠭ ᠤᠨ ᠣᠷᠳᠣᠨ ᠤ ︽2021 ᠣᠨ ᠤ ᠤᠯᠤᠰ ᠠᠷᠠᠳ ᠤᠨ ᠠᠵᠤ ᠠᠬᠤᠢ ᠪᠠ ᠨᠡᠶᠢᠭᠡᠮ ᠤᠨ ᠬᠥᠭᠵᠢᠯᠲᠡ ᠶᠢᠨ ᠲᠥᠯᠥᠪᠯᠡᠭᠡ ᠶᠢᠨ ᠳᠡᠭᠡᠷ᠎ᠡ ᠬᠠᠭᠠᠰ ᠵᠢᠯ ᠤᠨ ᠭᠦᠢᠴᠡᠳᠬᠡᠭᠰᠡᠨ ᠪᠠᠶᠢᠳᠠᠯ ᠤᠨ ᠲᠤᠬᠠᠢ ᠮᠡᠳᠡᠭᠦᠯᠦᠯᠲᠡ︾᠂ ᠰᠢᠶᠠᠨ ᠤ ᠠᠷᠠᠳ ᠤᠨ ᠵᠠᠰᠠᠭ ᠤᠨ ᠣᠷᠳᠣᠨ ᠤ ︽ᠱᠠᠩᠳᠤ ᠰᠢᠶᠠᠨ ᠤ ᠳᠡᠭᠡᠷ᠎ᠡ ᠬᠠᠭᠠᠰ ᠵᠢᠯ ᠤᠨ ᠲᠥᠰᠦᠪ ᠢ ᠭᠦᠢᠴᠡᠳᠬᠡᠭᠰᠡᠨ ᠪᠠᠶᠢᠳᠠᠯ ᠤᠨ ᠲᠤᠬᠠᠢ ᠮᠡᠳᠡᠭᠦᠯᠦᠯᠲᠡ︾᠂ ᠰᠢᠶᠠᠨ ᠤ ᠠᠷᠠᠳ ᠤᠨ ᠵᠠᠰᠠᠭ ᠤᠨ ᠣᠷᠳᠣᠨ ᠤ ︽2024 ᠣᠨ ᠤ ᠳᠡᠭᠡᠷ᠎ᠡ ᠬᠠᠭᠠᠰ ᠵᠢᠯ ᠤᠨ ᠱᠠᠩᠳᠤ ᠰᠢᠶᠠᠨ ᠤ ᠲᠤᠰ ᠱᠠᠲᠤᠨ ᠤ ᠲᠥᠰᠦᠪ ᠤᠨ ᠲᠤᠬᠢᠷᠠᠭᠤᠯᠤᠯᠳᠠ ᠶᠢᠨ ᠲᠥᠰᠦᠯ ︵ᠲᠥᠰᠦᠯ︶ ᠤᠨ ᠲᠤᠬᠠᠢ ᠮᠡᠳᠡᠭᠦᠯᠦᠯᠲᠡ︾ ᠪᠣᠯᠤᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ︽ᠱᠠᠩᠳᠤ ᠰᠢᠶᠠᠨ ᠤ 2023 ᠣᠨ ᠤ ᠡᠳ᠋ ᠤᠨ ᠵᠠᠰᠠᠭ ᠤᠨ ᠲᠥᠰᠦᠪ ᠤᠨ ᠭᠦᠢᠴᠡᠳᠬᠡᠯ ︵ᠲᠥᠰᠦᠯ︶ ᠤᠨ ᠲᠤᠬᠠᠢ ᠮᠡᠳᠡᠭᠦᠯᠦᠯᠲᠡ︾ ᠶᠢ ᠰᠣᠨᠣᠰᠴᠤ ᠬᠢᠨᠠᠨ ᠵᠥᠪᠯᠡᠪᠡ᠃    ᠬᠤᠷᠠᠯ ᠠᠴᠠ ᠰᠢᠶᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠲᠤᠰᠬᠠᠢ ᠰᠡᠳᠦᠪᠲᠦ ᠪᠠᠶᠢᠴᠠᠭᠠᠨ ᠰᠤᠳᠤᠯᠬᠤ ᠳᠤᠭᠤᠶᠢᠯᠠᠩ ᠤᠨ ︽︿ᠭᠤᠷᠪᠠᠨ ᠤᠮᠠᠷᠠᠲᠤ﹀ ᠶᠢᠨ ᠬᠠᠯᠬᠠᠪᠴᠢ ᠤᠢ ᠶᠢ ᠬᠠᠮᠠᠭᠠᠯᠠᠬᠤ ᠪᠦᠲᠦᠭᠡᠨ ᠪᠠᠶᠢᠭᠤᠯᠤᠯᠲᠠ ᠶᠢᠨ ᠪᠠᠶᠢᠳᠠᠯ ᠤᠨ ᠲᠤᠬᠠᠢ ᠲᠤᠰᠬᠠᠢ ᠰᠡᠳᠦᠪᠲᠦ ᠪᠠᠶᠢᠴᠠᠭᠠᠨ ᠰᠤᠳᠤᠯᠤᠯᠲᠠ ᠶᠢᠨ ᠮᠡᠳᠡᠭᠦᠯᠦᠯᠲᠡ︾ ᠪᠣᠯᠤᠨ ᠰᠢᠶᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠲᠤᠰᠬᠠᠢ ᠰᠡᠳᠦᠪᠲᠦ ᠪᠠᠶᠢᠴᠠᠭᠠᠨ ᠰᠤᠳᠤᠯᠬᠤ ᠳᠤᠭᠤᠶᠢᠯᠠᠩ ᠤᠨ ︽ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯ ᠤᠨ ᠪᠠᠶᠢᠳᠠᠯ ᠤᠨ ᠲᠤᠬᠠᠢ ᠲᠤᠰᠬᠠᠢ ᠰᠡᠳᠦᠪᠲᠦ ᠪᠠᠶᠢᠴᠠᠭᠠᠨ ᠰᠤᠳᠤᠯᠬᠤ ᠮᠡᠳᠡᠭᠦᠯᠦᠯᠲᠡ︾ ᠶᠢ ᠬᠢᠨᠠᠨ ᠵᠥᠪᠯᠡᠪᠡ᠃
 
ᠢᠷᠡᠯᠲᠡ᠄ ᠱᠠᠩᠳᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004288号-2