ᠴᠢ ᠲᠠᠢ ᠪᠠᠯᠭᠠᠰᠤᠨ ᠤ ︽ᠬᠤᠶᠠᠷ ᠲᠥᠯᠥᠭᠡᠯᠡᠭᠴᠢ ᠨᠢᠭᠡ ᠭᠡᠰᠢᠭᠦᠨ︾ ᠥᠨᠳᠥᠷ ᠪᠦᠲᠦᠮᠵᠢᠲᠡᠶ ᠪᠠᠷ ᠲᠤᠰᠢᠶᠠᠯ ᠬᠠᠷᠢᠭᠤᠴᠠᠯᠭ᠎ᠠ ᠪᠠᠨ ᠭᠦᠶ᠋ᠴᠡᠳᠬᠡᠵᠦ ᠴᠠᠬᠢᠯᠭᠠᠨ ᠴᠡᠨᠡᠭᠯᠡᠬᠦ ᠪᠠᠭᠠᠨ᠎ᠠ ᠶᠢ ᠤᠭᠰᠠᠷᠠᠬᠤ ᠠᠵᠢᠯ ᠢ ᠲᠦᠷᠭᠡᠳᠬᠡᠨ ᠠᠬᠢᠭᠤᠯᠪᠠ
ᠨᠡᠶᠢᠲᠡᠯᠡᠭᠰᠡᠨ ᠴᠠᠭ᠄
2024/8/9
  ᠬᠤᠲᠠ ᠶᠢᠨ ᠬᠠᠮᠢᠶᠠᠷᠤᠯᠲᠠ ᠶᠢᠨ ᠠᠵᠢᠯ ᠢ ᠨᠠᠷᠢᠯᠢᠭ ᠠᠬᠢᠭᠤᠯᠵᠤ᠂ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠤᠨ ᠲᠣᠭᠤᠷᠢᠭ ᠤᠨ ᠵᠠᠰᠠᠯᠲᠠ ᠶᠢᠨ ᠰᠢᠰᠲ᠋ᠧᠮ ᠢ ᠦᠨᠡᠨ ᠬᠦ ᠳᠡᠭᠡᠭᠰᠢᠯᠡᠭᠦᠯᠵᠦ᠂ ᠲᠥᠯᠥᠭᠡᠯᠡᠭᠴᠢ ᠭᠡᠰᠢᠭᠦᠳ ᠤᠨ ᠡᠭᠦᠷᠭᠡ ᠲᠤᠰᠢᠶᠠᠯ ᠢᠶᠠᠨ ᠭᠦᠢᠴᠡᠳᠬᠡᠬᠦ ᠴᠢᠳᠠᠪᠤᠷᠢ ᠶᠢ ᠨᠠᠩ ᠰᠠᠶᠢᠲᠤᠷ ᠠᠬᠢᠭᠤᠯᠬᠤ ᠶᠢᠨ ᠲᠥᠯᠥᠭᠡ᠂ ᠴᠢ ᠲᠠᠢ ᠪᠠᠯᠭᠠᠰᠤᠨ ᠤ ᠰᠢ ᠶᠤᠸᠠᠨ ᠨᠡᠶᠢᠭᠡᠮ ᠲᠣᠭᠤᠷᠢᠭ ᠤᠨ ᠬᠢᠨ ᠰᠠᠭᠤᠭᠠᠯᠢ ᠠᠷᠠᠳ ᠤᠨ ᠬᠠᠮᠤᠭ ᠠᠴᠠ ᠠᠩᠬᠠᠷᠴᠤ ᠪᠠᠶᠢᠭ᠎ᠠ᠂ ᠬᠠᠮᠤᠭ ᠤᠨ ᠰᠢᠭᠤᠳ᠂ ᠬᠠᠮᠤᠭ ᠤᠨ ᠪᠣᠳᠠᠲᠠᠶ ᠴᠠᠬᠢᠯᠭᠠᠨ ᠬᠥᠳᠡᠯᠭᠡᠭᠦᠷᠲᠦ ᠲᠡᠷᠭᠡ ᠶᠢᠨ ᠴᠠᠬᠢᠯᠭᠠᠨ ᠴᠡᠨᠡᠭᠯᠡᠬᠦ ᠠᠰᠠᠭᠤᠳᠠᠯ ᠢ ᠰᠢᠢᠳᠪᠦᠷᠢᠯᠡᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠲᠥᠯᠥᠭᠡᠯᠡᠭᠴᠢᠳ ᠭᠡᠰᠢᠭᠦᠳ ᠣᠯᠠᠨ ᠲᠦᠮᠡᠨ ᠤ ᠰᠠᠨᠠᠯ ᠢ ᠣᠯᠠᠨ ᠤᠳᠠᠭ᠎ᠠ ᠰᠤᠷᠪᠤᠯᠵᠢᠯᠠᠨ ᠴᠤᠭᠯᠠᠭᠤᠯᠬᠤ ᠪᠠᠷ ᠳᠠᠮᠵᠢᠭᠤᠯᠤᠨ᠂ ᠬᠠᠷᠢᠶ᠎ᠠ ᠣᠷᠣᠨ ᠳᠤ ᠠᠷᠠᠳ ᠲᠤ ᠲᠥᠬᠦᠮ ᠦᠵᠡᠭᠦᠯᠵᠦ ᠴᠠᠬᠢᠯᠭᠠᠨ ᠴᠡᠨᠡᠭᠯᠡᠬᠦ ᠱᠣᠩ ᠢ ᠰᠢᠨ᠎ᠡ ᠪᠠᠷ ᠨᠡᠮᠡᠭᠳᠡᠭᠦᠯᠵᠦ᠂ ᠵᠢᠵᠢᠭ ᠲᠣᠭᠤᠷᠢᠭ ᠤᠨ ᠠᠮᠤᠷ ᠲᠦᠪᠰᠢᠨ ᠤ ︽ᠨᠢᠭᠡᠳᠦᠭᠡᠷ ᠰᠡᠷᠭᠡᠶᠢᠯᠡᠯᠲᠡ ᠶᠢᠨ ᠱᠤᠭᠤᠮ︾ ᠢ ᠴᠢᠷᠮᠠᠶᠢᠨ ᠪᠠᠬᠢᠵᠢᠭᠦᠯᠪᠡ᠃    ᠲᠥᠯᠥᠭᠡᠯᠡᠭᠴᠢ ᠭᠡᠰᠢᠭᠦᠳ ᠠᠷᠠᠳ ᠲᠤ ᠠᠰᠢᠭ ᠬᠦᠷᠲᠡᠭᠡᠬᠦ ᠰᠢᠨ ᠶᠤᠸᠠᠨ ᠪᠠᠭ᠎ᠠ ᠲᠣᠭᠤᠷᠢᠭ ᠤᠨ ᠴᠠᠬᠢᠯᠭᠠᠨ ᠡᠭᠦᠰᠭᠡᠭᠴᠢ ᠶᠢᠨ ᠴᠠᠬᠢᠯᠭᠠᠨ ᠬᠡᠮᠵᠢᠭᠦᠷ᠂ ᠴᠠᠬᠢᠯᠭᠠᠨ ᠴᠡᠨᠡᠭᠯᠡᠬᠦ ᠪᠠᠭᠠᠨ᠎ᠠ ᠶᠢᠨ ᠣᠷᠣᠨ ᠪᠠᠶᠢᠷᠢ ᠶᠢᠨ ᠲᠥᠯᠥᠪᠵᠢᠭᠦᠯᠭᠡ ᠂ ᠭᠠᠳᠠᠷ ᠬᠡᠯᠪᠡᠷᠢ᠂ ᠴᠠᠬᠢᠯᠭᠠᠨ ᠴᠡᠨᠡᠭᠯᠡᠬᠦ ᠬᠠᠪᠴᠢᠭᠤᠯᠭ᠎ᠠ ᠶᠢᠨ ᠲᠤᠭ᠎ᠠ ᠵᠡᠷᠭᠡ ᠶᠠᠪᠤᠳᠠᠯ ᠢ ᠲᠤᠬᠠᠢ ᠶᠢᠨ ᠭᠠᠵᠠᠷ ᠲᠤᠨᠢ ᠰᠢᠨᠵᠢᠯᠡᠨ ᠪᠠᠶᠢᠴᠠᠭᠠᠵᠤ᠂ ᠪᠡᠯᠡᠨ ᠴᠠᠬᠢᠯᠭᠠᠨ ᠴᠡᠨᠡᠭᠯᠡᠬᠦ ᠪᠠᠭᠠᠨ᠎ᠠ ᠶᠢ ᠤᠭᠰᠠᠷᠠᠬᠤ ᠠᠵᠢᠯ ᠶᠠᠭ ᠶᠠᠭᠠᠷᠠᠯᠲᠠᠢ ᠶᠠᠪᠤᠭᠳᠠᠵᠤ ᠪᠠᠶᠢᠯ᠎ᠠ᠃    ᠲᠠᠷᠠᠭᠠᠴᠢ ᠶᠢᠨ ᠠᠯᠬᠤᠮ ᠳᠤ᠂ ᠰᠢ ᠶᠤᠸᠠᠨ ᠨᠡᠶᠢᠭᠡᠮ ᠲᠣᠭᠤᠷᠢᠭ ᠤᠨ ᠬᠢᠨ ᠴᠠᠬᠢᠯᠭᠠᠨ ᠴᠡᠨᠡᠭᠯᠡᠬᠦ ᠱᠣᠩ ᠢ ᠤᠭᠰᠠᠷᠠᠬᠤ ᠠᠵᠢᠯ ᠢ ᠦᠷᠭᠦᠯᠵᠢᠯᠡᠨ ᠳᠥᠯᠭᠢᠨ ᠠᠬᠢᠭᠤᠯᠬᠤ ᠶᠢᠨ ᠬᠠᠮᠲᠤ ᠴᠠᠬᠢᠯᠭᠠᠨ ᠴᠡᠨᠡᠭᠯᠡᠬᠦ ᠪᠠᠭᠠᠨ᠎ᠠ ᠶᠢ ᠬᠡᠷᠡᠭᠯᠡᠬᠦ ᠤᠬᠠᠭᠤᠯᠭ᠎ᠠ ᠶᠢ ᠰᠠᠶᠢᠲᠤᠷ ᠬᠢᠵᠦ᠂ ᠣᠯᠠᠨ ᠲᠦᠮᠡᠨ ᠳᠤ ᠬᠡᠷᠡᠭᠯᠡᠬᠦ ᠠᠷᠭ᠎ᠠ ᠵᠢᠴᠢ ᠭᠠᠯ ᠤᠨᠲᠠᠷᠠᠭᠠᠬᠤ ᠠᠮᠤᠷ ᠲᠦᠪᠰᠢᠨ ᠤ ᠮᠡᠳᠡᠯᠭᠡ ᠶᠢ ᠨᠠᠷᠢᠨ ᠲᠠᠶᠢᠯᠪᠤᠷᠢᠯᠠᠨ ᠥᠭᠴᠦ᠂ ᠣᠯᠠᠨ ᠲᠦᠮᠡᠨ ᠢ ᠬᠥᠲᠥᠯᠦᠨ ᠵᠢᠯᠣᠭᠤᠳᠴᠤ ᠪᠠᠶᠢᠭᠠᠳ ᠴᠠᠬᠢᠯᠭᠠᠨ ᠬᠥᠳᠡᠯᠭᠡᠭᠦᠷᠲᠦ ᠲᠡᠷᠭᠡ ᠶᠢ ᠵᠣᠭᠰᠣᠭᠠᠵᠤ ᠴᠠᠬᠢᠯᠭᠠᠨ ᠴᠡᠨᠡᠭᠯᠡᠬᠦ ᠬᠠᠮᠢᠶ᠎ᠠ ᠪᠥᠬᠦᠶ ᠲᠣᠭᠲᠠᠭᠠᠯ ᠢ ᠤᠬᠠᠮᠰᠠᠷ ᠠᠴᠠ ᠪᠠᠨ ᠵᠢᠷᠤᠮᠯᠠᠭᠤᠯᠤᠨ᠎ᠠ᠃ᠣᠷᠴᠢᠭᠤᠯᠣᠭᠴᠢ᠄  ᠬᠠᠨᠠᠭᠠᠷᠬᠢᠨᠠᠭᠴᠢ᠄  ᠬᠠᠨᠠᠭᠠᠷ
 
ᠢᠷᠡᠯᠲᠡ᠄ ᠱᠠᠩᠳᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004288号-2