ᠱᠠᠩᠳᠤ ᠰᠢᠶᠠᠨ ︽ᠲᠠᠪᠤᠨ ᠶᠡᠭᠡ ᠡᠭᠦᠷᠭᠡ︾ ᠶᠢ ᠨᠠᠶᠢᠳᠠᠪᠤᠷᠢᠵᠢᠭᠤᠯᠬᠤ ᠲᠣᠬᠢᠷᠠᠭᠤᠯᠤᠯᠲᠠ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/8/9
  8 ᠰᠠᠷ᠎ᠠ ᠶᠢᠨ 2 ᠤᠨ ᠡᠳᠦᠷ᠂ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶᠠᠨ ᠤ ᠱᠦᠵᠢ ᠯᠢ ᠶᠠ ᠳ᠋ᠦᠩ ᠱᠠᠩᠳᠤ ᠰᠢᠶᠠᠨ ᠤ ︽ᠲᠠᠪᠤᠨ ᠶᠡᠭᠡ ᠡᠭᠦᠷᠭᠡ︾ ᠶᠢ ᠨᠠᠶᠢᠳᠠᠪᠤᠷᠢᠵᠢᠭᠤᠯᠬᠤ ᠲᠣᠬᠢᠷᠠᠭᠤᠯᠤᠯᠲᠠ ᠶᠢᠨ ᠬᠤᠷᠠᠯ ᠢ ᠡᠷᠭᠢᠯᠡᠨ ᠬᠤᠷᠠᠯᠳᠤᠭᠤᠯᠪᠠ᠃ ᠰᠢᠶᠠᠨ ᠤ ᠤᠳᠤᠷᠢᠳᠤᠯᠭ᠎ᠠ ᠰᠢᠶᠦ᠋ᠩ ᠸᠧᠢ᠂ ᠵᠠᠩ ᠿᠢ ᠭᠤᠤ ᠬᠤᠷᠠᠯ ᠳᠤ ᠣᠷᠣᠯᠴᠠᠪᠠ᠃ ᠡᠯ᠎ᠡ ᠲᠤᠰᠬᠠᠢ ᠲᠦᠷᠦᠯ ᠤᠨ ᠳᠤᠭᠤᠶᠢᠯᠠᠩ ᠤᠨ ᠠᠯᠪᠠᠨ ᠭᠡᠷ᠂ ᠠᠵᠢᠯᠯᠠᠬᠤ ᠳᠤᠭᠤᠶᠢᠯᠠᠩ᠂ ᠭᠤᠣᠯᠳᠠᠯᠭ᠎ᠠ ᠲᠠᠢ ᠡᠭᠦᠷᠭᠡ ᠶᠢ ᠲᠦᠷᠦᠭᠦᠯᠡᠨ ᠬᠢᠬᠦ ᠰᠠᠯᠠᠭ᠎ᠠ ᠮᠥᠴᠢᠷ ᠵᠢᠴᠢ ᠲᠤᠰᠬᠠᠢ ᠲᠦᠷᠦᠯ ᠤᠨ ᠬᠠᠷᠠᠯᠲᠠ ᠶᠢᠨ ᠰᠢᠯᠭᠠᠨ ᠬᠢᠨᠠᠯᠲᠠ ᠳᠤ ᠬᠤᠯᠪᠣᠭᠳᠠᠬᠤ ᠰᠠᠯᠠᠭ᠎ᠠ ᠮᠥᠴᠢᠷ ᠤᠨ ᠭᠤᠣᠯ ᠬᠠᠷᠢᠭᠤᠴᠠᠯᠭᠠᠲᠠᠨ ᠨᠥᠬᠦᠳ ᠬᠤᠷᠠᠯ ᠳᠤ ᠣᠷᠣᠯᠴᠠᠪᠠ᠃    ᠬᠤᠷᠠᠯ ᠠᠴᠠ ᠤᠯᠠᠭᠠᠨᠴᠠᠪ ᠬᠤᠲᠠ ᠶᠢᠨ ︽ᠲᠠᠪᠤᠨ ᠶᠡᠭᠡ ᠡᠭᠦᠷᠭᠡ︾ ᠶᠢ ᠨᠠᠶᠢᠳᠠᠪᠤᠷᠢᠵᠢᠭᠤᠯᠬᠤ ᠲᠣᠬᠢᠷᠠᠭᠤᠯᠤᠯᠲᠠ ᠶᠢᠨ ᠬᠤᠷᠠᠯ ᠤᠨ ᠵᠣᠷᠢᠭ ᠰᠠᠨᠠᠭ᠎ᠠ ᠪᠣᠯᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ ᠤᠨ ︽2024 ᠣᠨ ᠤ ᠬᠤᠰᠢᠭᠤ ᠰᠢᠶᠠᠨ ︵ᠬᠤᠲᠠ᠂ ᠲᠣᠭᠤᠷᠢᠭ︶ ᠤ ᠨᠠᠮ ᠤᠨ ᠬᠤᠷᠢᠶᠠᠨ ᠤ ᠱᠦᠵᠢ ᠶᠢᠨ ︽ᠲᠠᠪᠤᠨ ᠶᠡᠭᠡ ᠡᠭᠦᠷᠭᠡ︾ ᠳᠤ ᠵᠠᠰᠠᠪᠤᠷᠢ ᠣᠷᠣᠭᠤᠯᠵᠤ ᠵᠢᠳᠬᠦᠯ ᠴᠢᠷᠮᠠᠶᠢᠯᠭ᠎ᠠ ᠭᠠᠷᠭᠠᠬᠤ ᠲᠤᠰᠬᠠᠶ ᠬᠠᠷᠠᠯᠲᠠ ᠶᠢ ᠨᠠᠶᠢᠳᠠᠪᠤᠷᠢᠵᠢᠭᠤᠯᠬᠤ ᠲᠤᠬᠠᠶ ᠮᠡᠳᠡᠭᠳᠡᠯ︾ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ 1 - 7 ᠰᠠᠷ᠎ᠠ ᠶᠢᠨ ᠪᠥᠬᠦ ᠰᠢᠶᠠᠨ ᠤ ︽ᠲᠠᠪᠤᠨ ᠶᠡᠭᠡ ᠡᠭᠦᠷᠭᠡ︾ ᠶᠢ ᠨᠠᠶᠢᠳᠠᠪᠤᠷᠢᠵᠢᠭᠤᠯᠬᠤ ᠠᠵᠢᠯ ᠢ ᠠᠬᠢᠭᠤᠯᠤᠭᠰᠠᠨ ᠪᠠᠶᠢᠳᠠᠯ ᠢ ᠵᠠᠷᠯᠠᠨ ᠮᠡᠳᠡᠭᠳᠡᠵᠦ᠂ ᠡᠯ᠎ᠡ ᠲᠤᠰᠬᠠᠶ ᠳᠤᠭᠤᠶᠢᠯᠠᠩ᠂ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠠᠵᠢᠯ ᠢ ᠥᠷᠨᠢᠭᠦᠯᠦᠭᠰᠡᠨ ᠪᠠᠶᠢᠳᠠᠯ ᠢ ᠰᠣᠨᠣᠰᠪᠠ᠃ ᠡᠭᠦᠨ ᠤ ᠬᠠᠮᠲᠤ ᠮᠠᠨ ᠤ ᠰᠢᠶᠠᠨ ᠤ ᠲᠠᠪᠤᠨ ᠶᠡᠭᠡ ᠡᠭᠦᠷᠭᠡ ᠶᠢ ᠪᠡᠶᠡᠯᠡᠭᠦᠯᠬᠦ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠠᠵᠢᠯ ᠤᠨ ᠡᠭᠦᠷᠭᠡ ᠶᠢ ᠲᠠᠬᠢᠨ ᠲᠤᠬᠢᠷᠠᠭᠤᠯᠵᠤ᠂ ᠲᠠᠬᠢᠨ ᠪᠠᠶᠢᠷᠢᠯᠠᠭᠤᠯᠪᠠ᠃ᠣᠷᠴᠢᠭᠤᠯᠣᠭᠴᠢ᠄  ᠬᠠᠨᠠᠭᠠᠷᠬᠢᠨᠠᠭᠴᠢ᠄  ᠬᠠᠨᠠᠭᠠᠷ
 
ᠢᠷᠡᠯᠲᠡ᠄ ᠱᠠᠩᠳᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004288号-2