ᠱᠠᠩᠳᠤ ᠰᠢᠶᠠᠨ ᠤ ᠤᠳᠤᠷᠢᠳᠤᠯᠭ᠎ᠠ ︽8 · 1︾ ᠤ ᠡᠮᠦᠨᠡᠬᠡᠨ ᠰᠤᠷᠪᠤᠯᠵᠢᠯᠠᠨ ᠲᠣᠬᠤᠨᠢᠭᠤᠯᠬᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/8/6
   7 ᠰᠠᠷ᠎ᠠ ᠶᠢᠨ 31 ᠤ ᠡᠳᠦᠷ᠂ 97 ᠳ᠋ᠤᠭᠠᠷ ︽8 · 1︾ ᠤ ᠴᠡᠷᠢᠭ ᠪᠠᠶᠢᠭᠤᠯᠤᠭᠳᠠᠭᠰᠠᠨ ᠪᠠᠶᠠᠷ ᠤᠨ ᠡᠳᠦᠷ ᠬᠦᠷᠴᠦ ᠢᠷᠡᠬᠦ ᠲᠠᠰᠢᠷᠠᠮ ᠢᠶᠠᠷ᠂ ᠤᠯᠠᠭᠠᠨᠴᠠᠪ ᠬᠤᠲᠠ ᠶᠢᠨ ᠳᠡᠳ᠋ ᠳᠠᠷᠤᠭ᠎ᠠ ᠶᠢᠨ ᠨᠡᠷ᠎ᠡ ᠳᠤᠷᠠᠳᠤᠭᠳᠠᠭᠰᠠᠨ ᠵᠢᠱᠢᠭᠳᠡᠭᠴᠢ᠂ ᠱᠠᠩᠳᠤ ᠰᠢᠶᠠᠨ ᠤ ᠨᠠᠮ ᠤᠨ ᠬᠤᠷᠢᠶᠠᠨ ᠤ ᠱᠦᠵᠢ ᠭᠤᠤ ᠶᠦᠩ ᠪᠢᠨ᠂ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠰᠢᠶᠠᠨ ᠤ ᠳᠠᠷᠤᠭ᠎ᠠ ᠶᠠᠩ ᠸᠧᠨ ᠾᠦᠢ᠂ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶᠠᠨ ᠤ ᠱᠦᠵᠢ ᠯᠢ ᠶᠠ ᠳ᠋ᠦᠩ ︽8 · 1︾ ᠤ ᠡᠮᠦᠨᠡᠬᠢ ᠲᠣᠬᠤᠨᠢᠭᠤᠯᠬᠤ ᠠᠵᠢᠯᠯᠠᠭ᠎ᠠ ᠥᠷᠨᠢᠭᠦᠯᠪᠡ᠃    ᠰᠢᠶᠠᠨ ᠤ ᠠᠷᠠᠳ ᠤᠨ ᠵᠡᠪᠰᠡᠭᠲᠦ ᠬᠦᠴᠦᠨ ᠤ ᠬᠡᠯᠲᠡᠰ ᠭᠤᠤ ᠶᠦᠩ ᠪᠢᠨ᠂ ᠠᠷᠠᠳ ᠤᠨ ᠵᠡᠪᠰᠡᠭᠲᠦ ᠬᠦᠴᠦᠨ ᠤ ᠬᠡᠯᠲᠡᠰ ᠨᠡᠶᠢᠭᠡᠮ ᠤᠨ ᠲᠣᠭᠲᠠᠭᠤᠨ ᠢ ᠬᠠᠮᠠᠭᠠᠯᠠᠬᠤ᠂ ᠠᠷᠠᠳ ᠤᠯᠠᠨ ᠤ ᠠᠮᠢ ᠨᠠᠰᠤ ᠡᠳ᠋ ᠬᠦᠷᠦᠩᠭᠡ ᠶᠢᠨ ᠠᠮᠤᠷ ᠲᠦᠪᠰᠢᠨ ᠢ ᠪᠠᠲᠤᠯᠠᠬᠤ᠂ ᠣᠷᠣᠨ ᠨᠤᠲᠤᠭ ᠤᠨ ᠠᠵᠤ ᠠᠬᠤᠢ ᠶᠢᠨ ᠪᠦᠳᠦᠭᠡᠨ ᠪᠠᠶᠢᠭᠤᠯᠤᠯᠲᠠ ᠶᠢ ᠳᠡᠮᠵᠢᠬᠦ ᠵᠡᠷᠭᠡ ᠲᠠᠯ᠎ᠠ ᠪᠠᠷ ᠴᠢᠬᠤᠯᠠ ᠬᠤᠪᠢ ᠨᠡᠮᠡᠷᠢ ᠦᠵᠡᠭᠦᠯᠵᠡᠢ᠃ ᠥᠷᠭᠡᠨ ᠤᠯᠠᠨ ᠳᠠᠷᠤᠭ᠎ᠠ ᠪᠠᠶᠢᠯᠳᠤᠭᠴᠢᠳ ᠰᠢᠯᠢᠳᠡᠭ ᠰᠠᠶᠢᠨ ᠰᠤᠷᠲᠠᠯ ᠢᠶᠠᠨ ᠦᠷᠭᠦᠯᠵᠢᠯᠡᠨ ᠪᠠᠳᠠᠷᠠᠭᠤᠯᠵᠤ᠂ ᠣᠷᠣᠨ ᠨᠤᠲᠤᠭ ᠤᠨ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠠᠷᠠᠳ ᠤᠨ ᠬᠦᠴᠦᠨ ᠤ ᠬᠦᠴᠦᠨ ᠴᠢᠳᠠᠯ ᠢᠶᠠᠨ ᠡᠷᠭᠦᠬᠦ ᠶᠢ ᠬᠦᠰᠡᠵᠦ ᠪᠠᠶᠢᠨ᠎ᠠ ᠭᠡᠵᠦ ᠵᠢᠭᠠᠵᠤ ᠭᠠᠷᠭᠠᠪᠠ᠃    ᠰᠢᠶᠠᠨ ᠤ ᠭᠠᠯ ᠰᠡᠷᠭᠡᠶᠢᠯᠡᠵᠦ ᠭᠠᠯ ᠤᠨᠲᠠᠷᠠᠭᠠᠬᠤ ᠠᠪᠤᠷᠠᠨ ᠲᠤᠰᠠᠯᠠᠬᠤ ᠶᠡᠭᠡ ᠠᠩᠭᠢ ᠳᠤ᠂ ᠶᠠᠩ ᠸᠧᠨ ᠾᠦᠢ ᠭᠠᠯ ᠰᠡᠷᠭᠡᠶᠢᠯᠡᠵᠦ ᠭᠠᠯ ᠤᠨᠲᠠᠷᠠᠭᠠᠬᠤ ᠪᠠ ᠠᠶᠤᠯ ᠠᠴᠠ ᠠᠪᠤᠷᠠᠨ ᠲᠤᠰᠠᠯᠠᠬᠤ ᠡᠮᠦᠨ᠎ᠡ ᠹᠷᠣᠨᠲ ᠲᠤ ᠤᠷᠳᠤ ᠬᠤᠭᠤᠴᠠᠭ᠎ᠠ ᠪᠠᠷ ᠲᠡᠮᠡᠴᠡᠵᠦ ᠪᠠᠶᠢᠭ᠎ᠠ ᠭᠠᠯ ᠰᠡᠷᠭᠡᠶᠢᠯᠡᠵᠦ ᠭᠠᠯ ᠤᠨᠲᠠᠷᠠᠭᠠᠬᠤ ᠪᠦᠬᠦ ᠵᠢᠯᠤᠭᠤᠳᠤᠬᠴᠢ ᠪᠠᠶᠢᠯᠳᠤᠭᠴᠢᠳ ᠲᠤ ᠴᠢᠩ ᠰᠡᠳᠬᠢᠯ ᠤᠨ ᠲᠠᠯᠠᠷᠬᠠᠯ ᠢᠶᠠᠨ ᠳᠡᠪᠰᠢᠭᠦᠯᠵᠦ᠂ ᠲᠡᠳᠡᠨ ᠤ ᠰᠢᠯᠢᠳᠡᠭ ᠤᠯᠠᠮᠵᠢᠯᠠᠯ ᠢᠶᠠᠨ ᠦᠷᠭᠦᠯᠵᠢᠯᠡᠨ ᠪᠠᠳᠠᠷᠠᠭᠤᠯᠵᠤ᠂ ᠴᠠᠭᠠᠷᠠᠭᠰᠠᠨ ᠰᠤᠷᠲᠠᠯ ᠢᠶᠠᠨ ᠪᠠᠲᠤᠯᠠᠵᠤ᠂ ᠪᠦᠬᠦ ᠰᠢᠶᠠᠨ ᠤ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠬᠠᠮᠠᠭᠠᠯᠠᠬᠤ᠂ ᠨᠡᠶᠢᠭᠡᠮ ᠤᠨ ᠶᠡᠭᠡ ᠲᠠᠯ᠎ᠠ ᠶᠢᠨ ᠲᠣᠭᠲᠠᠭᠤᠨ ᠪᠠᠶᠢᠳᠠᠯ ᠪᠠ ᠠᠷᠠᠳ ᠤᠯᠠᠨ ᠤ ᠠᠮᠤᠷ ᠲᠠᠶᠢᠪᠤᠩ ᠠᠵᠤ ᠲᠦᠷᠦᠭᠦ ᠶᠢ ᠬᠠᠮᠠᠭᠠᠯᠠᠬᠤ ᠳᠤ ᠨᠡᠩ ᠶᠡᠭᠡ ᠬᠤᠪᠢ ᠨᠡᠮᠡᠷᠢ ᠦᠵᠡᠭᠦᠯᠬᠦ ᠶᠢ ᠬᠦᠰᠡᠪᠡ᠃    ᠯᠢ ᠶᠠ ᠳ᠋ᠦᠩ ᠰᠢᠶᠠᠨ ᠤ ᠵᠡᠪᠰᠡᠭᠲᠦ ᠴᠠᠭᠳᠠᠭ᠎ᠠ ᠶᠢᠨ ᠳᠤᠮᠳᠠ ᠠᠩᠭᠢ ᠳᠤ ᠳᠤᠮᠳᠠ ᠠᠩᠭᠢ ᠶᠢᠨ ᠳᠠᠷᠤᠭ᠎ᠠ ᠪᠠᠶᠢᠯᠳᠤᠭᠴᠢᠳ ᠤᠨ ᠠᠵᠢᠯ ᠤᠨ ᠪᠠᠶᠢᠷᠢ ᠪᠠᠨ ᠢᠮᠠᠭᠲᠠ ᠪᠠᠲᠤ ᠰᠠᠬᠢᠵᠤ᠂ ᠶᠡᠭᠡ ᠲᠠᠯ᠎ᠠ ᠳᠤ ᠦᠢᠯᠡᠴᠢᠯᠡᠬᠦ ᠵᠣᠷᠢᠭ ᠰᠠᠨᠠᠭ᠎ᠠ ᠳᠤ ᠡᠷᠬᠢᠮ ᠳᠡᠭᠡᠳᠦ ᠬᠦᠨᠳᠦᠳᠬᠡᠯ ᠳᠡᠪᠰᠢᠭᠦᠯᠪᠡ᠃ ᠥᠷᠭᠡᠨ ᠤᠯᠠᠨ ᠳᠠᠷᠤᠭ᠎ᠠ ᠪᠠᠶᠢᠯᠳᠤᠭᠴᠢᠳ ᠢᠮᠠᠭᠲᠠ ᠣᠷᠣᠨ ᠨᠤᠲᠤᠭ ᠤᠨ ᠠᠵᠤ ᠠᠬᠤᠢ ᠨᠡᠶᠢᠭᠡᠮ ᠤᠨ ᠬᠥᠭᠵᠢᠯᠲᠡ ᠶᠢ ᠳᠡᠮᠵᠢᠵᠦ᠂ ︽ᠴᠡᠷᠢᠭ ᠠᠷᠠᠳ ᠪᠦᠯᠬᠦᠮᠳᠡᠨ ᠨᠢᠭᠡ ᠭᠡᠷ ᠤᠨ ᠬᠥᠮᠦᠨ ᠮᠡᠲᠦ ᠳᠣᠲᠣᠨᠣ︾ ᠪᠠᠶᠢᠬᠤ ᠰᠠᠶᠢᠨ ᠰᠠᠶᠢᠬᠠᠨ ᠠᠭᠤᠷ ᠠᠮᠢᠰᠬᠤᠯ ᠢ ᠬᠠᠮᠲᠤᠪᠠᠷ ᠪᠤᠢ ᠪᠣᠯᠭᠠᠬᠤ ᠶᠢ ᠬᠦᠰᠡᠵᠦ ᠪᠠᠶᠢᠨ᠎ᠠ᠃    ᠰᠢᠶᠠᠨ ᠤ ᠤᠳᠤᠷᠢᠳᠤᠯᠭ᠎ᠠ ᠠᠯᠪᠠᠨ ᠴᠡᠷᠢᠭ ᠤᠨ ᠭᠡᠷ ᠪᠦᠯᠢ᠂ ᠴᠡᠷᠢᠭ ᠠᠴᠠ ᠰᠢᠯᠵᠢᠭᠰᠡᠨ ᠺᠠᠳ᠋ᠷ᠂ ᠵᠡᠮᠳᠡᠭ ᠴᠡᠷᠢᠭ ᠠᠴᠠ ᠬᠠᠯᠠᠭᠳᠠᠭᠰᠠᠳ᠂ ᠳᠠᠶᠢᠨ ᠳᠤ ᠣᠷᠣᠯᠴᠠᠭᠰᠠᠨ ᠴᠡᠷᠢᠭ ᠠᠴᠠ ᠬᠠᠯᠠᠭᠳᠠᠭᠰᠠᠨ ᠠᠬᠠᠮᠠᠳ ᠴᠡᠷᠢᠭ ᠪᠣᠯᠤᠨ ᠠᠯᠪᠠᠨ ᠶᠠᠪᠤᠳᠠᠯ ᠢᠶᠠᠷ ᠪᠡᠶ᠎ᠡ ᠦᠷᠡᠭᠳᠡᠭᠰᠡᠨ ᠭᠡᠷ ᠪᠦᠯᠢ ᠶᠢ ᠲᠣᠬᠤᠨᠢᠭᠤᠯᠵᠤ᠂ ᠲᠡᠳᠡᠨ ᠲᠠᠢ ᠡᠪᠦᠳᠦᠭ ᠨᠤᠭᠤᠯᠤᠨ ᠰᠠᠭᠤᠵᠤ᠂ ᠲᠡᠳᠡᠨ ᠤ ᠭᠡᠷ ᠪᠦᠯᠢ ᠶᠢᠨ ᠪᠠᠶᠢᠳᠠᠯ ᠪᠣᠯᠤᠨ ᠪᠡᠶ᠎ᠡ ᠮᠠᠬᠠᠪᠣᠳ ᠤᠨ ᠪᠠᠶᠢᠳᠠᠯ ᠢ ᠨᠠᠷᠢᠨ ᠣᠶᠢᠯᠠᠭᠠᠪᠠ᠃ ᠲᠡᠳᠡᠨ ᠤ ᠤᠯᠤᠰ ᠤᠨ ᠪᠠᠲᠤᠯᠠᠨ ᠬᠠᠮᠠᠭᠠᠯᠠᠯᠲᠠ ᠶᠢᠨ ᠦᠢᠯᠡᠰ ᠲᠤ ᠦᠵᠡᠭᠦᠯᠦᠭᠰᠡᠨ ᠬᠤᠪᠢ ᠨᠡᠮᠡᠷᠢ ᠳᠤ ᠴᠢᠩ ᠰᠡᠳᠬᠢᠯ ᠠᠴᠠ ᠪᠠᠨ ᠲᠠᠯᠠᠷᠬᠠᠵᠤ ᠪᠠᠶᠢᠬᠤ ᠪᠠᠨ ᠢᠯᠡᠳᠬᠡᠵᠦ᠂ ᠴᠡᠷᠢᠭ ᠤᠨ ᠭᠡᠷ ᠪᠦᠯᠢ ᠪᠣᠯᠤᠨ ᠴᠡᠷᠢᠭ ᠤᠨ ᠭᠡᠷ ᠪᠦᠯᠢ ᠪᠣᠯ ᠳᠤᠮᠳᠠᠳᠤ ᠤᠯᠤᠰ ᠤᠨ ᠭᠠᠶᠢᠬᠠᠮᠰᠢᠭᠲᠤ ᠤᠨ ᠰᠠᠷ᠎ᠠ ᠶᠢᠨ ᠣᠷᠣᠯᠴᠠᠭᠴᠢ ᠪᠠ ᠭᠡᠷᠡᠴᠢᠯᠡᠭᠴᠢ ᠮᠥᠨ᠂ ᠳᠤᠮᠳᠠᠳᠤ ᠶᠢᠨ ᠦᠨᠳᠦᠰᠦᠲᠡᠨ ᠤ ᠡᠷᠬᠢᠮ ᠨᠠᠨᠳᠢᠨ ᠡᠳ᠋ ᠪᠠᠶᠠᠯᠢᠭ ᠪᠠ ᠬᠤᠪᠢᠰᠬᠠᠯ ᠤᠨ ᠭᠠᠪᠢᠶᠠᠲᠠᠨ ᠮᠥᠨ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠲᠡᠳᠡᠨ ᠤ ᠦᠢᠯᠡᠳᠪᠦᠷᠢᠯᠡᠯ ᠠᠮᠢᠳᠤᠷᠠᠯ ᠢ ᠰᠠᠶᠢᠲᠤᠷ ᠬᠠᠯᠠᠮᠵᠢᠯᠠᠨ ᠬᠠᠷᠠᠭᠠᠯᠵᠠᠵᠤ᠂ ᠲᠡᠳᠡᠨ ᠤ ᠬᠦᠴᠢᠷ ᠵᠣᠪᠠᠭᠤᠷᠢ ᠶᠢ ᠢᠳᠡᠪᠬᠢᠲᠡᠢ ᠰᠢᠢᠳᠪᠦᠷᠢᠯᠡᠵᠦ᠂ ᠴᠡᠷᠢᠭ ᠠᠴᠠ ᠬᠠᠯᠠᠭᠳᠠᠭᠰᠠᠳ᠂ ᠴᠡᠷᠢᠭ ᠤᠨ ᠭᠡᠷ ᠪᠦᠯᠢ ᠶᠢᠨ ᠢᠷᠠᠭᠤ ᠠᠯᠳᠠᠷ ᠤᠨ ᠲᠦᠷᠦᠭᠳᠡᠯ᠂ ᠵᠢᠷᠭᠠᠯᠲᠤ ᠲᠦᠷᠦᠭᠳᠡᠯ᠂ ᠬᠦᠷᠲᠡᠮᠵᠢ ᠶᠢᠨ ᠲᠦᠷᠦᠭᠳᠡᠯ ᠢ ᠲᠠᠰᠤᠷᠠᠯᠲᠠ ᠦᠭᠡᠢ ᠨᠡᠮᠡᠭᠳᠡᠭᠦᠯᠬᠦ ᠬᠡᠷᠡᠭᠲᠡᠢ ᠭᠡᠵᠦ ᠵᠢᠭᠠᠵᠤ ᠭᠠᠷᠭᠠᠪᠠ᠃    ᠰᠢᠶᠠᠨ ᠤ ᠤᠳᠤᠷᠢᠳᠤᠯᠭ᠎ᠠ ᠵᠤᠤ ᠭᠦᠸᠧ ᠸᠧᠨ ᠵᠢᠴᠢ ᠴᠡᠷᠢᠭ ᠠᠴᠠ ᠬᠠᠯᠠᠭᠳᠠᠭᠰᠠᠳ ᠤᠨ ᠬᠡᠷᠡᠭ ᠶᠠᠪᠤᠳᠠᠯ ᠤᠨ ᠲᠤᠪᠴᠢᠶ᠎ᠠ ᠶᠢᠨ ᠭᠤᠣᠯ ᠬᠠᠷᠢᠭᠤᠴᠠᠯᠭᠠᠲᠠᠨ ᠲᠣᠬᠤᠨᠢᠭᠤᠯᠬᠤ ᠳᠤ ᠣᠷᠣᠯᠴᠠᠪᠠ᠃ᠣᠷᠴᠢᠭᠤᠯᠣᠭᠴᠢ᠄  ᠬᠠᠨᠠᠭᠠᠷᠬᠢᠨᠠᠭᠴᠢ᠄  ᠬᠠᠨᠠᠭᠠᠷ
 
ᠢᠷᠡᠯᠲᠡ᠄ ᠱᠠᠩᠳᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004288号-2