ᠱᠠᠩᠳᠤ ᠰᠢᠶᠠᠨ ᠤ ᠭᠠᠯᠲᠤ ᠲᠡᠷᠭᠡᠨ ᠥᠷᠲᠡᠭᠡᠨ ᠤ ᠡᠷᠭᠢᠨ ᠲᠣᠭᠤᠷᠢᠨ ᠤ ᠵᠠᠮ ᠬᠠᠷᠢᠯᠴᠠᠭᠠᠨ ᠤ ᠡᠮᠬᠢ | ᠳᠢᠭᠯᠢᠮ ᠢ ᠤᠯᠠᠮ ᠨᠢᠭᠡ ᠠᠯᠬᠤᠮ ᠵᠢᠷᠤᠮᠵᠢᠭᠤᠯᠵᠤ᠂ ᠭᠠᠯᠲᠤ ᠲᠡᠷᠭᠡᠨ ᠥᠷᠲᠡᠭᠡᠨ ᠤ ᠣᠷᠣᠨ ᠪᠦᠰᠡ ᠶᠢᠨ ᠵᠠᠮ | ᠬᠠᠷᠢᠯᠴᠠᠭᠠᠨ ᠤ ᠡᠮᠬᠢ ᠳᠢᠭᠯᠢᠮ ᠢ ᠬᠠᠮᠠᠭᠠᠯᠠᠵᠤ᠂ ᠠᠷᠠᠳ ᠣᠯᠠᠨ ᠤ ᠠᠮᠤᠷ ᠲᠦᠪᠰᠢᠨ ᠪᠥᠭᠡᠳ ᠰᠠᠭᠠᠳ ᠦᠭᠡᠶ | ᠨᠡᠪᠲᠡᠷᠡᠬᠦ ᠶᠢ ᠪᠠᠲᠤᠯᠠᠬᠤ ᠶᠢᠨ ᠲᠤᠰᠠᠳᠠ᠂ ᠭᠠᠯᠲᠤ ᠲᠡᠷᠭᠡᠨ ᠥᠷᠲᠡᠭᠡᠨ ᠤ ᠣᠷᠣᠨ ᠪᠦᠰᠡ ᠶᠢᠨ ᠵᠠᠮ | ᠬᠠᠷᠢᠯᠴᠠᠭᠠᠨ ᠤ ᠡᠮᠬᠢ ᠳᠢᠭᠯᠢᠮ ᠢ ᠰᠠᠶᠢᠵᠢᠷᠠᠭᠤᠯᠵᠤ᠂ ᠵᠠᠮ ᠤᠨ ᠠᠮᠤᠷ ᠲᠦᠪᠰᠢᠨ ᠰᠠᠭᠠᠳ ᠦᠭᠡᠶ ᠨᠡᠪᠲᠡᠷᠡᠬᠦ ᠶᠢ | ᠦᠨᠡᠨᠬᠦ ᠪᠠᠲᠤᠯᠠᠵᠤ᠂ ᠣᠯᠠᠨ ᠲᠦᠮᠡᠨ ᠤ ᠠᠮᠤᠷ ᠲᠦᠪᠰᠢᠨ ᠰᠠᠭᠠᠳ ᠦᠭᠡᠶ ᠨᠡᠪᠲᠡᠷᠡᠬᠦ ᠶᠢ ᠦᠨᠡᠨᠬᠦ ᠪᠠᠲᠤᠯᠠᠵᠤ᠂ | ᠵᠠᠮ ᠬᠠᠷᠢᠯᠴᠠᠭᠠᠨ ᠤ ᠲᠦᠭᠵᠢᠷᠡᠯ ᠪᠠ ᠠᠳᠡᠯ ᠭᠠᠷᠬᠤ ᠶᠢ ᠪᠠᠭᠠᠰᠬᠠᠬᠤ ᠬᠡᠷᠡᠭᠲᠡᠶ᠃ ᠬᠠᠮᠢᠶ᠎ᠠ ᠪᠥᠬᠦᠶ ᠬᠠᠤᠯᠢ ᠴᠠᠭᠠᠵᠠ | ᠬᠠᠤᠯᠢ ᠲᠣᠭᠲᠠᠭᠠᠯ ᠢ ᠦᠨᠳᠦᠰᠦᠯᠡᠪᠡᠯ᠂ ᠱᠠᠩᠳᠤ ᠰᠢᠶᠠᠨ ᠤ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠶᠡᠭᠡ ᠠᠩᠭᠢ | ᠲᠣᠰ ᠡᠳᠦᠷ ᠠᠴᠠ ᠡᠬᠢᠯᠡᠨ ᠭᠠᠯᠲᠤ ᠲᠡᠷᠭᠡᠨ ᠥᠷᠲᠡᠭᠡᠨ ᠤ ᠡᠷᠬᠢᠨ ᠲᠣᠭᠤᠷᠢᠨ ᠤ ᠵᠠᠮ ᠬᠠᠷᠢᠯᠴᠠᠭᠠᠨ ᠤ ᠡᠮᠬᠢ | ᠳᠢᠭᠯᠢᠮ ᠢ ᠴᠡᠭᠴᠡᠯᠡᠨ ᠵᠠᠰᠠᠬᠤ ᠲᠤᠰᠬᠠᠶ ᠠᠵᠢᠯᠯᠠᠭ᠎ᠠ ᠥᠷᠨᠢᠭᠦᠯᠬᠦ ᠪᠠᠷ ᠲᠣᠭᠲᠠᠪᠠ᠃ ᠡᠳᠦᠭᠡ ᠬᠤᠯᠪᠣᠭᠳᠠᠯ ᠪᠥᠬᠦᠶ | ᠵᠦᠢᠯᠡᠰ ᠢ ᠳᠣᠤᠷᠠᠬᠢ ᠮᠡᠲᠦ ᠵᠠᠷᠯᠠᠶ᠎ᠠ᠄ | ᠨᠢᠭᠡ᠂ ᠴᠡᠭᠴᠡᠯᠡᠨ ᠵᠠᠰᠠᠬᠤ ᠴᠠᠭ ᠬᠤᠭᠤᠴᠠᠭ᠎ᠠ | ᠲᠤᠰ ᠡᠳᠦᠷ ᠠᠴᠠ ᠡᠬᠢᠯᠡᠨ ᠪᠠᠢᠩᠭᠤᠵᠢᠭᠤᠯᠤᠨ ᠴᠡᠭᠴᠡᠯᠡᠨ ᠵᠠᠰᠠᠬᠤ | ᠬᠤᠶᠠᠷ᠂ ᠴᠡᠭᠴᠡᠯᠡᠨ ᠵᠠᠰᠠᠬᠤ ᠬᠡᠪᠴᠢᠶ᠎ᠡ | ᠱᠠᠩᠳᠤ ᠰᠢᠶᠠᠨ ᠤ ᠭᠠᠯᠲᠤ ᠲᠡᠷᠭᠡᠨ ᠥᠷᠲᠡᠭᠡᠨ ᠤ ᠡᠷᠭᠢᠨ ᠲᠣᠭᠤᠷᠢᠨ ᠤ ᠵᠠᠮ᠂ ᠥᠷᠲᠡᠭᠡᠨ ᠠᠴᠠ ᠡᠮᠦᠨ᠎ᠡ | ᠲᠦᠷ ᠴᠠᠭ ᠲᠡᠷᠭᠡ ᠵᠣᠭᠰᠣᠭᠠᠬᠤ ᠣᠷᠣᠨ ᠪᠦᠰᠡ᠂ ᠭᠠᠯᠲᠤ ᠲᠡᠷᠭᠡᠨ ᠥᠷᠲᠡᠭᠡᠨ ᠤ ᠲᠦᠷ ᠴᠠᠭ ᠣᠷᠣᠵᠤ ᠭᠠᠷᠬᠤ᠂ | ᠥᠷᠲᠡᠭᠡᠨ ᠠᠴᠠ ᠭᠠᠷᠬᠤ ᠵᠠᠮ ᠵᠡᠷᠭᠡ ᠪᠤᠯᠤᠨ᠎ᠠ᠃ | ᠭᠤᠷᠪᠠ᠂ ᠴᠡᠭᠴᠡᠯᠡᠨ ᠵᠠᠰᠠᠬᠤ ᠭᠤᠣᠯᠳᠠᠯᠭ᠎ᠠ | 1. ᠮᠠᠰᠢᠨᠲᠤ ᠲᠡᠷᠭᠡ ᠶᠢ ᠳᠤᠷ᠎ᠠ ᠪᠠᠷ ᠢᠶᠠᠨ ᠵᠣᠭᠰᠣᠭᠠᠵᠤ ᠳᠤᠷ᠎ᠠ ᠪᠠᠷ ᠢᠶᠠᠨ ᠲᠠᠯᠪᠢᠵᠤ᠂ ᠠᠶᠠᠨᠴᠢᠳ ᠤᠨ ᠲᠦᠷ | ᠴᠠᠭ ᠥᠷᠲᠡᠭᠡᠨ ᠳᠤ ᠣᠷᠣᠵᠤ ᠭᠠᠷᠬᠤ ᠵᠠᠮ ᠢ ᠬᠦᠷᠢᠶᠡᠯᠡᠨ ᠬᠤᠷᠢᠭᠯᠠᠬᠤ ᠦᠢᠯᠡ ᠠᠵᠢᠯᠯᠠᠭ᠎ᠠ᠃ | 2. ᠮᠠᠰᠢᠨᠲᠤ ᠲᠡᠷᠭᠡ ᠰᠥᠷᠭᠡᠦ ᠶᠠᠪᠤᠬᠤ᠂ ᠳᠤᠷ᠎ᠠ ᠪᠠᠷ ᠢᠶᠠᠨ ᠵᠠᠮ ᠬᠤᠪᠢᠷᠠᠭᠤᠯᠬᠤ᠂ ᠤᠳᠤᠷᠢᠳᠤᠮᠵᠢ | ᠱᠤᠭᠤᠮ ᠤᠨ ᠶᠣᠰᠣᠭᠠᠷ ᠶᠠᠪᠤᠭᠤᠯᠬᠤ ᠦᠭᠡᠶ ᠵᠡᠷᠭᠡ ᠲᠣᠭᠲᠠᠭᠠᠯ ᠠᠴᠠ ᠵᠥᠷᠢᠴᠡᠨ ᠲᠡᠷᠭᠡ ᠵᠢᠯᠣᠭᠤᠳᠬᠤ ᠦᠢᠯᠡ | ᠠᠵᠢᠯᠯᠠᠭ᠎ᠠ᠃ | 3᠂ ᠲᠦᠷᠢᠶᠡᠰᠦᠨ ᠮᠠᠰᠢᠨ ᠲᠡᠷᠭᠡ ᠬᠢᠭᠡᠳ ᠪᠤᠰᠤᠳ ᠲᠤᠰᠬᠤ ᠥᠷᠲᠡᠭᠡ ᠶᠢᠨ ᠲᠦᠷ ᠴᠠᠭ ᠤᠨ | ᠥᠷᠲᠡᠭᠡᠨ ᠠᠴᠠ ᠭᠠᠷᠬᠤ ᠵᠠᠮ ᠢ ᠬᠦᠷᠢᠶᠡᠯᠡᠨ ᠪᠥᠭᠯᠡᠬᠦ ᠦᠢᠯᠡ ᠠᠵᠢᠯᠯᠠᠭ᠎ᠠ᠃ | 4᠂ ᠲᠦᠷᠢᠶᠡᠰᠦᠨ ᠮᠠᠰᠢᠨ ᠤ ᠵᠢᠯᠣᠭᠤᠴᠢ ᠲᠣᠭᠲᠠᠭᠠᠯ ᠠᠴᠠ ᠵᠥᠷᠢᠴᠡᠨ ᠭᠠᠷ ᠤᠲᠠᠰᠤ ᠬᠡᠷᠡᠭᠯᠡᠬᠦ ᠪᠤᠶᠤ | ᠲᠡᠷᠭᠡᠨ ᠳᠣᠲᠣᠷ᠎ᠠ ᠲᠠᠮᠠᠬᠢ ᠲᠠᠲᠠᠬᠤ ᠵᠡᠷᠭᠡ ᠪᠣᠯᠪᠠᠰᠤᠨ ᠪᠤᠰᠤ ᠠᠵᠢᠯᠯᠠᠭ᠎ᠠ ᠬᠢᠬᠦ᠃ | 5. ᠡᠵᠡᠩᠨᠡᠬᠦ ᠬᠢᠷᠢ ᠬᠡᠮ ᠣᠯᠤᠭᠰᠠᠨ ᠬᠥᠮᠦᠰ ᠵᠢᠴᠢ ᠲᠡᠷᠭᠡ ᠬᠥᠰᠬᠡ ᠶᠢᠨ ᠠᠶᠠᠨᠴᠢᠳ ᠤᠨ ᠲᠡᠭᠡᠭᠡᠪᠦᠷᠢ ᠶᠢᠨ | ᠡᠵᠡᠩᠨᠡᠯᠲᠡ᠂ ᠰᠦᠯᠵᠢᠶ᠎ᠡ ᠪᠠᠷ ᠲᠡᠷᠭᠡ ᠪᠣᠯᠵᠣᠬᠤ ᠵᠡᠷᠭᠡ ᠬᠠᠤᠯᠢ ᠪᠤᠰᠤ ᠦᠢᠯᠡ ᠠᠵᠢᠯᠯᠠᠭ᠎ᠠ ᠬᠢᠭᠰᠡᠨ ᠥᠬᠡᠶ᠃ | ᠳᠥᠷᠪᠡ᠂ ᠰᠢᠢᠳᠬᠡᠬᠦ ᠠᠷᠭ᠎ᠠ ᠬᠡᠮᠵᠢᠶ᠎ᠡ | 1. ᠵᠠᠮ ᠬᠠᠷᠢᠯᠴᠠᠭᠠᠨ ᠤ ᠬᠠᠮᠢᠶ᠎ᠠ ᠪᠦᠬᠦᠢ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠵᠠᠮ | ᠬᠠᠷᠢᠯᠴᠠᠭᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠬᠠᠮᠢᠶ᠎ᠠ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠢ | ᠦᠨᠳᠦᠰᠦᠯᠡᠨ ᠰᠢᠳᠬᠡᠨ ᠲᠣᠷᠭᠠᠨ᠎ᠠ᠃ | 2. ᠲᠦᠷᠢᠶᠡᠰᠦᠨ ᠮᠠᠰᠢᠨ ᠲᠡᠷᠭᠡᠨ ᠤ ᠡᠵᠡᠩᠨᠡᠯᠲᠡ ᠶᠢᠨ ᠦᠢᠯᠡᠴᠢᠯᠡᠭᠡᠨ ᠤ ᠬᠠᠮᠢᠶ᠎ᠠ ᠪᠦᠬᠦᠢ ᠲᠣᠭᠲᠠᠭᠠᠯ ᠠᠴᠠ | ᠵᠥᠷᠢᠴᠡᠭᠰᠡᠨ ᠦᠢᠯᠡ ᠠᠵᠢᠯᠯᠠᠭ᠎ᠠ ᠶᠢ ᠵᠠᠮ ᠬᠠᠷᠢᠯᠴᠠᠭ᠎ᠠ ᠲᠡᠭᠡᠭᠡᠪᠦᠷᠢ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ | ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ ᠲᠤ ᠰᠢᠯᠵᠢᠭᠦᠯᠦᠨ ᠲᠤᠰᠢᠶᠠᠵᠤ ᠰᠢᠳᠬᠡᠨ ᠲᠣᠷᠭᠠᠨ᠎ᠠ᠃ | 3. ᠥᠷᠲᠡᠭᠡᠨ ᠠᠴᠠ ᠭᠠᠷᠬᠤ ᠡᠭᠦᠳᠡ ᠠᠴᠠ ᠭᠠᠷᠴᠤ ᠵᠣᠴᠢᠨ ᠪᠠᠷᠬᠢᠷᠠᠨ ᠬᠠᠰᠬᠢᠷᠴᠤ᠂ ᠠᠶᠠᠨᠴᠢᠳ ᠤᠨ | ᠬᠡᠪ ᠤᠨ ᠶᠣᠰᠣᠭᠠᠷ ᠥᠷᠲᠡᠭᠡᠨ ᠠᠴᠠ ᠭᠠᠷᠬᠤ ᠡᠮᠬᠢ ᠵᠢᠷᠤᠮ ᠢ ᠰᠠᠮᠠᠭᠤᠷᠠᠭᠤᠯᠤᠭᠰᠠᠨ ᠦᠢᠯᠡ ᠠᠵᠢᠯᠯᠠᠭ᠎ᠠ ᠶᠢ ᠣᠯᠵᠤ | ᠮᠡᠳᠡᠪᠡᠯ ᠬᠠᠷᠢᠶ᠎ᠠ ᠣᠷᠣᠨ ᠤ ᠲᠣᠮᠢᠯᠠᠭᠰᠠᠨ ᠰᠠᠯᠪᠤᠷᠢ ᠳᠤ ᠲᠤᠰᠢᠶᠠᠵᠤ ᠰᠢᠢᠳᠬᠡᠨ ᠲᠣᠷᠭᠠᠨ᠎ᠠ᠃ | ᠥᠷᠭᠡᠨ ᠣᠯᠠᠨ ᠬᠤᠲᠠ ᠶᠢᠨ ᠠᠷᠠᠳ ᠪᠣᠯᠤᠨ ᠵᠢᠯᠣᠭᠤᠴᠢ ᠤᠬᠠᠮᠰᠠᠷ ᠠᠴᠠ ᠪᠠᠨ ᠵᠠᠮ ᠬᠠᠷᠢᠯᠴᠠᠭᠠᠨ ᠤ ᠬᠠᠤᠯᠢ | ᠲᠣᠭᠲᠠᠭᠠᠯ ᠢ ᠵᠢᠷᠤᠮᠯᠠᠵᠤ᠂ ᠪᠣᠯᠪᠠᠰᠤᠨ ᠢᠶᠠᠷ ᠭᠠᠳᠠᠭᠰᠢ ᠭᠠᠷᠴᠤ᠂ ᠪᠣᠯᠪᠠᠰᠤᠨ ᠢᠶᠠᠷ ᠵᠢᠯᠣᠭᠤᠳᠴᠤ᠂ ᠬᠠᠮᠲᠤᠪᠠᠷ | ᠱᠠᠩᠳᠤ ᠰᠢᠶᠠᠨ ᠤ ᠭᠠᠯᠲᠤ ᠲᠡᠷᠭᠡᠨ ᠥᠷᠲᠡᠭᠡᠨ ᠤ ᠡᠷᠭᠢᠨ ᠲᠣᠭᠤᠷᠢᠨ ᠤ ᠰᠠᠶᠢᠨ ᠰᠠᠶᠢᠬᠠᠨ ᠵᠠᠮ ᠬᠠᠷᠢᠯᠴᠠᠭᠠᠨ ᠤ | ᠡᠮᠬᠢ ᠳᠢᠭᠯᠢᠮ ᠢ ᠬᠠᠮᠠᠭᠠᠯᠠᠵᠤ᠂ ᠱᠠᠩᠳᠤ ᠰᠢᠶᠠᠨ ᠤ ᠬᠤᠲᠠ ᠶᠢᠨ ᠳᠦᠷᠢ ᠲᠥᠷᠬᠦ ᠶᠢ ᠳᠡᠭᠡᠭᠰᠢᠯᠡᠭᠦᠯᠬᠦ ᠬᠡᠷᠡᠭᠲᠡᠶ᠃ | ᠡᠭᠦᠨ ᠤ ᠲᠤᠯᠠ ᠣᠨᠴᠠᠭᠠᠶᠢᠯᠠᠨ ᠵᠠᠷ︕ | ᠱᠠᠩᠳᠤ ᠱᠢᠶᠠᠨ ᠶᠢᠨ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠶᠡᠭᠡ ᠠᠩᠭᠢ | ᠱᠠᠩᠳᠤ ᠰᠢᠶᠠᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ | ᠬᠡᠷᠡᠭᠵᠢᠭᠦᠯᠬᠦ ᠶᠡᠭᠡ ᠠᠩᠭᠢ | ᠱᠢᠯᠢ ᠶᠢᠨ ᠬᠤᠲᠠ ᠶᠢᠨ ᠲᠡᠮᠦᠷ ᠵᠠᠮ ᠤᠨ ᠳᠣᠲᠣᠭᠠᠳᠤ ᠶᠢ ᠬᠠᠮᠠᠭᠠᠯᠠᠬᠤ ᠭᠠᠵᠠᠷ ᠤᠨ ᠱᠠᠩᠳᠤ ᠲᠡᠷᠭᠡᠨ | ᠥᠷᠲᠡᠭᠡ ᠶᠢᠨ ᠲᠣᠮᠢᠯᠠᠭᠰᠠᠨ ᠰᠠᠯᠪᠤᠷᠢ | |